ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠵᠡᠮᠳᠡᠭᠴᠦᠳ ᠤᠨ ᠣᠷᠣᠯᠭ᠎ᠠ ᠶᠢ ᠪᠠᠶᠢᠴᠠᠭᠠᠬᠤ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/8/6
        ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠶᠢᠨ ᠲᠣᠬᠢᠷᠠᠭᠤᠯᠤᠨ ᠪᠠᠶᠢᠷᠢᠯᠠᠭᠤᠯᠤᠭᠰᠠᠨ ᠪᠠ ᠬᠤᠲᠠ ᠶᠢᠨ ᠵᠡᠮᠳᠡᠭᠴᠦᠳ ᠤᠨ ᠬᠤᠯᠪᠤᠭ᠎ᠠ ᠶᠢᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠭᠤᠶᠢᠲᠤ ᠲᠣᠭᠤᠷᠢᠭ ᠵᠡᠮᠳᠡᠭᠴᠦᠳ ᠤᠨ ᠬᠤᠯᠪᠣᠭᠠᠲᠤ ᠬᠤᠷᠠᠯ ᠤᠨ ᠣᠶᠢᠷ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠶᠢᠨ ᠲᠣᠭᠲᠠᠭᠠᠭᠰᠠᠨ 23 ᠡᠷᠦᠭᠡ ᠵᠡᠮᠳᠡᠭᠴᠦᠳ ᠤᠨ ᠨᠡᠶᠢᠭᠡᠮ ᠤᠨ ᠲᠡᠳᠬᠦᠮᠵᠢ ᠪᠣᠯᠣᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠶᠢᠨ ᠪᠠᠶᠢᠳᠠᠯ ᠳᠤ ᠨᠠᠷᠢᠨ ᠨᠢᠮᠪᠠᠢ ᠪᠠᠶᠢᠴᠠᠭᠠᠯᠲᠠ ᠬᠢᠵᠦ ᠣᠶᠢᠯᠠᠭᠠᠭᠰᠠᠨ ᠪᠥᠭᠡᠳ ︽ᠵᠡᠮᠳᠡᠭᠴᠦᠳ ᠤᠨ ᠣᠷᠣᠯᠭ᠎ᠠ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠦᠰᠦᠨᠦᠭᠲᠦ︾ ᠶᠢ ᠲᠣᠭᠲᠠᠭᠠᠭᠰᠠᠨ ᠲᠣᠭᠲᠠᠭᠠᠯ ᠶᠣᠰᠣᠭᠠᠷ ᠴᠢᠩᠭ᠎ᠠ ᠲᠠᠭᠯᠠᠵᠤ᠂ ᠵᠡᠮᠳᠡᠭᠴᠦᠳ ᠤᠨ ᠭᠡᠷ ᠪᠦᠯᠢ ᠶᠢᠨ ᠣᠷᠣᠯᠭ᠎ᠠ ᠶᠢᠨ ᠪᠠᠶᠢᠳᠠᠯ ᠢ ᠪᠠᠶᠢᠴᠠᠭᠠᠬᠤ ᠲᠤᠰᠬᠠᠢ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ 
1720075644691052028.png
        ᠡᠷᠦᠭᠡ ᠳᠤ ᠬᠦᠷᠴᠦ ᠪᠠᠶᠢᠴᠠᠭᠠᠯᠲᠠ ᠬᠢᠬᠦ ᠶᠠᠪᠤᠴᠠ ᠳᠤ᠂ ᠵᠡᠮᠳᠡᠭᠴᠦᠳ ᠤᠨ ᠬᠤᠯᠪᠣᠭᠠᠨ ᠤ ᠺᠠᠲᠷ ᠠᠵᠢᠯᠲᠠᠨ ᠨᠠᠷ ᠵᠡᠮᠳᠡᠭᠴᠦᠳ ᠤᠨ ᠰᠡᠳᠬᠢᠯ ᠤᠨ ᠦᠭᠡ ᠶᠢ ᠬᠢᠨᠠᠮᠠᠭᠠᠢ ᠰᠣᠨᠣᠰᠴᠤ᠂ ᠲᠡᠳᠡᠨ ᠤ ᠬᠡᠷᠡᠭᠴᠡᠭᠡ ᠱᠠᠭᠠᠷᠳᠠᠯᠭ᠎ᠠ ᠶᠢ ᠡᠵᠡᠮᠰᠢᠬᠦ ᠶᠢᠨ ᠬᠠᠮᠲᠤ᠂ ᠵᠡᠮᠳᠡᠭᠴᠦᠳ ᠢ ᠲᠤᠰᠠᠯᠠᠬᠤ ᠵᠡᠮᠳᠡᠭᠴᠦᠳ ᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠵᠤ᠂ ᠪᠠᠶᠢᠴᠠᠭᠠᠯᠲᠠ ᠶᠢᠨ ᠡᠲᠡᠭᠡᠳ ᠨᠢᠭᠡᠪᠦᠷᠢ ᠳᠤ ᠲᠣᠬᠤᠨᠢᠭᠤᠯᠬᠤ ᠪᠣᠳᠠᠰ ᠬᠦᠷᠭᠡᠨ ᠥᠭᠴᠦ᠂ ᠬᠠᠶᠢᠷ᠎ᠠ ᠬᠠᠯᠠᠮᠵᠢ ᠪᠣᠯᠣᠨ ᠬᠠᠶᠢᠷ᠎ᠠ ᠬᠠᠯᠠᠮᠵᠢ ᠶᠢ ᠠᠵᠢᠯ ᠪᠦᠭᠦᠨ ᠢ ᠥᠩᠭᠡᠷᠡᠭᠡᠭᠰᠡᠨ ᠵᠡᠮᠳᠡᠭᠴᠦᠳ ᠤᠨ ᠭᠡᠷ ᠪᠦᠯᠢ ᠳᠤ ᠦᠨᠡᠨᠬᠦ ᠳᠠᠮᠵᠢᠭᠤᠯᠤᠨ ᠥᠭᠴᠦ᠂ ᠵᠡᠮᠳᠡᠭᠴᠦᠳ ᠤᠨ ᠨᠠᠮ ᠤᠨ ᠬᠠᠶᠢᠷ᠎ᠠ ᠬᠠᠯᠠᠮᠵᠢ ᠶᠢ ᠭᠦᠷᠲᠡᠭᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢ ᠨᠡᠩ ᠪᠠᠲᠤᠳᠬᠠᠪᠠ᠃ ᠣᠳᠣᠬᠠᠨ ᠳᠤ᠂ 23 ᠬᠤᠪᠢ ︽ᠵᠡᠮᠳᠡᠭᠴᠦᠳ ᠤᠨ ᠣᠷᠣᠯᠭ᠎ᠠ ᠶᠢᠨ ᠪᠠᠶᠢᠳᠠᠯ ᠤᠨ ᠪᠦᠷᠢᠳᠬᠡᠯ ᠤᠨ ᠪᠠᠶᠢᠴᠠᠭᠠᠯᠲᠠ ᠶᠢᠨ ᠬᠦᠰᠦᠨᠦᠭᠲᠦ︾ ᠶᠢ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠳᠤ ᠠᠮᠵᠢᠯᠲᠠ ᠲᠠᠢ ᠮᠡᠳᠡᠭᠦᠯᠦᠭᠰᠡᠨ ᠪᠠᠶᠢᠨ᠎ᠠ᠃ 
1720075644892053790.png
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号