6 ᠰᠠᠷ᠎ᠠ ᠶᠢᠨ 28 ᠤ ᠦᠳᠡ ᠶᠢᠨ ᠡᠮᠦᠨ᠎ᠡ᠂ ᠪᠡᠳᠺᠡᠷ ᠰᠦᠮ᠎ᠡ ᠪᠠᠯᠭᠠᠰᠤᠨ ᠤ ᠵᠡᠮᠳᠡᠭᠴᠦᠳ ᠤᠨ | ᠬᠤᠯᠪᠤᠭ᠎ᠠ ᠶᠢᠨ ︽ᠰᠢᠶᠣᠣ ᠵᠢᠤᠸᠠᠨ ᠳᠣᠭᠢᠶᠠᠨ ᠤ ᠭᠡᠯᠡ︾ ᠶᠢ ᠰᠢᠨ᠎ᠡ ᠰᠢᠭᠤᠶᠢᠲᠤ ᠪᠠᠭ᠎ᠠ ᠰᠤᠷᠭᠠᠭᠤᠯᠢ ᠶᠢᠨ | ᠰᠤᠷᠤᠬᠴᠢᠳ ᠤᠨ ᠬᠢᠴᠢᠶᠡᠯ ᠤᠨ ᠲᠢᠩᠬᠢᠮ ᠳᠤ ᠣᠷᠣᠭᠤᠯᠪᠠ᠃ ᠲᠤᠰ ᠤᠳᠠᠭ᠎ᠠ ᠶᠢᠨ ᠠᠵᠢᠯᠯᠠᠭ᠎ᠠ ᠴᠢᠩᠱᠠᠨ | ᠲᠣᠰᠬᠤᠨ ᠤ ᠬᠤᠪᠢᠰᠬᠠᠯ ᠤᠨ ᠰᠣᠶᠣᠯ ᠤᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠲᠤ ᠶᠠᠪᠤᠭᠳᠠᠵᠤ᠂ | ᠪᠡᠳᠺᠡᠷ ᠰᠦᠮ᠎ᠡ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᠯᠢ ᠵᠢᠶᠦ᠋ᠨ᠂ ᠰᠢᠨ᠎ᠡ ᠰᠢᠭᠤᠶᠢᠲᠤ | ᠪᠠᠭ᠎ᠠ ᠰᠤᠷᠭᠠᠭᠤᠯᠢ ᠶᠢᠨ ᠳᠠᠷᠤᠭ᠎ᠠ᠂ ᠱᠦᠵᠢ ᠵᠠᠩ ᠱᠧᠩ ᠨᠠᠨ ᠵᠡᠷᠭᠡ ᠬᠤᠯᠪᠣᠭᠳᠠᠯ ᠪᠦᠬᠦᠢ ᠤᠳᠤᠷᠢᠳᠤᠯᠭ᠎ᠠ ᠲᠤᠰ | ᠤᠳᠠᠭ᠎ᠠ ᠶᠢᠨ ᠠᠵᠢᠯᠯᠠᠭ᠎ᠠ ᠳᠤ ᠣᠷᠣᠯᠴᠠᠵᠠᠢ᠃ | | ᠨᠡᠶᠢᠭᠡᠮ ᠤᠨ ᠬᠠᠶᠢᠷ᠎ᠠ ᠬᠠᠯᠠᠮᠵᠢ ᠬᠦᠷᠲᠡᠭᠡᠬᠦ ᠵᠣᠷᠢᠭ ᠰᠠᠨᠠᠭ᠎ᠠ ᠶᠢ ᠤᠯᠠᠮ ᠪᠠᠳᠠᠷᠠᠭᠤᠯᠵᠤ᠂ | ᠵᠡᠮᠳᠡᠭᠴᠦᠳ ᠤᠨ ᠠᠭᠤᠰᠤᠯᠴᠠᠯ ᠢ ᠠᠬᠢᠭᠤᠯᠬᠤ ᠶᠢᠨ ᠲᠥᠯᠥᠭᠡ ᠰᠢᠶᠣᠣ ᠵᠢᠤᠸᠠᠨ ᠪᠠᠭᠰᠢ ᠬᠢᠴᠢᠶᠡᠯ ᠤᠨ | ᠲᠠᠩᠬᠢᠮ ᠳᠤ ᠠᠮᠢᠳᠤᠯᠢᠭ ᠢᠶᠠᠷ ᠦᠭᠡ ᠭᠡᠯᠡ ᠪᠠᠷᠢᠮᠵᠢᠶ᠎ᠠ ᠭᠠᠷ ᠢᠶᠠᠷ ᠠᠵᠢᠯᠯᠠᠵᠤ᠂ ᠰᠤᠷᠤᠬᠴᠢᠳ ᠲᠠᠭᠠᠨ ᠥᠪᠡᠷᠮᠢᠴᠡ | ᠣᠨᠴᠠᠯᠢᠭ ᠲᠠᠢ ᠳᠣᠬᠢᠶᠠᠨ ᠬᠡᠯᠡᠨ ᠤ ᠬᠢᠴᠢᠶᠡᠯ ᠢ ᠵᠢᠭᠠᠵᠤ ᠥᠭᠴᠡᠢ᠃ ᠳᠥᠭᠦᠮ ᠦᠭᠡ ᠥᠭᠦᠯᠡᠪᠦᠷᠢ ᠠᠴᠠ | ᠭᠠᠷᠳᠠᠵᠤ᠂ ᠦᠯᠢᠭᠡᠷ ᠲᠠᠢ ᠤᠶᠠᠯᠳᠤᠭᠤᠯᠤᠨ ︽ᠳᠣᠭᠢᠶᠠᠨ ᠤ ᠭᠡᠯᠡ︾ ᠶᠢᠨ ᠢᠷᠡᠯᠲᠡ ᠶᠢ ᠶᠠᠷᠢᠵᠤ᠂ ᠳᠣᠭᠢᠶᠠᠨ ᠤ | ᠭᠡᠯᠡ ᠶᠢᠨ ᠭᠠᠷ ᠤᠨ ᠳᠣᠭᠢᠶᠠᠨ ᠤ ᠦᠭᠡ ᠪᠠ ᠳᠣᠭᠢᠶᠠᠨ ᠤ ᠭᠡᠯᠡ ᠶᠢ ᠲᠠᠨᠢᠯᠴᠠᠭᠤᠯᠵᠠᠢ᠂ ᠲᠡᠷᠡ ᠰᠤᠷᠤᠬᠴᠢᠳ ᠲᠤ | ᠳᠥᠭᠦᠮ ᠭᠠᠷ ᠭᠡᠯᠡ ᠪᠠ ᠲᠡᠭᠦᠨ ᠤ ᠠᠴᠢ ᠬᠤᠯᠪᠣᠭᠳᠠᠯ ᠢ ᠵᠢᠭᠠᠵᠤ ᠥᠭᠴᠡᠢ᠃ ᠬᠡᠦᠬᠡᠳ ᠤᠳ ᠶᠡᠭᠡ ᠯᠡ ᠪᠠᠭ᠋ᠠᠲᠠᠢ | ᠰᠣᠨᠣᠰᠤᠨ᠎ᠠ᠂ ᠢᠳᠡᠪᠬᠢᠲᠡᠢ ᠪᠠᠷ ᠪᠠᠭᠰᠢ ᠪᠠᠨ ᠳᠠᠭᠠᠵᠤ ᠳᠣᠭᠢᠶᠠᠨ ᠤ ᠬᠡᠯᠡᠨ ᠤ ᠪᠠᠶᠢᠯᠳᠤᠬᠤ ᠠᠷᠭ᠎ᠠ ᠶᠢ ᠰᠤᠷᠴᠤ᠂ | ᠪᠠᠭᠰᠢ ᠲᠠᠢ ᠪᠠᠨ ᠲᠠᠰᠤᠷᠠᠯᠲᠠ ᠦᠭᠡᠢ ᠬᠠᠷᠢᠯᠴᠠᠨ ᠬᠥᠳᠡᠯᠦᠯᠴᠡᠨ᠎ᠡ᠃ | | ᠰᠢᠶᠣᠣ ᠵᠢᠶᠦᠶᠢᠨ ᠳᠣᠬᠢᠨᠶᠠᠨ ᠭᠡᠯᠡ ᠨᠡᠶᠢᠲᠡ ᠶᠢᠨ ᠠᠰᠠᠷᠠᠮᠵᠢ ᠶᠢᠨ ᠬᠢᠴᠢᠶᠡᠯ ᠨᠢ ᠬᠡᠦᠬᠡᠳ ᠲᠤ ᠦᠷᠭᠦᠯᠵᠢ | ᠬᠡᠷᠡᠭᠯᠡᠳᠡᠭ ᠳᠣᠬᠢᠨᠶᠠᠨ ᠭᠡᠯᠡ ᠰᠤᠷᠭᠠᠬᠤ ᠪᠠᠷ ᠪᠠᠷᠠᠬᠤ ᠦᠭᠡᠢ᠂ ᠨᠡᠩ ᠴᠤ ᠪᠠᠶᠠᠷ ᠭᠦᠷ ᠲᠠᠢ ᠰᠣᠷᠣᠯᠴᠠᠭ᠎ᠠ | ᠳᠤᠮᠳᠠ ᠬᠤᠪᠢᠶᠠᠯᠴᠠᠨ ᠭᠦᠷᠲᠡᠭᠦ᠂ ᠬᠠᠶᠢᠷᠠᠯᠠᠨ ᠬᠠᠯᠠᠮᠵᠢᠯᠠᠬᠤ ᠪᠠ ᠣᠶᠢᠯᠠᠭᠠᠬᠤ ᠲᠠᠯ᠎ᠠ ᠪᠠᠷ ᠴᠢᠬᠤᠯᠠ ᠪᠤᠯᠬᠤ ᠶᠢ | ᠮᠡᠳᠡᠭᠦᠯᠬᠦ ᠪᠣᠯᠣᠨ᠎ᠠ᠃ ᠳᠣᠭᠢᠶᠠᠨ ᠤ ᠭᠡᠯᠡ ᠰᠤᠷᠬᠤ ᠪᠠᠷ ᠳᠠᠮᠵᠢᠭᠤᠯᠵᠤ᠂ ᠲᠡᠳᠡ ᠨᠠᠷ ᠠᠳᠠᠯᠢ ᠪᠤᠰᠤ ᠠᠷᠭ᠎ᠠ ᠪᠠᠷ | ᠳᠡᠯᠡᠬᠡᠢ ᠳᠠᠭᠢᠨ ᠲᠠᠢ ᠰᠣᠯᠢᠯᠴᠠᠭ᠎ᠠ ᠬᠢᠵᠦ ᠴᠢᠳᠠᠬᠤ ᠲᠡᠳᠦᠢ ᠦᠭᠡᠢ᠂ ᠮᠥᠨ ᠣᠨᠴᠠᠭᠠᠢ ᠬᠥᠮᠥᠰ ᠤᠨ | ᠱᠠᠭᠠᠷᠳᠠᠯᠭ᠎ᠠ ᠶᠢ ᠨᠡᠩ ᠰᠠᠶᠢᠨ ᠣᠶᠢᠯᠠᠭᠠᠵᠤ᠂ ᠥᠪᠡᠷ ᠤᠨ ᠬᠠᠶᠢᠷ᠎ᠠ ᠰᠡᠳᠬᠢᠯ ᠢᠶᠠᠨ ᠳᠣᠭᠢᠶᠠᠨ ᠤ ᠭᠡᠯᠡ ᠪᠠᠷ | ᠳᠠᠮᠵᠢᠭᠤᠯᠵᠤ᠂ ᠬᠠᠯᠠᠭᠤᠨ ᠪᠦᠯᠢᠶᠡᠨ ᠭᠠᠷ ᠢᠶᠠᠷ ᠢᠶᠠᠨ ᠬᠠᠶᠢᠷ᠎ᠠ ᠶᠢᠨ ᠬᠥᠭᠦᠷᠭᠡ ᠲᠠᠯᠪᠢᠵᠤ᠂ ᠨᠡᠶᠢᠭᠡᠮ ᠳᠤ | ᠢᠯᠡᠭᠦᠬᠡᠨ ᠬᠠᠯᠠᠭᠤᠨ ᠳᠣᠲᠣᠨᠣ ᠬᠠᠯᠠᠮᠵᠢᠯᠠᠯ ᠬᠦᠷᠲᠡᠭᠡᠬᠦ ᠪᠣᠯᠣᠨ᠎ᠠ᠃ | | |