ᠡᠨᠡ ᠵᠢᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢᠭᠤᠶᠢᠲᠤ ᠲᠣᠭᠤᠷᠢᠭ ᠨᠠᠮ ᠤᠨ ᠬᠤᠷᠢᠳᠤᠭᠠᠷ ᠶᠡᠭᠡ ᠬᠤᠷᠠᠯ᠂ | ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ | ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ | ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠬᠥᠭᠵᠢᠯᠲᠡ ᠶᠢᠨ ᠪᠠᠶᠢᠳᠠᠯ ᠲᠠᠢ ᠪᠠᠶᠢᠨ᠎ᠠ᠃ | ᠳᠡᠭᠡᠷ᠎ᠡ ᠬᠠᠭᠠᠰ ᠵᠢᠯ ᠳᠤ᠂ ᠪᠦᠭᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ 44.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 15.2 % ᠢᠶᠠᠷ ᠨᠡᠮᠡᠭᠳᠡᠵᠦ᠂ ᠪᠦᠭᠦ ᠬᠤᠲᠠ ᠶᠢᠨ ᠬᠤᠶᠠᠳᠤᠭᠠᠷ ᠲᠤ ᠣᠷᠣᠪᠠ︔ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 28796 ᠲᠥᠭᠦᠷᠢᠭ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 4.1 % ᠪᠠᠷ ᠨᠡᠮᠡᠭᠳᠡᠵᠦ᠂ ᠪᠦᠭᠦ ᠬᠤᠲᠠ ᠶᠢᠨ ᠳᠥᠷᠪᠡᠳᠦᠭᠡᠷ ᠲᠤ ᠣᠷᠣᠵᠤ᠂ | ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 11541 ᠲᠥᠭᠦᠷᠢᠭ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 6.5 % ᠪᠠᠷ ᠨᠡᠮᠡᠭᠳᠡᠵᠦ᠂ ᠪᠦᠭᠦ ᠬᠤᠲᠠ ᠶᠢᠨ ᠬᠤᠶᠠᠳᠤᠭᠠᠷ ᠲᠤ | ᠵᠢᠭᠰᠠᠭᠠᠭᠳᠠᠵᠠᠢ︔ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠠᠳᠠᠯᠢ | ᠬᠤᠭᠤᠴᠠᠭᠠᠨ ᠤ ᠬᠢ ᠠᠴᠠ 24 % ᠨᠡᠮᠡᠭᠳᠡᠵᠦ᠂ ᠪᠦᠭᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠪᠠ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ | 118.2 % ᠨᠡᠮᠡᠭᠳᠡᠵᠦ᠂ ᠪᠦᠭᠦ ᠬᠤᠲᠠ ᠳᠤ ᠨᠢᠭᠡᠳᠦᠭᠡᠷ ᠲᠤ ᠣᠷᠣᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 2.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0.7 % ᠪᠠᠷ ᠨᠡᠮᠡᠭᠳᠡᠨ᠂ ᠪᠦᠭᠦ ᠬᠤᠲᠠ ᠶᠢᠨ ᠠᠷᠪᠠᠳᠤᠭᠠᠷ ᠲᠤ ᠵᠢᠭᠰᠠᠭᠠᠭᠳᠠᠵᠠᠢ︔ | ᠮᠠᠨ ᠤ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠠᠳᠠᠯᠢ ᠬᠤᠭᠤᠴᠠᠭᠠᠨ ᠤ | ᠬᠢ ᠠᠴᠠ 8.7 % ᠪᠠᠷ ᠨᠡᠮᠡᠭᠳᠡᠵᠦ᠂ ᠪᠦᠭᠦ ᠬᠤᠲᠠ ᠶᠢᠨ ᠭᠤᠷᠪᠠᠳᠤᠭᠠᠷ ᠲᠤ ᠣᠷᠣᠵᠤ᠂ ᠡᠩ ᠤᠨ ᠣᠯᠠᠨ | ᠨᠡᠶᠢᠲᠡ ᠶᠢᠨ ᠲᠥᠰᠥᠪ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 9.4 % ᠪᠠᠷ ᠨᠡᠮᠡᠭᠳᠡᠵᠦ᠂ ᠪᠦᠭᠦ | ᠬᠤᠲᠠ ᠶᠢᠨ ᠭᠤᠷᠪᠠᠳᠤᠭᠠᠷ ᠲᠤ ᠣᠷᠣᠵᠠᠢ᠃ | |