ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠯ ᠢ ᠠᠬᠢᠭᠤᠯᠵᠤ᠂ ᠰᠠᠭᠤᠭᠠᠯᠢ ᠠᠷᠠᠳ ᠤᠨ ᠣᠶᠤᠨ ᠰᠠᠨᠠᠭ᠎ᠠ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ | ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 13 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠰᠢᠨ | ᠸᠠᠩ ᠨᠡᠶᠢᠭᠡᠮ ᠲᠣᠭᠤᠷᠢᠭ ᠬᠠᠭᠤᠴᠢᠨ ᠲᠣᠭᠤᠷᠢᠭ ᠤᠨ ᠤ ᠰᠠᠨ ᠸᠧᠶ ᠠᠭᠤᠳᠠᠮ ᠲᠠᠯᠠᠪᠠᠶ ᠳᠤ ᠠᠩᠬᠠᠳᠤᠭᠠᠷ | ᠬᠤᠭᠤᠴᠠᠭᠠᠨ ᠤ ︽ᠰᠢᠨ ᠸᠠᠩ ᠤᠨ ᠴᠤᠭ ᠵᠢᠪᠬᠤᠭ᠎ᠠ ᠪᠠᠨ ᠪᠠᠳᠠᠷᠠᠭᠤᠯᠤᠨ ᠢᠷᠡᠭᠡᠳᠦᠶ ᠪᠠᠨ ᠬᠠᠮᠲᠤ ᠪᠠᠷ | ᠵᠢᠷᠤᠭᠯᠠᠶ᠎ᠠ︾ ᠵᠤᠰᠠᠯᠠᠩ ᠤᠨ ᠤᠷᠠᠨ ᠰᠠᠶᠢᠬᠠᠨ ᠤ ᠦᠳᠡᠰᠢᠯᠡᠭᠡ ᠵᠢᠴᠢ ᠨᠡᠶᠢᠭᠡᠮ ᠲᠣᠭᠤᠷᠢᠭ ᠤᠨ ᠬᠠᠮᠲᠤ ᠶᠢᠨ ᠠᠵᠤ | ᠠᠬᠤᠶ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ ᠰᠢᠭᠤᠶᠢᠲᠤ ᠲᠤᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠢ ᠪᠣᠯᠤᠨ ᠭᠡᠷ ᠲᠡᠭᠡᠨ ᠪᠠᠶᠢᠭ᠎ᠠ ᠪᠤᠰᠤᠳ ᠰᠢᠶᠠᠨ ᠤ | ᠱᠠᠲᠤᠨ ᠤ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠨᠢᠭᠡᠴᠢ ᠶᠢᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠡᠷᠭᠢᠨ ᠲᠣᠭᠤᠷᠢᠨ ᠤ 500 ᠭᠠᠷᠤᠶ ᠣᠯᠠᠨ ᠲᠦᠮᠡᠨ | ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠲᠣᠭᠯᠠᠯᠲᠠ ᠶᠢ ᠰᠣᠨᠢᠷᠬᠠᠪᠠ᠃ | ᠠᠵᠢᠯᠯᠠᠭ᠎ᠠ ᠶᠢ ᠬᠤᠶᠠᠷ ᠱᠠᠲᠤ ᠬᠤᠪᠢᠶᠠᠨ ᠶᠠᠪᠤᠭᠳᠠᠭᠤᠯᠪᠠ᠃ ᠨᠢᠭᠡᠳᠦᠭᠡᠷ ᠱᠠᠲᠤ᠂ ᠡᠬᠢᠯᠡᠯᠲᠡ ᠶᠢᠨ | ᠶᠣᠰᠣᠯᠠᠯ ᠡᠬᠢᠯᠡᠬᠦ ᠳᠤ᠂ ᠡᠩ ᠲᠡᠷᠢᠭᠦᠨ ᠳᠤ ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ | ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠹᠧᠩ ᠵᠢᠶᠠ ᠾᠦᠢ ᠪᠠᠶᠠᠷ ᠤᠨ ᠦᠭᠡ ᠬᠡᠯᠡᠪᠡ᠃ ᠹᠧᠩ ᠵᠢᠶᠠ | ᠾᠦᠢ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠬᠤᠭᠤᠴᠠᠭᠠᠨ ᠳᠤ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ | ᠵᠢᠯᠣᠭᠤᠳᠣᠯᠭ᠎ᠠ ᠳᠣᠤᠷ᠎ᠠ᠂ ᠲᠣᠭᠤᠷᠢᠭ ᠤᠨ ᠠᠷᠠᠳ ᠤᠨ ᠶᠠᠪᠤᠳᠠᠯ ᠪᠠ ᠴᠡᠷᠢᠭ ᠠᠴᠠ ᠬᠠᠯᠠᠭᠳᠠᠭᠰᠠᠳ ᠤᠨ ᠬᠡᠷᠡᠭ | ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠤᠯᠭ᠎ᠠ ᠶᠢᠨ | ᠶᠠᠪᠤᠳᠠᠯ ᠤᠨ ᠲᠥᠪ᠂ ᠡᠳ᠋ ᠤᠨ ᠵᠠᠰᠠᠭ ᠤᠨ ᠲᠣᠪᠴᠢᠶ᠎ᠠ ᠶᠢᠨ ᠤᠯᠤᠰ ᠤᠨ ᠡᠳ᠋ ᠬᠥᠷᠥᠩᠭᠡ ᠶᠢᠨ ᠰᠣᠯᠢᠯᠴᠠᠭ᠎ᠠ | ᠬᠠᠮᠲᠤᠷᠠᠯᠴᠠᠭᠠᠨ ᠤ ᠲᠥᠪ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠳᠣᠤᠷ᠎ᠠ᠂ | ᠰᠢᠭᠤᠶᠢᠲᠤ ᠲᠣᠭᠤᠷᠢᠭ ᠤᠨ ᠠᠩᠬᠠᠳᠠᠭᠴᠢ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢᠨ ᠰᠢᠨ ᠸᠠᠩ | ᠸᠧᠢ ᠯᠠᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠠᠯᠠᠮᠵᠢᠯᠠᠨ | ᠬᠠᠶᠢᠷᠠᠯᠠᠵᠤ᠂ ᠺᠣᠮᠫᠠᠨᠢ ᠶᠢᠨ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠳᠤ ᠬᠤᠨᠤᠭ ᠪᠠᠭᠤᠳᠠᠯ᠂ ᠢᠳᠡᠭᠡᠨ | ᠤᠮᠳᠠᠭᠠᠨ᠂ ᠵᠢᠭᠤᠯᠴᠢᠯᠠᠯ᠂ ᠰᠣᠶᠣᠯ ᠤᠷᠠᠯᠢᠭ ᠤᠨ ᠰᠣᠯᠢᠯᠴᠠᠭ᠎ᠠ ︵ᠺᠢᠨᠣ᠋ ᠲᠧᠯᠸᠢᠰ︶᠂ ᠠᠳᠠᠯ ᠠᠬᠤᠶ ᠶᠢᠨ | ᠬᠠᠮᠢᠶᠠᠷᠤᠯᠲᠠ᠂ ᠨᠠᠰᠤᠵᠢᠯ ᠤᠨ ᠠᠰᠠᠷᠠᠮᠵᠢ᠂ ᠬᠡᠷ ᠤᠨ ᠶᠠᠪᠤᠳᠠᠯ ᠵᠡᠷᠭᠡ ᠦᠢᠯᠡᠴᠢᠯᠡᠭᠡ ᠶᠢ ᠬᠠᠮᠤᠷᠴᠤ᠂ ᠣᠯᠤᠭᠰᠠᠨ | ᠠᠰᠢᠭ ᠣᠯᠵᠠᠪᠤᠷᠢ ᠨᠢ ᠦᠷᠭᠦᠯᠵᠢᠯᠡᠨ ᠨᠡᠶᠢᠭᠡᠮ ᠲᠣᠭᠤᠷᠢᠭ ᠤᠨ ᠬᠥᠭᠵᠢᠯᠲᠡ ᠶᠢ ᠳᠡᠮᠵᠢᠵᠦ᠂ ᠨᠡᠶᠢᠭᠡᠮ | ᠲᠣᠭᠤᠷᠢᠭ ᠲᠤ ᠬᠡᠷᠡᠭᠯᠡᠬᠦ ᠪᠣᠯᠤᠨ᠎ᠠ᠃ ᠡᠬᠢᠯᠡᠯᠲᠡ ᠶᠢᠨ ᠶᠣᠰᠣᠯᠠᠯ ᠤᠨ ᠡᠴᠦᠰ ᠲᠤ᠂ ᠢᠷᠡᠭᠰᠡᠨ ᠵᠣᠴᠢᠳ ᠤᠨ | ᠭᠡᠷᠡᠴᠢᠯᠡᠯ ᠪᠣᠯᠤᠨ ᠰᠠᠭᠤᠭᠠᠯᠢ ᠠᠷᠠᠳ ᠤᠨ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠬᠤᠷᠠᠯ ᠳᠤ | ᠣᠷᠣᠯᠴᠠᠭᠰᠠᠨ ᠬᠤᠯᠪᠣᠭᠳᠠᠯ ᠪᠦᠬᠦᠢ ᠤᠳᠤᠷᠢᠳᠤᠯᠭ᠎ᠠ ᠬᠠᠮᠲᠤ ᠪᠠᠷ ᠲᠠᠶᠢᠰᠠᠨ ᠳᠤ ᠭᠠᠷᠴᠤ ᠡᠬᠢᠯᠡᠯᠲᠡ ᠶᠢᠨ | ᠳᠠᠷᠤᠪᠴᠢ ᠶᠢ ᠳᠠᠷᠤᠵᠤ᠂ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ ᠬᠠᠮᠲᠤ ᠶᠢᠨ | ᠠᠵᠤ ᠠᠬᠤᠢ ᠶᠢᠨ ᠲᠦᠷᠦᠯ ᠵᠦᠢᠯ ᠵᠢᠩᠬᠢᠨᠢ ᠪᠠᠷ ᠳᠠᠷᠪᠠᠭᠤᠯ ᠬᠡᠶᠢᠰᠬᠡᠨ ᠠᠶᠠᠯᠠᠭᠰᠠᠨ ᠢ ᠬᠠᠷᠠᠭᠤᠯᠵᠤ ᠪᠠᠶᠢᠨ᠎ᠠ᠃ | ᠬᠤᠶᠠᠳᠤᠭᠠᠷ ᠱᠠᠲᠤ᠂ ᠭᠤᠶᠢᠳᠠ ᠰᠠᠶᠢᠬᠠᠨ ᠡᠬᠢᠯᠡᠯᠲᠡ ᠶᠢᠨ ᠳᠠᠭᠤᠤ ᠬᠥᠭᠵᠢᠮ ᠢ ᠳᠠᠭᠠᠯᠳᠤᠨ᠂ ᠤᠷᠠᠨ | ᠰᠠᠶᠢᠬᠠᠨ ᠤ ᠦᠳᠡᠰᠢᠯᠡᠭᠡ ᠵᠢᠩᠬᠢᠨᠢ ᠪᠠᠷ ᠡᠬᠢᠯᠡᠪᠡ᠃ ︽ᠳᠤᠮᠳᠠᠳᠤ ᠤᠯᠤᠰ ᠤᠨ ᠬᠡᠪ ᠨᠠᠮᠪᠠ︾ ᠭᠡᠬᠦ ᠪᠦᠵᠢᠭ ᠢᠶᠠᠷ | ᠡᠬᠢᠯᠡᠭᠦᠯᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠣᠮᠤᠭ ᠪᠠᠭ᠋ᠠᠳᠤᠯ ᠪᠠ ᠢᠲᠡᠭᠡᠯ ᠢ ᠢᠯᠡᠷᠡᠭᠦᠯᠵᠦ᠂ | ᠳᠤᠮᠳᠠᠳᠤ ᠶᠢᠨ ᠰᠣᠶᠣᠯ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠪᠡ︔ ᠳᠠᠭᠤᠤ ︽ᠮᠠᠨ ᠤ ᠡᠬᠡ ᠤᠯᠤᠰ ᠤᠨ | ᠢᠷᠠᠭᠤ ᠰᠠᠶᠢᠬᠠᠨ ᠲᠠᠭᠤᠯᠠᠯ︾ ᠭᠡᠬᠦ ᠳᠠᠭᠤᠤ ᠶᠢ ᠬᠠᠩᠭᠢᠨᠠᠲᠠᠯ᠎ᠠ ᠰᠣᠨᠣᠰᠴᠤ᠂ ᠡᠬᠡ ᠤᠯᠤᠰ ᠲᠤ ᠪᠠᠨ ᠭᠦᠨ | ᠬᠠᠶᠢᠷ᠎ᠠ ᠰᠡᠳᠬᠢᠯᠭᠡ ᠲᠠᠢ ᠪᠠᠶᠢᠬᠤ ᠪᠠᠨ ᠢᠯᠡᠳᠬᠡᠪᠡ︔ ᠤᠯᠤᠰ ᠤᠨ ᠨᠢᠭᠡᠳᠦᠭᠡᠷ ᠳᠡᠰ ᠤᠨ ᠲᠤᠭᠯᠠᠭᠴᠢ ᠶᠢᠨ | ᠷᠦᠸᠧ ᠭᠠᠩ ᠤᠨ ᠠᠪᠴᠢᠷᠠᠭᠰᠠᠨ ᠬᠥᠭᠵᠢᠮ ︽ᠤᠯᠤᠰ ᠤᠨ ᠬᠡᠦᠬᠡᠳ ᠤᠨ ᠡᠵᠢ︾ ᠶᠢ ᠤᠶᠠᠩᠭᠠᠯᠠᠵᠤ᠂ | ᠲᠤᠬᠠᠢ ᠶᠢᠨ ᠲᠠᠯᠠᠪᠠᠢ ᠶᠢᠨ ᠦᠵᠡᠭᠴᠢᠳ ᠤᠯᠤᠰ ᠤᠨ ᠬᠡᠦᠬᠡᠳ ᠪᠣᠯᠤᠨ ᠲᠠᠯ᠎ᠠ ᠨᠤᠲᠤᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠥᠮᠦᠨ ᠤ | ᠶᠢᠷᠲᠢᠨᠴᠦ ᠶᠢᠨ ᠦᠨᠡᠨ ᠰᠡᠳᠬᠢᠯᠭᠡ ᠶᠢ ᠮᠡᠳᠡᠷᠡᠭᠰᠡᠨ︔ ᠬᠤᠶᠠᠷ ᠤᠲᠠᠰᠤᠲᠤ ᠬᠤᠭᠤᠷ ᠤᠨ ᠭᠤᠴᠣᠯᠠᠯ ᠬᠥᠭᠵᠢᠮ ︽ | ᠪᠠᠶᠠᠰᠬᠤᠯᠠᠩᠲᠤ ᠪᠥᠵᠢᠭ ᠤᠨ ᠲᠠᠪᠴᠠᠩ︾ ᠨᠢ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠢ ᠳᠡᠯᠭᠡᠨ | ᠦᠵᠡᠭᠦᠯᠪᠡ︔ ︽ᠮᠡᠬᠡᠯᠡᠯ ᠢ ᠡᠰᠡᠷᠭᠦᠴᠡᠬᠦ ᠭᠤᠷᠪᠠᠨ ᠥᠭᠦᠯᠡᠪᠦᠷᠢ ᠬᠠᠭᠠᠰ︾ ᠨᠢ ᠰᠠᠭᠤᠭᠠᠯᠢ ᠠᠷᠠᠳ ᠢ ᠮᠡᠬᠡᠯᠡᠯ ᠢ | ᠰᠡᠷᠭᠡᠶᠢᠯᠡᠬᠦ ᠮᠡᠳᠡᠯᠭᠡ ᠬᠦᠷᠲᠡᠭᠡᠪᠡ︔ ᠨᠢᠭᠤᠴᠠᠭᠠᠢ ᠪᠥᠭᠡᠳ ᠬᠥᠮᠦᠰ ᠤᠨ ᠪᠠᠭ᠋ᠠᠷᠬᠠᠯ ᠢ ᠲᠠᠲᠠᠮ᠎ᠠ ᠶᠧᠯᠸᠢ ᠶᠢᠨ | ᠲᠣᠭᠯᠠᠯᠲᠠ ᠨᠢ ︽ᠪᠠᠶᠠᠷ ᠪᠠᠶᠠᠰᠬᠤᠯᠠᠩᠲᠤ ᠴᠠᠭ ᠦᠶ᠎ᠡ︾ ᠶᠢᠨ ᠷᠢᠳᠢ ᠰᠢᠳᠢ ᠶᠢ ᠭᠠᠶᠢᠬᠠᠭᠤᠯᠪᠠ︔ ᠠᠯᠳᠠᠷᠲᠤ | ᠳᠠᠭᠤᠤ ᠬᠥᠭᠵᠢᠮᠴᠢᠨ ᠲᠢᠶᠠᠨ ᠵᠢᠶᠦ᠋ᠨ ᠨᠠᠷ ᠬᠦᠷᠦᠯᠴᠡᠨ ᠢᠷᠡᠵᠦ ᠳᠠᠭᠤᠤ ︽ᠳᠤᠲᠤᠨᠤ ᠬᠤᠶᠠᠷ ᠬᠥᠮᠦᠨ ᠤ | ᠲᠠᠶᠢᠰᠠ︾᠂ ︽ᠬᠠᠶᠢᠷ᠎ᠠ ᠰᠡᠳᠬᠢᠯᠭᠡ ᠪᠠᠨ ᠪᠤᠭᠤᠲᠤ ᠳᠤ ᠦᠯᠡᠳᠡᠭᠡᠶ᠎ᠡ︾ ᠭᠡᠬᠦ ᠳᠠᠭᠤᠤ ᠶᠢ ᠬᠠᠪᠰᠤᠷᠤᠨ | ᠳᠠᠭᠤᠯᠠᠵᠤ᠂ ᠪᠤᠭᠤᠲᠤ ᠶᠢᠨ ᠬᠦᠮᠦᠨ ᠪᠦᠬᠦᠨ ᠤ ᠨᠤᠲᠤᠭ ᠤᠰᠤ ᠪᠠᠨ ᠬᠠᠶᠢᠷᠠᠯᠠᠬᠤ ᠰᠡᠳᠭᠢᠯᠭᠡ ᠶᠢ ᠬᠠᠩᠭᠢᠨᠠᠭᠤᠯᠵᠤ᠂ | ᠦᠳᠡᠰᠢᠯᠡᠭᠡ ᠶᠢ ᠣᠷᠭᠢᠯ ᠳᠤ ᠨᠢ ᠬᠦᠷᠭᠡᠪᠡ︔ ᠲᠦᠷᠪᠡᠯᠡᠯ ᠳᠠᠭᠤᠤ ︽ᠠᠶᠠᠯᠠᠯ ᠢᠶᠠᠨ ᠡᠬᠢᠯᠡᠭᠦᠯᠬᠦ ᠪᠤᠭᠤᠲᠤ ᠶᠢᠨ | ᠪᠤᠯᠤᠳ ᠲᠡᠮᠤᠷ ᠤᠨ ᠺᠣᠮᠫᠠᠨᠢ︾ ᠨᠢ ᠰᠢᠨ᠎ᠡ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ | ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠭᠡᠷᠡᠴᠢᠯᠡᠵᠦ᠂ ᠰᠢᠭᠤᠶᠢᠲᠦ ᠲᠤᠭᠤᠷᠢᠭ ᠤᠨ ᠬᠦᠮᠦᠰ ᠢ ᠲᠤᠬᠠᠢ ᠶᠢᠨ | ᠵᠢᠯ ᠤᠨ ᠨᠡᠭᠦᠷᠡᠰᠦᠨ ᠤ ᠠᠭᠤᠷᠬᠠᠢ ᠮᠠᠯᠲᠠᠬᠤ ᠲᠠᠯᠠᠪᠠᠶ ᠳᠠᠬᠢ ᠬᠥᠷ ᠬᠥᠭᠵᠢᠶᠡᠨ ᠲᠠᠢ ᠦᠢᠯᠡᠳᠪᠦᠷᠢᠯᠡᠯ ᠤᠨ | ᠪᠠᠶᠢᠳᠠᠯ ᠳᠠᠭᠠᠨ ᠪᠤᠴᠠᠵᠤ ᠢᠷᠡᠭᠰᠡᠨ ᠰᠢᠭ ᠪᠣᠯᠭᠠᠪᠠ︔ ᠳᠠᠭᠤᠤ ︽ᠠᠮᠢᠵᠢᠷᠠᠯ ᠤᠨ ᠬᠦᠴᠦᠨ︾᠂ ︽ | ᠤᠯᠠᠭᠠᠨᠪᠠᠭᠠᠲᠤᠷ ᠤᠨ ᠰᠥᠨᠢ︾᠂ ︽ᠴᠡᠯᠡᠭᠡᠷ ᠳᠠᠭᠤᠤ︾᠂ ︽ᠪᠠᠶᠢᠭᠠᠯ ᠨᠠᠭᠤᠷ ᠤᠨ ᠬᠥᠪᠡᠭᠡ︾᠂ ︽ᠠᠷᠠᠳ ᠤᠨ | ᠰᠡᠳᠬᠢᠯ ᠢ ᠣᠯᠤᠭᠰᠠᠳ ᠳᠡᠯᠡᠬᠡᠢ ᠳ᠋ᠠᠬᠢᠨ ᠢ ᠤᠯᠤᠨ᠎ᠠ︾ ᠵᠢᠴᠢ ᠪᠥᠵᠢᠭ ︽ᠪᠢ ᠪᠣᠯᠤᠨ ᠮᠢᠨᠦ ᠡᠬᠡ ᠤᠯᠤᠰ︾ | ᠵᠡᠷᠭᠡ ᠭᠠᠶᠢᠬᠠᠮᠰᠢᠭᠲᠤ ᠦᠵᠡᠭᠳᠡᠯ ᠢᠯᠡᠷᠡᠭᠰᠡᠨ ᠪᠠᠶᠢᠨ᠎ᠠ᠃ ᠦᠵᠡᠭᠴᠢᠳ ᠶᠡᠬᠡᠪᠡᠷ ᠨᠢᠳᠦ ᠪᠠᠨ ᠪᠠᠶᠠᠰᠬᠠᠵᠤ᠂ | ᠲᠣᠭᠯᠠᠯᠲᠠ ᠰᠣᠨᠢᠷᠬᠠᠬᠤ ᠶᠢᠨ ᠳᠠᠭᠠᠤ ᠪᠠᠶᠢᠨ ᠪᠠᠶᠢᠨ ᠭᠠᠷ ᠤᠲᠠᠰᠤ ᠪᠠᠨ ᠭᠠᠷᠭᠠᠵᠤ ᠭᠤᠶᠢᠳᠠ ᠰᠠᠶᠢᠬᠠᠨ ᠴᠠᠭ | ᠮᠥᠴᠡ ᠶᠢ ᠰᠡᠭᠦᠳᠡᠷᠯᠡᠨ ᠠᠪᠴᠦ᠂ ᠰᠣᠶᠣᠯ ᠤᠷᠠᠯᠢᠭ ᠤᠨ ᠦᠪᠡᠳᠡᠭᠰᠢ ᠨᠠᠶᠢᠷ ᠲᠤ ᠬᠠᠮᠲᠤᠪᠠᠷ ᠤᠷᠤᠯᠴᠠᠪᠠ᠃ | ᠰᠠᠭᠤᠭᠠᠯᠢ ᠠᠷᠠᠳ᠄ ᠲᠤᠰ ᠤᠳᠠᠭᠠᠨ ᠤ ᠤᠷᠠᠨ ᠰᠠᠶᠢᠬᠠᠨ ᠤ ᠦᠳᠡᠰᠢᠯᠡᠭᠡ ᠶᠢᠨ ᠲᠦᠷᠦᠯ ᠵᠦᠢᠯ ᠤᠯᠠᠨ᠂ | ᠲᠣᠭᠯᠠᠭᠴᠢᠳ ᠤᠨ ᠲᠤᠭᠯᠠᠬᠤ ᠴᠢᠳᠠᠪᠤᠷᠢ ᠪᠠᠷ ᠴᠢᠩᠭ᠎ᠠ᠂ ᠨᠡᠷᠡᠲᠦ ᠬᠦᠮᠦᠰ ᠭᠦᠷᠦᠯᠴᠠᠨ ᠢᠷᠡᠵᠦ ᠬᠠᠪᠰᠤᠷᠴᠤ᠂ | ᠡᠶᠢᠮᠦᠷᠬᠦ ᠭᠤᠶᠢᠳᠠ ᠰᠠᠶᠢᠬᠠᠨ ᠠᠵᠢᠯᠯᠠᠭ᠎ᠠ ᠶᠢ ᠢᠯᠡᠭᠦᠬᠡᠨ ᠡᠷᠬᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃ | ᠦᠳᠡᠰᠢᠯᠡᠭᠡ ᠶᠢᠨ ᠲᠤᠬᠠᠶ ᠶᠢᠨ ᠲᠠᠯᠠᠪᠠᠶ ᠳᠤ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ | ᠨᠢᠭᠡᠴᠢ ᠨᠦᠭᠦᠳ ᠪᠠᠰᠠ ᠲᠠᠪᠴᠠᠩ ᠤᠨ ᠬᠠᠵᠠᠭᠤ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠠᠪᠴᠠᠩ | ᠭᠠᠷᠭᠠᠵᠤ᠂ ᠤᠬᠠᠭᠤᠯᠭ᠎ᠠ ᠶᠢᠨ ᠭᠠᠷ ᠳᠡᠪᠲᠡᠷ᠂ ᠴᠡᠭ ᠬᠠᠷᠠᠭᠠᠯᠵᠠᠭᠤᠯᠤᠨ ᠰᠡᠵᠢᠭ ᠢ ᠲᠠᠶᠢᠯᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ᠨᠡᠶᠢᠭᠡᠮ ᠤᠨ ᠠᠪᠤᠷᠠᠨ ᠲᠤᠰᠠᠯᠠᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ | ᠨᠢᠭᠦᠯᠡᠰᠦᠩᠭᠦᠶ ᠶᠢᠨ ᠬᠠᠪᠰᠤᠷᠤᠨ ᠲᠡᠳᠬᠦᠬᠦ ᠪᠠ ᠠᠮᠤᠷ ᠲᠦᠪᠰᠢᠨ ᠤ ᠮᠡᠬᠡᠯᠡᠯ ᠢ ᠰᠡᠷᠭᠡᠶᠢᠯᠡᠬᠦ ᠵᠡᠷᠭᠡ ᠠᠭᠤᠯᠭ᠎ᠠ ᠶᠢ | ᠲᠤᠬᠠᠶ ᠶᠢᠨ ᠲᠠᠯᠠᠪᠤᠷ ᠲᠤ ᠤᠬᠠᠭᠤᠯᠵᠤ᠂ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ | ᠨᠡᠶᠢᠲᠡ 2100 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠳᠤ | 260 ᠬᠥᠮᠦᠨ ᠤᠳᠠᠭ᠎ᠠ ᠬᠠᠷᠢᠭᠤᠯᠲᠠ ᠥᠭᠴᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ | ᠣᠶᠢᠯᠠᠭᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠪᠡ᠃ | ᠲᠤᠰ ᠤᠳᠠᠭᠠᠨ ᠤ ᠠᠵᠢᠯᠯᠠᠭ᠎ᠠ ᠪᠣᠯ ᠰᠢᠭᠤᠶᠢᠲᠤ ᠲᠤᠭᠤᠷᠢᠭ ᠤᠨ ᠬᠤᠪᠢᠰᠬᠠᠯ ᠤᠨ ᠡᠷᠲᠡ | ᠴᠢᠯᠥᠭᠡᠯᠡᠭᠳᠡᠭᠰᠡᠨ ᠣᠷᠣᠨ 2014 ᠣᠨ ᠳᠤ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠭᠦᠢ | ᠲᠤ ᠲᠣᠭᠤᠷᠢᠭ ᠲᠤ ᠨᠡᠭᠦᠵᠦ ᠢᠷᠡᠭᠡᠳ ᠠᠷᠪᠠᠨ ᠵᠢᠯ ᠤᠨ ᠲᠤᠷᠰᠢ ᠠᠩᠬ᠎ᠠ ᠤᠳᠠᠭ᠎ᠠ ᠲᠣᠮᠣ ᠬᠡᠯᠪᠡᠷᠢ ᠶᠢᠨ ᠤᠷᠠᠨ | ᠰᠠᠶᠢᠬᠠᠨ ᠤ ᠦᠳᠡᠰᠢᠯᠡᠭᠡ ᠶᠢ ᠡᠷᠬᠢᠯᠡᠵᠦ᠂ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠪᠣᠯᠪᠠᠰᠤᠨ ᠡᠶ᠎ᠡ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ | ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠢ ᠨᠡᠮᠡᠭᠳᠡᠭᠦᠯᠦᠭᠰᠡᠨ ᠪᠠᠶᠢᠨ᠎ᠠ᠃ | ᠵᠠᠯᠭᠠᠭᠠᠳ᠂ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠰᠠᠭᠤᠭᠠᠯᠢ ᠠᠷᠠᠳ ᠤᠨ | ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠪᠣᠯᠤᠨ ᠡᠯ᠎ᠡ ᠲᠥᠷᠥᠯ ᠤᠨ ᠵᠣᠬᠢᠶᠠᠨ | ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢᠨ | ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ ᠲᠠᠰᠤᠷᠠᠯᠲᠠ ᠤᠢᠭᠡᠢ ᠥᠷᠭᠡᠳᠬᠡᠵᠦ᠂ ᠰᠠᠭᠤᠭᠠᠯᠢ ᠠᠷᠠᠳ ᠤᠨ | ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠡᠯ᠎ᠡ ᠲᠥᠷᠥᠯ ᠤᠨ ᠰᠣᠶᠣᠯ ᠲᠠᠮᠢᠷ ᠤᠨ ᠠᠵᠢᠯᠯᠠᠭ᠎ᠠ ᠪᠠ ᠳᠥᠭᠦᠮ | ᠳᠥᠲᠡ ᠴᠢᠨᠠᠷ ᠰᠠᠶᠢᠲᠠᠶ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠲᠤ ︽ | ᠰᠣᠶᠣᠯ ᠤᠨ ᠦᠪᠡᠳᠡᠭᠰᠢ ᠨᠠᠶᠢᠷ︾ ᠪᠠ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠦᠷᠭᠡᠵᠦ᠂ ᠨᠡᠶᠢᠭᠡᠮ | ᠲᠣᠭᠤᠷᠢᠭ ᠤᠨ ᠬᠠᠮᠲᠤ ᠶᠢᠨ ᠠᠵᠤ ᠠᠬᠤᠶ ᠪᠠᠷ ᠠᠷᠠᠳ ᠤᠨ ᠠᠮᠢᠳᠤᠷᠠᠯ ᠢ ᠲᠡᠳᠬᠦᠬᠦ ᠤᠭ ᠰᠠᠨᠠᠭ᠎ᠠ ᠪᠠ ᠡᠭᠦᠷᠭᠡ | ᠬᠠᠷᠢᠭᠤᠴᠠᠯᠭ᠎ᠠ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ᠃ | ︽ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠨᠢ ᠨᠠᠮ ᠤᠨ ᠪᠠᠶᠢᠭᠤᠯᠤᠯᠲᠠ ᠪᠠᠷ | ᠬᠦᠳᠦᠯᠦᠨ ᠳᠠᠭᠠᠭᠤᠯᠬᠤ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠢ | ᠭᠦᠢᠴᠡᠳ ᠨᠡᠶᠢᠳᠬᠡᠵᠦ᠂ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ | ᠶᠡᠬᠡᠪᠡᠷ ᠪᠤᠶᠢᠵᠢᠭᠤᠯᠵᠤ᠂ ᠬᠦᠳᠦᠯᠦᠨ ᠵᠢᠯᠣᠭᠤᠳᠴᠤ᠂ ᠵᠣᠷᠢᠭᠵᠢᠭᠤᠯᠵᠤ᠂ ᠤᠷᠢᠳᠠᠪᠠᠷ ᠬᠡᠷᠡᠭᠵᠢᠭᠦᠯᠵᠦ ᠤᠷᠢᠳᠠᠪᠠᠷ | ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠲᠡᠦᠬᠡ | ᠰᠣᠶᠣᠯ ᠤᠨ ᠡᠬᠢ ᠪᠠᠶᠠᠯᠢᠭ ᠢ ᠠᠵᠤ ᠦᠢᠯᠡᠰ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠨᠡᠶᠢᠭᠡᠮ | ᠲᠣᠭᠤᠷᠢᠭ ᠤᠨ ᠬᠠᠮᠲᠤ ᠶᠢᠨ ᠠᠵᠤ ᠠᠬᠤᠢ ᠶᠢᠨ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ | ᠬᠥᠭᠵᠢᠭᠡᠵᠦ᠂ ᠬᠠᠮᠲᠤ ᠪᠠᠷ ᠪᠠᠶᠠᠵᠢᠵᠤ ᠬᠠᠮᠳᠤ ᠪᠠᠷ ᠡᠳ᠋ᠯᠡᠬᠦ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠶ᠎ᠠ︾ ᠭᠡᠵᠦ | ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠬᠠᠰ ᠢᠲᠡᠭᠡᠯ ᠳᠦᠭᠦᠷᠡᠩ ᠬᠡᠯᠡᠪᠡ᠃ | | |