ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠨᠢ ᠵᠡᠮᠳᠡᠭ ᠬᠡᠦᠬᠡᠳ ᠢ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠶᠢᠨ ᠳᠤᠮᠳᠠ ᠬᠤᠭᠤᠴᠠᠭᠠᠨ ᠤ ᠪᠠᠶᠢᠴᠠᠭᠠᠨ ᠦᠨᠡᠯᠡᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/8/6
        6 ᠰᠠᠷ᠎ᠠ ᠶᠢᠨ 20 ᠤ ᠡᠳᠦᠷ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠨᠢ ᠬᠤᠲᠠ ᠶᠢᠨ ᠵᠡᠮᠳᠡᠭᠴᠦᠳ ᠤᠨ ᠬᠤᠯᠪᠤᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠤᠨ ᠡᠷᠡᠭᠦᠯᠵᠢᠯ ᠤᠨ ᠡᠮᠴᠢᠯᠡᠭᠡ ᠡᠷᠡᠭᠦᠯᠵᠢᠯ ᠤᠨ ᠲᠥᠪ᠂ ᠢ ᠵᠢᠶᠧ ᠺᠠᠩ ᠬᠡᠦᠬᠡᠳ ᠤᠨ ᠡᠷᠡᠭᠦᠯᠵᠢᠯ ᠤᠨ ᠲᠥᠪ᠂ ᠶᠠᠩ ᠭᠤᠸᠠᠩ ᠰᠢᠨ ᠢᠦᠢ ᠬᠡᠦᠬᠡᠳ ᠤᠨ ᠡᠷᠡᠭᠦᠯᠵᠢᠯ ᠤᠨ ᠲᠥᠪ᠂ ᠹᠦ᠋ ᠷᠦᠢ ᠺᠠᠩ ᠬᠡᠦᠬᠡᠳ ᠤᠨ ᠡᠷᠡᠭᠦᠯᠵᠢᠯ ᠤᠨ ᠲᠥᠪ ᠵᠡᠷᠭᠡ ᠲᠣᠭᠲᠠᠭᠰᠠᠨ ᠴᠢᠭ ᠤᠨ ᠡᠷᠡᠭᠦᠯᠵᠢᠯ ᠤᠨ ᠪᠠᠶᠢᠭᠤᠯᠤᠮᠵᠢ ᠳᠤ ᠭᠦᠨᠵᠡᠭᠡᠶᠢᠷᠡᠭᠦᠯᠦᠨ ᠳᠤᠮᠳᠠ ᠬᠤᠭᠤᠴᠠᠭᠠᠨ ᠤ ᠪᠠᠶᠢᠴᠠᠭᠠᠨ ᠦᠨᠡᠯᠡᠬᠦ ᠠᠵᠢᠯ ᠢ ᠥᠷᠨᠢᠭᠦᠯᠵᠦ᠂ ᠵᠡᠮᠳᠡᠭ ᠬᠡᠦᠬᠡᠳ ᠤᠨ ᠲᠣᠭᠲᠠᠭᠰᠠᠨ ᠴᠢᠭ ᠤᠨ ᠡᠷᠡᠭᠦᠯᠵᠢᠯ ᠤᠨ ᠪᠠᠶᠢᠭᠤᠯᠤᠮᠵᠢ ᠶᠢᠨ ᠳᠦᠷᠢᠮᠵᠢᠯᠲᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠡᠮᠳᠡᠭ ᠬᠡᠦᠬᠡᠳ ᠤᠨ ᠡᠷᠡᠭᠦᠯᠵᠢᠯ ᠤᠨ ᠶᠠᠰᠤ ᠴᠢᠨᠠᠷ ᠪᠠ ᠡᠷᠡᠭᠦᠯᠵᠢᠯ ᠤᠨ ᠦᠷ᠎ᠡ ᠪᠦᠲᠦᠮᠵᠢ ᠶᠢ ᠬᠦᠴᠦᠲᠡᠢ ᠳᠡᠭᠡᠭᠰᠢᠯᠡᠭᠦᠯᠵᠦ᠂ ᠦᠢᠯᠡᠴᠢᠯᠡᠭᠡᠨ ᠤ ᠲᠤᠯᠭᠠᠭᠤᠷᠢᠯᠠᠯ ᠢ ᠬᠠᠩᠭᠠᠨ᠎ᠠ᠃ 
        ᠵᠡᠮᠳᠡᠭᠴᠦᠳ ᠤᠨ ᠬᠤᠯᠪᠣᠭᠠᠲᠤ ᠬᠤᠷᠠᠯ ᠤᠨ ᠺᠠᠲᠷᠴᠤᠳ ᠪᠠᠶᠢᠭᠤᠯᠤᠮᠵᠢ ᠶᠢᠨ ᠪᠠᠭᠰᠢ ᠵᠢᠴᠢ ᠡᠷᠡᠭᠦᠯᠵᠢᠭᠦᠯᠬᠦ ᠪᠠᠭᠰᠢ ᠨᠠᠷ ᠲᠠᠢ ᠭᠦᠨᠵᠡᠭᠡᠢ ᠰᠣᠯᠢᠯᠴᠠᠭ᠎ᠠ ᠬᠢᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ᠂ ᠭᠡᠷ ᠤᠨ ᠠᠬᠠᠮᠠᠳ ᠲᠤ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠢᠭ ᠲᠣᠭᠲᠠᠭᠠᠭᠰᠠᠨ ᠡᠷᠡᠭᠦᠯᠵᠢᠯ ᠤᠨ ᠪᠠᠶᠢᠭᠤᠯᠤᠮᠵᠢ ᠶᠢᠨ ᠰᠠᠭᠤᠷᠢ ᠪᠦᠲᠦᠭᠡᠨ ᠪᠠᠶᠢᠭᠤᠯᠤᠯᠲᠠ᠂ ᠲᠤᠰᠬᠠᠢ ᠲᠥᠬᠦᠭᠡᠷᠦᠮᠵᠢ᠂ ᠠᠵᠢᠯᠲᠠᠨ ᠤ ᠲᠣᠬᠢᠷᠠᠭᠤᠯᠤᠯᠲᠠ᠂ ᠦᠢᠯᠡᠴᠢᠯᠡᠭᠡᠨ ᠤ ᠴᠢᠳᠠᠮᠵᠢ᠂ ᠬᠠᠮᠢᠶᠠᠷᠤᠯᠲᠠ ᠶᠢᠨ ᠳᠦᠷᠢᠮ᠂ ᠬᠢᠴᠢᠶᠡᠯ ᠤᠨ ᠲᠣᠬᠢᠷᠠᠭᠤᠯᠤᠯᠲᠠ ᠵᠡᠷᠭᠡ ᠲᠠᠯ᠎ᠠ ᠪᠠᠷ ᠪᠦᠭᠦ ᠲᠠᠯ᠎ᠠ ᠶᠢᠨ ᠪᠠᠶᠢᠴᠠᠭᠠᠯᠲᠠ ᠬᠢᠵᠦ᠂ ᠴᠢᠭ ᠲᠣᠭᠲᠠᠭᠠᠭᠰᠠᠨ ᠬᠡᠦᠬᠡᠳ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠢᠴᠢᠶᠡᠯ ᠤᠨ ᠶᠠᠰᠤ ᠴᠢᠨᠠᠷ ᠵᠢᠴᠢ ᠬᠡᠦᠬᠡᠳ ᠤᠨ ᠡᠷᠡᠭᠦᠯᠵᠢᠯ ᠤᠨ ᠪᠠᠶᠢᠳᠠᠯ ᠢ ᠨᠠᠷᠢᠨ ᠲᠣᠳᠣᠷᠬᠠᠢ ᠣᠶᠢᠯᠠᠭᠠᠬᠤ ᠶᠢᠨ ᠬᠠᠮᠲᠤ᠂ ᠡᠯ᠎ᠡ ᠴᠢᠭ ᠲᠣᠭᠲᠠᠭᠠᠭᠰᠠᠨ ᠬᠡᠦᠬᠡᠳ ᠤᠨ ᠡᠷᠡᠭᠦᠯᠵᠢᠯ ᠤᠨ ᠪᠠᠶᠢᠭᠤᠯᠤᠮᠵᠢ ᠳᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠪᠣᠯᠣᠨ ᠶᠠᠰᠤ ᠴᠢᠨᠠᠷ ᠪᠠ ᠦᠷ᠎ᠡ ᠠᠰᠢᠭ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠡᠮᠳᠡᠭ ᠬᠡᠦᠬᠡᠳ ᠤᠨ ᠪᠦᠭᠦ ᠲᠠᠯ᠎ᠠ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠵᠡᠮᠳᠡᠭ ᠬᠡᠦᠬᠡᠳ ᠤᠨ ᠭᠡᠷ ᠪᠦᠯᠢ ᠶᠢᠨ ᠳᠠᠷᠤᠭᠠᠰᠤ ᠶᠢ ᠬᠥᠩᠭᠡᠷᠡᠭᠦᠯᠵᠦ᠂ ᠵᠡᠮᠳᠡᠭ ᠬᠡᠦᠬᠡᠳ ᠤᠨ ᠭᠡᠷ ᠪᠦᠯᠢ ᠶᠢ ᠨᠡᠩ ᠢᠯᠡᠭᠦᠦ ᠬᠠᠯᠠᠮᠵᠢᠯᠠᠵᠤ᠂ ᠬᠠᠶᠢᠷ᠎ᠠ ᠪᠠ ᠳᠡᠮᠵᠢᠯᠭᠡ ᠦᠵᠡᠭᠦᠯᠭᠦ ᠶᠢ ᠱᠠᠭᠠᠷᠳᠠᠨ᠎ᠠ᠃ 
1720075203002019229.png
        ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠦᠷᠭᠦᠯᠵᠢᠯᠡᠨ ᠬᠤᠲᠠ ᠶᠢᠨ ᠵᠡᠮᠳᠡᠭᠴᠦᠳ ᠤᠨ ᠬᠤᠯᠪᠤᠭ᠎ᠠ ᠶᠢᠨ ᠱᠠᠭᠠᠷᠳᠠᠯᠭ᠎ᠠ ᠶᠣᠰᠣᠭᠠᠷ ᠵᠡᠮᠳᠡᠭ ᠬᠡᠦᠬᠡᠳ ᠢ ᠲᠣᠭᠲᠠᠭᠰᠠᠨ ᠴᠢᠭ ᠤᠨ ᠡᠷᠡᠭᠦᠯᠵᠢᠯ ᠤᠨ ᠪᠠᠶᠢᠭᠤᠯᠤᠮᠵᠢ ᠳᠤ ᠬᠢᠨᠠᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠵᠡᠮᠳᠡᠭ ᠬᠡᠦᠬᠡᠳ ᠢ ᠲᠣᠭᠲᠠᠭᠰᠠᠨ ᠴᠢᠭ ᠤᠨ ᠡᠷᠡᠭᠦᠯᠵᠢᠯ ᠤᠨ ᠪᠠᠶᠢᠭᠤᠯᠤᠮᠵᠢ ᠶᠢᠨ ᠳᠦᠷᠢᠮᠵᠢᠭᠰᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠡᠷᠡᠭᠴᠡᠭᠡ ᠪᠦᠬᠦᠢ ᠵᠡᠮᠳᠡᠭ ᠬᠡᠦᠬᠡᠳ ᠲᠤ ᠦᠷᠭᠦᠯᠵᠢᠯᠡᠭᠰᠡᠨ ᠲᠣᠭᠲᠠᠭᠤᠨ ᠥᠨᠳᠥᠷ ᠴᠢᠨᠠᠷ ᠰᠠᠶᠢᠲᠠᠢ ᠡᠷᠡᠭᠦᠯᠵᠢᠯ ᠤᠨ ᠦᠢᠯᠡᠴᠢᠯᠡᠭᠡ ᠬᠠᠩᠭᠠᠵᠤ᠂ ᠨᠡᠩ ᠣᠯᠠᠨ ᠪᠠᠲᠤᠯᠠᠭ᠎ᠠ ᠬᠠᠩᠭᠠᠬᠤ ᠪᠣᠯᠣᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号