ᠣᠶᠢᠷ᠎ᠠ ᠶᠢᠨ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠤᠭ᠎ᠠ | ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠦᠷᠢ︾ ᠳᠤ ᠣᠷᠤᠯᠴᠠᠬᠤ ᠤᠬᠠᠭᠤᠯᠭ᠎ᠠ ᠶᠢᠨ ᠠᠵᠢᠯ ᠥᠷᠨᠢᠭᠦᠯᠪᠡ᠃ | ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠦᠷᠢ︾ ᠶᠢᠨ ᠠᠵᠢᠯ ᠢ ᠵᠢᠷᠤᠮᠵᠢᠭᠤᠯᠤᠨ ᠬᠠᠮᠢᠶᠠᠷᠬᠤ ᠶᠢ | ᠴᠢᠩᠭᠠᠳᠬᠠᠵᠤ᠂ ︽ᠬᠤᠶᠠᠷ ᠵᠦᠢᠯ ᠤᠨ ᠨᠥᠬᠦᠪᠦᠷᠢ︾ ᠶᠢᠨ ᠪᠡᠯᠡ ᠮᠥᠩᠭᠦ ᠶᠢ ᠪᠣᠳᠠᠲᠠᠶᠢᠵᠢᠭᠤᠯᠤᠨ᠂ ᠲᠥᠷᠥ ᠶᠢᠨ | ᠪᠣᠳᠣᠯᠭ᠎ᠠ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ | ᠦᠢᠯᠡᠴᠢᠯᠡᠭᠡᠨ ᠤ ᠠᠵᠢᠯ ᠢ ᠰᠠᠶᠢᠲᠤᠷ ᠬᠢᠪᠡ᠃ | | ᠡᠷᠦᠭᠡ ᠳᠤ ᠬᠦᠷᠴᠦ ᠤᠬᠠᠭᠤᠯᠬᠤ ᠪᠠᠷ ᠳᠠᠮᠵᠢᠭᠤᠯᠤᠨ᠂ ᠵᠡᠮᠳᠡᠭᠴᠦᠳ ᠲᠤ ᠬᠤᠶᠠᠷ ᠵᠦᠢᠯ ᠤᠨ | ᠨᠥᠬᠦᠪᠦᠷᠢ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠤᠯᠠᠮ ᠨᠢᠭᠡ ᠠᠯᠬᠤᠮ ᠲᠠᠨᠢᠵᠤ ᠳᠡᠭᠡᠭᠰᠢᠯᠡᠭᠦᠯᠦᠨ᠂ | ᠬᠤᠶᠠᠷ ᠵᠦᠢᠯ ᠤᠨ ᠨᠥᠬᠦᠪᠦᠷᠢ ᠶᠢᠨ ᠠᠵᠢᠯ ᠢ ᠨᠡᠩ ᠢᠯᠡ ᠲᠣᠳᠣ ᠪᠤᠯᠭᠠᠬᠤ ᠬᠡᠷᠡᠭᠲᠡᠢ᠃ ᠡᠨᠡᠬᠦ ᠬᠤᠭᠤᠴᠠᠭᠠᠨ ᠳᠤ᠂ | 44 ᠬᠦᠴᠢᠷᠳᠡᠯ ᠲᠠᠢ ᠵᠡᠮᠳᠡᠭᠴᠦᠳ ᠲᠤ ᠠᠮᠢᠳᠤᠷᠠᠯ ᠤᠨ ᠨᠥᠬᠦᠪᠦᠷᠢ ᠣᠯᠭᠤᠵᠤ᠂ 38 ᠬᠦᠨᠳᠦ ᠵᠡᠮᠳᠡᠭᠴᠦᠳ ᠲᠤ | ᠠᠰᠠᠷᠠᠨ ᠰᠤᠪᠢᠯᠠᠬᠤ ᠨᠥᠬᠦᠪᠦᠷᠢ ᠣᠯᠭᠤᠪᠠ᠃ | |