ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠠᠷᠰᠢᠮᠠᠲᠠᠭᠠᠶ ᠴᠢᠨᠠᠷᠲᠠᠶ ᠡᠪᠡᠳᠴᠢᠨ | ᠡᠮᠭᠡᠭ ᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠬᠠᠷᠢᠶ᠎ᠠ ᠣᠷᠣᠨ ᠤ ᠣᠯᠠᠨ ᠲᠦᠮᠡᠨ ᠤ ᠬᠠᠷᠰᠢᠮᠠᠲᠠᠭᠠᠶ ᠴᠢᠨᠠᠷᠲᠠᠶ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ | ᠪᠠ ᠡᠮᠨᠡᠨ ᠵᠠᠰᠠᠬᠤ ᠲᠤᠬᠠᠶ ᠲᠠᠨᠢᠯᠲᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠪᠠᠳᠭᠡᠷ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠲᠣᠰ ᠲᠣᠰ ︽ᠬᠠᠷᠰᠢᠮᠠᠲᠠᠭᠠᠶ ᠡᠪᠡᠳᠴᠢᠨ ᠢ ᠰᠡᠷᠭᠡᠶᠢᠯᠡᠨ ᠵᠠᠰᠠᠬᠤ᠂ ᠠᠮᠢᠰᠬᠤᠯ ᠢᠶᠠᠨ ᠰᠢᠯᠤᠭᠤᠳᠬᠠᠬᠤ᠂ | ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠤᠷᠢᠳᠠᠪᠠᠷ ᠰᠡᠷᠭᠡᠶᠢᠯᠡᠬᠦ︾ ᠭᠤᠤᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠮᠨᠡᠯᠭᠡ ᠶᠢᠨ ᠠᠵᠢᠯᠲᠠᠳ ᠬᠠᠷᠢᠶᠠᠲᠤ ᠣᠷᠣᠨ ᠤ ᠣᠯᠠᠨ | ᠲᠦᠮᠡᠨ ᠳᠤ ᠬᠠᠷᠰᠢᠮᠠᠲᠠᠭᠠᠶ ᠴᠢᠨᠠᠷᠲᠠᠶ ᠡᠪᠡᠳᠴᠢᠨ ᠡᠮᠭᠡᠭ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠤ ᠢᠯᠡᠷᠡᠯ᠂ | ᠡᠭᠦᠰᠭᠡᠬᠦ ᠬᠦᠴᠦᠨ ᠵᠦᠢᠯ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠲᠠᠶᠢᠯᠪᠤᠷᠢᠯᠠᠵᠤ᠂ | ᠬᠠᠷᠰᠢᠮᠠᠲᠠᠭᠠᠶ ᠴᠢᠨᠠᠷᠲᠠᠶ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠳᠤᠮᠳᠠᠬᠢ ᠴᠢᠬᠤᠯᠠ ᠴᠢᠨᠠᠷ ᠢ ᠣᠨᠴᠠᠭᠠᠶᠢᠯᠠᠨ | ᠴᠢᠬᠤᠯᠠᠴᠢᠯᠠᠬᠤ ᠶᠢᠨ ᠬᠠᠮᠲᠤ ᠪᠠᠰᠠ ᠬᠠᠷᠰᠢᠮᠠᠲᠠᠭᠠᠶ ᠬᠠᠮᠠᠷ ᠤᠨ ᠦᠷᠪᠢᠰᠦᠯ᠂ ᠬᠢᠷᠬᠢᠷ᠎ᠡ ᠵᠡᠷᠭᠡ ᠪᠠᠶᠢᠩᠭᠤ | ᠲᠣᠬᠢᠶᠠᠯᠳᠤᠬᠤ ᠬᠠᠷᠰᠢᠮᠠᠲᠠᠭᠠᠶ ᠡᠪᠡᠳᠴᠢᠨ ᠡᠮᠭᠡᠭ ᠤᠨ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠦ᠂ ᠠᠳᠠᠯᠢ | ᠪᠤᠰᠤ ᠡᠪᠡᠳᠴᠢᠨ ᠤ ᠢᠯᠡᠷᠡᠯ ᠲᠠᠢ ᠡᠪᠡᠳᠴᠢᠲᠡᠨ ᠳᠤ ᠴᠢᠭᠯᠡᠭᠦᠯᠦᠨ ᠵᠦᠶ ᠵᠣᠬᠢᠰᠲᠠᠶ ᠡᠮᠨᠡᠨ ᠵᠠᠰᠠᠬᠤ ᠰᠠᠨᠠᠭᠤᠯᠭ᠎ᠠ | ᠳᠤᠷᠠᠳᠪᠠ᠃ | | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠳᠤ ᠬᠠᠷᠰᠢᠬᠤ ᠠᠴᠠ ᠰᠡᠷᠭᠡᠶᠢᠯᠡᠬᠦ | ᠬᠦᠨᠳᠦ ᠨᠣᠴᠢᠲᠠᠶ ᠴᠢᠨᠠᠷ ᠪᠠ ᠬᠠᠷᠰᠢᠬᠤ ᠠᠴᠠ ᠰᠡᠷᠭᠡᠶᠢᠯᠡᠬᠦ ᠶᠢᠨ ᠴᠢᠬᠤᠯᠠ ᠴᠢᠨᠠᠷ ᠢ ᠭᠦᠨᠵᠡᠭᠡᠶ | ᠲᠠᠨᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠮᠠᠰᠢ ᠣᠯᠠᠨ ᠬᠡᠷᠡᠭᠯᠡᠭᠡᠨ ᠤ ᠬᠠᠷᠰᠢᠬᠤ ᠠᠴᠠ ᠰᠡᠷᠭᠡᠶᠢᠯᠡᠬᠦ ᠠᠷᠭ᠎ᠠ ᠶᠢ | ᠰᠤᠷᠴᠤ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠭᠰᠡᠨ | ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠤᠭᠤᠷᠢᠭ ᠤᠨ ᠡᠯ᠎ᠡ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠨᠢ ᠣᠯᠠᠨ ᠲᠦᠮᠡᠨ ᠳᠤ ᠡᠯ᠎ᠡ ᠲᠥᠷᠥᠯ ᠤᠨ ᠡᠷᠡᠭᠦᠯ ᠮᠡᠨᠳᠦ ᠶᠢᠨ ᠮᠡᠳᠡᠯᠭᠡ ᠶᠢ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠬᠠᠩᠭᠠᠵᠤ᠂ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ | ᠮᠠᠶ᠋ᠢᠭ ᠢ ᠦᠢᠯᠡᠳᠦᠯᠭᠡᠵᠢᠭᠦᠯᠦᠨ᠎ᠡ᠃ | |