ᠣᠯᠠᠨ ᠠᠷᠭ᠎ᠠ ᠬᠡᠮᠵᠢᠶ᠎ᠡ ᠠᠪᠴᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠰᠠᠭᠤᠷᠢ ᠮᠥᠩᠭᠦ ᠶᠢᠨ ᠰᠡᠵᠢᠭ ᠲᠠᠢ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠨ᠎ᠠ
ᠨᠡᠶᠢᠲᠡᠯᠡᠭᠰᠡᠨ ᠴᠠᠭ᠄
2024/8/30
         ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠠᠭᠤᠷᠢ ᠮᠥᠩᠭᠦ ᠶᠢᠨ ᠰᠡᠵᠢᠭᠲᠡᠢ ᠭᠠᠵᠠᠷ ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠴᠢᠮ ᠮᠡᠳᠡᠭᠳᠡᠯ ᠢ ᠦᠨᠳᠦᠰᠦᠯᠡᠨ᠂ ᠮᠠᠨ ᠤ ᠲᠣᠪᠴᠢᠶ᠎ᠠ ᠲᠣᠭᠠᠴᠢᠯᠠᠭᠰᠠᠨ ᠰᠢᠮᠳᠠᠭᠤᠯᠤᠨ ᠪᠠᠶᠢᠴᠠᠭᠠᠬᠤ ᠲᠠᠪᠴᠠᠩ ᠤᠨ ᠨᠠᠷᠢᠨ ᠳᠠᠩᠰᠠ ᠲᠠᠢ ᠬᠠᠷᠭᠤᠭᠤᠯᠵᠤ᠂ ᠲᠤᠭ᠎ᠠ ᠪᠠᠷᠢᠮᠲᠠ ᠶᠢ ᠬᠠᠷᠢᠴᠠᠭᠤᠯᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠤᠷ ᠲᠤᠨᠢ ᠬᠠᠷᠭᠤᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠬᠢᠨᠠᠮᠠᠭᠠᠢ ᠥᠷᠨᠢᠭᠦᠯᠦᠨ᠂ ᠰᠡᠵᠢᠭ ᠲᠠᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠢᠯᠭᠠᠷᠠᠭᠤᠯᠤᠨ ᠴᠡᠭᠴᠡᠯᠡᠵᠦ᠂ ᠰᠢᠰᠲ᠋ᠧᠮ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠪᠦᠲᠦᠮᠵᠢᠲᠡᠢ ᠪᠠᠶᠢᠬᠤ ᠶᠢ ᠪᠠᠲᠤᠯᠠᠨ ᠂ ᠲᠤᠰ ᠤᠳᠠᠭᠠᠨ ᠤ ᠰᠡᠵᠢᠭ ᠲᠠᠢ ᠭᠠᠵᠠᠷ ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠠᠵᠢᠯ ᠢᠶᠠᠷ ᠳᠠᠮᠵᠢᠭᠤᠯᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠭᠠᠷᠲᠠᠨ ᠭᠦᠢᠴᠡᠳᠬᠡᠬᠦ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯᠲᠠᠨ ᠤ ᠲᠤᠭ᠎ᠠ ᠪᠠᠷᠢᠮᠲᠠ ᠶᠢ ᠵᠠᠳᠠᠯᠤᠨ ᠡᠷᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠤ ᠲᠤᠭ᠎ᠠ ᠪᠠᠷᠢᠮᠲᠠ ᠶᠢ ᠥᠩᠭᠡᠷᠡᠭᠰᠡᠨ ᠬᠤᠭᠤᠴᠠᠭᠠᠨ ᠳᠤ ᠬᠠᠷᠭᠤᠭᠤᠯᠤᠨ ᠪᠠᠶᠢᠴᠠᠭᠠᠵᠤ᠂ ︽ᠰᠡᠵᠢᠭ ᠲᠠᠢ ᠪᠣᠯ ᠵᠠᠪᠠᠯ ᠪᠠᠶᠢᠴᠠᠭᠠᠬᠤ᠂ ᠲᠤᠶᠢᠯᠪᠤᠷᠢᠲᠠᠢ ᠪᠠᠶᠢᠴᠠᠭᠠᠬᠤ︾ ᠵᠠᠷᠴᠢᠮ ᠢ ᠪᠠᠷᠢᠮᠲᠠᠯᠠᠨ᠂ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠠᠵᠢᠯᠯᠠᠭᠠᠨ ᠢ ᠦᠨᠡᠨ ᠬᠦ ᠪᠠᠲᠤᠯᠠᠪᠠ᠃
1721985216955080044.jpeg
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号