ᠤᠭ ᠰᠠᠨᠠᠭ᠎ᠠ ᠪᠠᠨ ᠦᠯᠦ ᠮᠠᠷᠲᠠᠵᠤ ᠨᠠᠮ ᠢᠶᠠᠨ ᠳᠠᠭᠠᠵᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠭᠠᠪᠢᠶ᠎ᠠ ᠪᠠᠶᠢᠭᠤᠯᠤᠨ᠎ᠠ
ᠨᠡᠶᠢᠲᠡᠯᠡᠭᠰᠡᠨ ᠴᠠᠭ᠄
2024/8/6
        ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢ ᠪᠡᠯᠭᠡᠯᠡᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠵᠣᠬᠢᠶᠠᠨ ᠪᠠᠶᠢᠭᠤᠯᠤᠯᠲᠠ ᠶᠢᠨ 30 ᠭᠠᠷᠤᠢ ᠨᠠᠮ ᠤᠨ ᠭᠡᠰᠢᠭᠦᠨ ᠺᠠᠳ᠋ᠷ᠂ ᠢᠳᠡᠪᠬᠢᠲᠡᠨ ︽ᠤᠭ ᠰᠠᠨᠠᠭ᠎ᠠ ᠪᠠᠨ ᠦᠯᠦ ᠮᠠᠷᠲᠠᠵᠤ ᠨᠠᠮ ᠢᠶᠠᠨ ᠳᠠᠭᠠᠵᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠭᠠᠪᠢᠶ᠎ᠠ ᠪᠠᠶᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃        ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ᠂ ᠪᠦᠬᠦ ᠨᠠᠮ ᠤᠨ ᠭᠡᠰᠢᠭᠦᠨ ᠲᠡᠷᠢ ᠲᠡᠭᠰᠢ ᠵᠢᠭᠰᠠᠵᠤ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠲᠥᠪ ᠵᠣᠭᠰᠣᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠶᠣᠰᠣᠯᠠᠨ᠂ ᠴᠡᠴᠡᠭᠲᠦ ᠰᠠᠭᠰᠤ ᠬᠦᠷᠭᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠬᠠᠮᠲᠤ ᠪᠠᠷ ᠪᠠᠷᠠᠯᠠᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠤᠨ ᠰᠠᠨᠠᠭᠠᠯᠵᠠᠵᠤ ᠪᠠᠶᠢᠬᠤ ᠰᠡᠳᠬᠢᠯᠭᠡ ᠪᠠᠨ ᠢᠯᠡᠳᠬᠡᠵᠦ᠂ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃ ᠡᠭᠦᠨ ᠤ ᠳᠠᠷᠠᠭ᠎ᠠ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠡᠷᠭᠢᠴᠡᠭᠦᠯᠵᠦ᠂ ᠨᠠᠮ ᠳᠤ ᠣᠷᠣᠬᠤ ᠤᠭ ᠰᠠᠨᠠᠭ᠎ᠠ ᠪᠠᠨ ᠳᠤᠷᠠᠰᠤᠨ ᠰᠠᠨᠠᠭᠠᠯᠵᠠᠵᠤ᠂ ᠡᠪ ᠬᠠᠮᠲᠤ ᠶᠣᠰᠣᠨ ᠤ ᠲᠥᠯᠥᠭᠡ ᠨᠠᠰᠤᠨ ᠲᠤᠷᠰᠢᠲᠠ ᠲᠡᠮᠡᠴᠡᠬᠦ ᠵᠣᠷᠢᠭ ᠢᠶᠠᠨ ᠪᠠᠲᠤᠳᠬᠠᠪᠠ᠃
1720143823478039392.png
        ᠳᠠᠷᠠᠭ᠎ᠠ ᠨᠢ᠂ ᠪᠦᠬᠦ ᠨᠠᠮ ᠤᠨ ᠭᠡᠰᠢᠭᠦᠨ ᠺᠠᠳ᠋ᠷᠴᠤᠳ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠦᠵᠡᠭᠦᠯᠦᠯᠭᠡ ᠶᠢᠨ ᠲᠢᠩᠬᠢᠮ ᠪᠣᠯᠣᠨ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠲᠡᠦᠬᠡ ᠶᠢᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠳᠠᠯᠠᠨ ᠬᠠᠷ᠎ᠠ ᠠᠭᠤᠯᠠ ᠶᠢᠨ ᠭᠠᠵᠠᠷ ᠣᠷᠣᠨ ᠤ ᠬᠤᠪᠢᠰᠬᠠᠯ ᠤᠨ ᠲᠣᠶᠢᠮᠣ ᠪᠠᠶᠢᠳᠠᠯ ᠢ ᠨᠠᠷᠢᠨ ᠪᠣᠳᠠᠲᠠᠢ ᠣᠶᠢᠯᠠᠭᠠᠵᠤ᠂ ᠲᠡᠷᠡ ᠬᠦ ᠰᠦᠷ ᠳᠠᠯᠠᠶᠢᠴᠠᠲᠠᠢ ᠬᠤᠪᠢᠰᠬᠠᠯ ᠤᠨ ᠲᠡᠦᠬᠡ ᠶᠢ ᠬᠠᠮᠲᠤ ᠪᠠᠷ ᠡᠷᠭᠢᠴᠡᠭᠦᠯᠵᠦ ᠪᠠᠲᠤ ᠴᠡᠭᠡᠵᠢᠯᠡᠵᠦ᠂ ᠡᠭᠦᠨ ᠢᠶᠠᠷ ᠣᠯᠠᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠵᠣᠷᠢᠭᠵᠢᠭᠤᠯᠵᠤ᠂ ᠦᠷᠭᠦᠯᠵᠢᠯᠡᠨ ᠤᠷᠤᠭᠰᠢᠯᠠᠬᠤ ᠶᠢ ᠵᠣᠷᠢᠭᠵᠢᠭᠤᠯᠪᠠ᠃
1720143848927042411.png
        ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ ᠬᠦᠷᠴᠦ᠂ ᠪᠦᠬᠦ ᠨᠠᠮ ᠤᠨ ᠭᠡᠰᠢᠭᠦᠨ ᠺᠠᠳ᠋ᠷ ᠣᠷᠳᠣᠨ ᠤ ᠳᠡᠯᠭᠡᠨ ᠦᠵᠡᠭᠦᠯᠦᠭᠰᠡᠨ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ᠂ ᠭᠡᠷᠡᠯ ᠵᠢᠷᠤᠭ᠂ ᠲᠤᠯᠭᠤᠷ ᠪᠢᠴᠢᠭ ᠵᠡᠷᠭᠡ ᠶᠢ ᠨᠠᠷᠢᠨ ᠬᠢᠨᠠᠮᠠᠭᠠᠢ ᠲᠣᠭᠤᠷᠢᠨ ᠦᠵᠡᠵᠦ᠂ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠦᠶ᠎ᠡ ᠶᠢᠨ ᠤᠯᠠᠭᠠᠨᠬᠦᠦ ᠵᠡᠷᠭᠡ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠥᠪᠥᠷ ᠮᠣᠩᠭᠤᠯ ᠣᠷᠣᠨ ᠳᠤ ᠦᠨᠳᠦᠰᠦᠲᠡᠨ ᠤ ᠴᠢᠯᠦᠭᠡᠯᠡᠯᠲᠡ᠂ ᠡᠬᠡ ᠤᠯᠤᠰ ᠤᠨ ᠨᠢᠭᠡᠳᠦᠯ ᠢ ᠲᠡᠮᠡᠴᠡᠨ ᠣᠯᠬᠤ ᠶᠢᠨ ᠲᠥᠯᠥᠭᠡ ᠦᠵᠡᠭᠦᠯᠦᠭᠰᠡᠨ ᠠᠭᠤᠤ ᠭᠠᠪᠢᠶ᠎ᠠ ᠠᠤᠭ᠎ᠠ ᠵᠢᠳᠬᠦᠯ ᠪᠣᠯᠣᠨ ᠭᠠᠷᠮᠠᠭᠠᠢ ᠬᠤᠪᠢ ᠨᠡᠮᠡᠷᠢ ᠶᠢ ᠭᠦᠨᠵᠡᠭᠡᠢ ᠣᠶᠢᠯᠠᠭᠠᠵᠤ᠂ ᠠᠬᠠᠮᠠᠳ ᠨᠢᠭᠡ ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠤ ᠦᠨᠡᠨ ᠶᠣᠰᠣ ᠶᠢ ᠪᠠᠷᠢᠮᠲᠠᠯᠠᠵᠤ᠂ ᠬᠦᠰᠡᠯᠡᠩ ᠢᠶᠠᠨ ᠪᠠᠲᠤᠳᠬᠠᠵᠤ᠂ ᠦᠷᠡᠭᠳᠡᠯ ᠰᠦᠢᠳᠦᠯ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠵᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠬᠤ ᠡᠷᠬᠢᠮ ᠳᠡᠭᠡᠳᠦ ᠵᠣᠷᠢᠭ ᠰᠠᠨᠠᠭ᠎ᠠ ᠶᠢ ᠨᠡᠩ ᠭᠦᠨ ᠭᠦᠨᠵᠡᠭᠡᠢ ᠣᠶᠢᠯᠠᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠦᠨᠡᠨ ᠪᠣᠳᠠᠲᠠᠢ ᠪᠠᠷ ᠬᠥᠮᠥᠵᠢᠭᠦᠯᠦᠨ ᠬᠥᠲᠥᠯᠥᠨ ᠵᠢᠯᠤᠭᠤᠳᠴᠤ ᠬᠤᠪᠢᠰᠬᠠᠯ ᠤᠨ ᠰᠣᠶᠣᠯ᠂ ᠬᠤᠪᠢᠰᠬᠠᠯ ᠤᠨ ᠤᠳᠤᠮᠰᠢᠯ ᠠᠴᠠ ᠬᠦᠴᠦᠨ ᠴᠢᠳᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠪᠠ᠃
1720143873147005108.png
        ᠲᠤᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠣᠯ ᠨᠢᠭᠡ ᠤᠳᠠᠭᠠᠨ ᠤ ᠠᠮᠢᠳᠤᠯᠢᠭ ᠨᠠᠮᠴᠢ ᠴᠢᠨᠠᠷ ᠤᠨ ᠬᠥᠮᠦᠵᠢᠯ ᠪᠣᠯᠬᠤ ᠪᠥᠭᠡᠳ ᠪᠠᠰᠠ ᠴᠤ ᠨᠢᠭᠡ ᠤᠳᠠᠭᠠᠨ ᠤ ᠣᠯᠳᠠᠬᠤᠶ᠎ᠠ ᠪᠡᠷᠬᠡ ᠰᠣᠶᠣᠯ ᠤᠨ ᠳᠠᠪᠲᠠᠯᠲᠠ ᠮᠥᠨ᠂ ᠨᠡᠩ ᠴᠤ ᠨᠢᠭᠡ ᠤᠳᠠᠭᠠᠨ ᠤ ᠭᠦᠨ ᠭᠦᠨᠵᠡᠭᠡᠢ ᠦᠵᠡᠯ ᠰᠠᠨᠠᠭᠠᠨ ᠤ ᠤᠬᠢᠶᠠᠯ ᠮᠥᠨ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠭᠡᠷᠡᠯ ᠰᠠᠴᠤᠷᠠᠩᠭᠤᠢ ᠲᠡᠦᠬᠡ ᠪᠠᠨ ᠪᠠᠲᠤ ᠴᠡᠭᠡᠵᠢᠯᠡᠵᠦ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢᠶᠠᠨ ᠰᠢᠩᠭᠡᠬᠡᠨ ᠠᠪᠴᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠨᠠᠮ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ᠂ ᠨᠠᠮ ᠤᠨ ᠲᠥᠯᠥᠭᠡ ᠠᠷᠭ᠎ᠠ ᠪᠣᠳᠣᠯᠭ᠎ᠠ ᠭᠠᠷᠭᠠᠬᠤ ᠶᠢ ᠪᠠᠲᠤ ᠰᠠᠬᠢᠵᠤ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠪᠠ ᠨᠡᠩ ᠰᠢᠯᠢᠳᠡᠭ ᠬᠢᠷᠢ ᠪᠦᠲᠦᠮᠵᠢ ᠪᠠᠷ ᠵᠡᠭᠡᠯᠢ ᠭᠤᠳᠤᠮᠵᠢ ᠶᠢᠨ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号