ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠨ᠎ᠡ — ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠳᠤᠯᠠᠭᠠᠴᠠ ᠶᠢ ᠳᠡᠭᠡᠭᠰᠢᠯᠡᠭᠦᠯᠤᠨ᠎ᠡ
ᠨᠡᠶᠢᠲᠡᠯᠡᠭᠰᠡᠨ ᠴᠠᠭ᠄
2024/9/12
        ᠨᠡᠶᠢᠭᠡᠮ ᠤᠨ ᠠᠪᠤᠷᠠᠨ ᠲᠤᠰᠠᠯᠠᠬᠤ ᠠᠵᠢᠯ ᠨᠢ ᠨᠡᠶᠢᠭᠡᠮ ᠲᠣᠭᠤᠷᠢᠭ ᠤᠨ ᠰᠠᠭᠤᠷᠢ ᠪᠣᠯᠤᠭᠰᠠᠨ ᠤ ᠬᠤᠪᠢ ᠳᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠣᠯᠤᠨ ᠠᠷᠠᠳ ᠤᠨ ᠰᠡᠳᠬᠢᠯ ᠤᠨ ᠬᠠᠨᠳᠤᠰᠢ ᠶᠢ ᠨᠢᠭᠲᠠ ᠬᠤᠯᠪᠣᠵᠤ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠪᠠᠶᠢᠭᠤᠯᠬᠤ ᠳᠤ ᠳᠤᠲᠠᠭᠳᠠᠵᠤ ᠪᠣᠯᠤᠰᠢ ᠦᠭᠡᠢ ᠬᠦᠴᠦᠨ ᠴᠢᠳᠠᠯ ᠪᠣᠯᠤᠨ᠎ᠠ᠃ ᠨᠡᠶᠢᠭᠡᠮ ᠲᠣᠭᠤᠷᠢᠭ ᠨᠢ ᠲᠡᠭᠦᠨ ᠢ ᠭᠦᠨᠵᠡᠭᠡᠶ ᠣᠶᠢᠯᠠᠭᠠᠵᠤ᠂ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠪᠠᠷᠢᠮᠲᠠᠯᠠᠨ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠬᠠᠯᠠᠭᠤᠨ ᠳᠤᠯᠠᠭᠠᠨ ᠲᠣᠤᠷ ᠰᠦᠯᠵᠢᠶ᠎ᠡ ᠶᠢ ᠨᠠᠷᠢᠨ ᠨᠢᠮᠪᠠᠶ ᠰᠦᠯᠵᠢᠵᠦ᠂ ᠠᠵᠢᠯ ᠤᠨ ᠠᠷᠭ᠎ᠠ ᠵᠠᠮ ᠢ ᠲᠠᠰᠤᠷᠠᠯᠲᠠ ᠥᠬᠡᠶ ᠰᠦᠪᠡᠭᠴᠢᠯᠡᠨ ᠰᠢᠨ᠎ᠡ ᠶᠢ ᠡᠭᠦᠳᠴᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠦᠴᠢᠷᠳᠡᠯᠲᠡᠶ ᠣᠯᠠᠨ ᠲᠦᠮᠡᠨ ᠳᠤ ᠲᠤᠯᠭᠠᠷᠠᠵᠤ ᠪᠠᠶᠢᠭ᠎ᠠ ᠵᠦᠢᠯ ᠤᠨ ᠥᠷᠢᠰᠥᠯᠳᠦᠭᠡᠨ ᠪᠠ ᠬᠦᠴᠢᠷᠳᠡᠯ ᠢ ᠰᠢᠢᠳᠪᠦᠷᠢᠯᠡᠬᠦ ᠪᠠᠷ ᠴᠢᠷᠮᠠᠶᠢᠨ᠎ᠠ᠃        ᠡᠷᠦᠭᠡ ᠳᠤ ᠤᠷᠤᠵᠤ ᠬᠠᠷᠭᠤᠭᠤᠯᠤᠨ ᠪᠠᠶᠢᠴᠠᠭᠠᠵᠤ᠂ ᠢᠳᠡᠪᠬᠢᠳᠡᠢ ᠬᠠᠪᠰᠤᠷᠤᠨ ᠳᠡᠳᠭᠦᠨ᠎ᠡ        ᠰᠢᠨ ᠸᠠᠩ ᠨᠡᠶᠢᠭᠡᠮ ᠲᠣᠭᠤᠷᠢᠭ ᠤᠨ ᠠᠵᠢᠯᠲᠠᠳ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠬᠤᠶᠠᠷ ᠬᠥᠯ ᠢᠶᠠᠷ ᠬᠡᠮᠵᠢᠭᠦᠷ ᠪᠣᠯᠭᠠᠵᠤ᠂ ᠠᠶᠢᠯ ᠡᠷᠦᠬᠡ ᠪᠠᠷ ᠭᠡᠷᠡᠯ ᠭᠡᠭᠡ ᠶᠢ ᠬᠡᠮᠵᠢᠵᠦ᠂ ᠬᠦᠰᠡᠯ ᠱᠠᠭᠠᠷᠳᠠᠯᠭ᠎ᠠ ᠨᠢᠭᠡᠪᠦᠷᠢ ᠶᠢ ᠰᠡᠳᠬᠢᠯ ᠲᠠᠯᠪᠢᠨ ᠰᠣᠨᠣᠰᠴᠤ᠂ ᠲᠦᠷᠦ ᠶᠢᠨ ᠪᠤᠳᠤᠯᠭ᠎ᠠ ᠶᠢᠨ ᠭᠡᠷᠡᠯ ᠢᠶᠠᠷ ᠤᠷᠤᠭᠰᠢᠯᠠᠯᠲᠠ ᠶᠢᠨ ᠵᠠᠮ ᠢ ᠭᠡᠷᠡᠯᠳᠦᠬᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠯᠠᠮᠵᠢᠯᠠᠯ ᠴᠢᠬᠤᠯᠠᠲᠠᠶ ᠰᠡᠳᠬᠢᠯ ᠨᠢᠭᠡᠪᠦᠷᠢ ᠶᠢ ᠳᠤᠯᠠᠭᠠᠴᠠᠭᠤᠯᠤᠨ᠎ᠠ᠃ ᠪᠥᠬᠦ ᠲᠠᠯ᠎ᠠ ᠪᠠᠷ ᠡᠷᠦᠬᠡ ᠳᠤ ᠣᠷᠣᠵᠤ ᠬᠢᠨᠠᠨ ᠪᠠᠶᠢᠴᠠᠭᠠᠬᠤ ᠪᠠᠷ ᠳᠡᠮᠵᠢᠨ᠂ ᠪᠢᠳᠡ ᠠᠮᠢᠳᠤᠷᠠᠯ ᠤᠨ ᠬᠦᠴᠢᠷᠳᠡᠯ ᠲᠠᠢ ᠡᠷᠦᠬᠡ᠂ ᠡᠪᠡᠳᠴᠢᠲᠡᠨ ᠤ ᠪᠦᠯᠦᠭᠵᠢᠯ᠂ ᠵᠡᠮᠳᠡᠭᠴᠦᠳ ᠵᠢᠴᠢ ᠥᠨᠳᠥᠷ ᠨᠠᠰᠤᠲᠠᠶ ᠨᠠᠰᠤᠲᠠᠨ ᠵᠡᠷᠭᠡ ᠣᠨᠴᠠᠭᠠᠶ ᠬᠥᠮᠦᠰ ᠤᠨ ᠣᠷᠣᠰᠢᠨ ᠠᠮᠢᠳᠤᠷᠠᠵᠤ ᠪᠠᠶᠢᠭ᠎ᠠ ᠣᠳᠣᠬᠢ ᠪᠠᠶᠢᠳᠠᠯ ᠬᠢᠭᠡᠳ ᠰᠡᠳᠬᠢᠴᠡ ᠶᠢᠨ ᠬᠡᠷᠡᠭᠴᠡᠭᠡ ᠶᠢ ᠨᠠᠷᠢᠨ ᠣᠶᠢᠯᠠᠭᠠᠵᠤ᠂ ᠬᠦᠴᠢᠷᠳᠡᠯᠲᠡᠶ ᠣᠯᠠᠨ ᠲᠦᠮᠡᠨ ᠤ ᠲᠠᠩᠰᠠ ᠡᠪᠬᠡᠮᠡᠯ ᠤᠨ ᠬᠥᠮᠥᠷᠭᠡ ᠶᠢ ᠨᠠᠷᠢᠨ ᠨᠢᠮᠪᠠᠶ ᠪᠠᠶᠢᠭᠤᠯᠵᠤ᠂ ᠮᠠᠲ᠋ᠧᠷᠢᠶᠠᠯ ᠨᠢᠭᠡᠪᠦᠷᠢ ᠳᠤ ᠴᠥᠮ ᠲᠡᠳᠡᠨ ᠳᠤ ᠭᠦᠨ ᠬᠠᠶᠢᠷ᠎ᠠ ᠬᠠᠯᠠᠮᠵᠢ ᠶᠢ ᠠᠴᠢᠶᠠᠯᠠᠵᠤ ᠪᠠᠶᠢᠬᠤ ᠶᠢ ᠦᠨᠡᠨ ᠬᠦ ᠪᠠᠲᠤᠯᠠᠪᠠ᠃ ᠬᠡᠷ ᠪᠦᠯᠢ ᠨᠢᠭᠡᠪᠦᠷᠢ ᠶᠢᠨ ᠥᠪᠡᠷᠮᠢᠴᠡ ᠬᠦᠴᠢᠷᠳᠡᠯ ᠳᠤ ᠴᠢᠭᠯᠡᠭᠦᠯᠦᠨ᠂ ᠪᠢᠳᠡ ᠬᠠᠪᠰᠤᠷᠤᠨ ᠲᠡᠳᠬᠦᠬᠦ ᠲᠥᠰᠦᠯ ᠢ ᠪᠡᠶ᠎ᠡ ᠪᠠᠷ ᠢᠶᠠᠨ ᠲᠣᠭᠲᠠᠭᠠᠵᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠪᠠᠷ ᠴᠢᠷᠮᠠᠶᠢᠵᠤ᠂ ᠬᠦᠴᠢᠷᠳᠡᠯᠲᠡᠶ ᠣᠯᠠᠨ ᠲᠦᠮᠡᠨ ᠳᠤ ᠨᠡᠶᠢᠭᠡᠮ ᠤᠨ ᠬᠠᠶᠢᠷ᠎ᠠ ᠬᠠᠯᠠᠮᠵᠢ ᠪᠠ ᠬᠦᠴᠦᠨ ᠴᠢᠳᠠᠯ ᠢ ᠦᠨᠡᠨ ᠬᠦ ᠮᠡᠳᠡᠷᠡᠭᠦᠯᠬᠦ ᠶᠢᠨ ᠤᠯᠠᠮ ᠠᠴᠠ ᠲᠡᠳᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠪᠡ᠃ ᠣᠳᠣᠬᠠᠨ ᠪᠣᠯᠲᠠᠯ᠎ᠠ᠂ ᠨᠡᠶᠢᠭᠡᠮ ᠲᠣᠭᠤᠷᠢᠭ ᠲᠤ ᠨᠢᠭᠡᠨᠲᠡ 73 ᠡᠷᠦᠬᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃        ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠵᠣᠯ ᠵᠢᠷᠭᠠᠯ ᠢ ᠳᠠᠮᠵᠢᠭᠤᠯᠤᠨ᠎ᠠ        ᠰᠢᠨ ᠸᠠᠩ ᠨᠡᠶᠢᠭᠡᠮ ᠲᠣᠭᠤᠷᠢᠭ ᠤᠨ ᠬᠢᠨ ᠡᠯ᠎ᠡ ᠵᠦᠢᠯ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠰᠦᠯᠵᠢᠶᠡᠨ ᠳᠡᠭᠡᠷᠡᠬᠢ ᠪᠠ ᠪᠤᠳᠠᠳᠦ ᠴᠤᠭᠴᠠ︾ ᠶᠢᠨ ᠬᠡᠯᠪᠡᠷᠢ ᠶᠢ ᠠᠪᠴᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠪᠠ᠃ ᠰᠦᠯᠵᠢᠶᠡᠨ ᠳᠡᠭᠡᠷ᠎ᠡ ᠤᠯᠠᠨ ᠨᠡᠶᠢᠲᠡ ᠶᠢᠨ ᠸᠢᠴᠠᠲ ᠲᠠᠪᠴᠠᠩ᠂ ᠰᠠᠭᠤᠭᠠᠯᠢ ᠠᠷᠠᠳ ᠤᠨ ᠸᠢᠴᠠᠲ ᠤᠨ ᠴᠤᠭᠯᠠᠷᠠᠯ ᠵᠡᠷᠭᠡ ᠪᠠᠷ ᠳᠠᠮᠵᠢᠭᠤᠯᠤᠨ ᠲᠦᠷ ᠴᠠᠭ ᠤᠨ ᠠᠪᠤᠷᠠᠨ ᠲᠤᠰᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠳᠠᠮᠵᠢᠭᠤᠯᠤᠨ ᠬᠦᠷᠭᠡᠪᠡ︔ ᠪᠣᠳᠠᠳᠦ ᠠᠮᠢᠳᠤᠷᠠᠯ ᠳᠤᠮᠳᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠤᠨ ᠣᠨᠣᠪᠴᠢᠲᠤ ᠴᠢᠨᠠᠷ ᠪᠠ ᠴᠠᠭᠴᠢ ᠴᠢᠨᠠᠷ ᠢ ᠰᠡᠷᠭᠡᠶᠢᠯᠡᠨ ᠳᠡᠭᠡᠭᠰᠢᠯᠡᠭᠦᠯᠵᠦ᠂ ᠡᠳ᠋ᠯᠡᠬᠦ ᠶᠣᠰᠣᠲᠠᠶ ᠶᠢ ᠨᠢ ᠪᠦᠬᠦᠨ ᠢ ᠡᠳ᠋ᠯᠡᠬᠦ ᠶᠢ ᠴᠢᠷᠮᠠᠶᠢᠨ ᠪᠡᠶᠡᠯᠡᠭᠦᠯᠵᠦ᠂ ᠬᠦᠴᠢᠷᠳᠡᠯ ᠲᠠᠢ ᠬᠠᠮᠲᠤᠯᠢᠭ ᠢ ᠦᠨᠡᠨ ᠬᠦ ᠬᠠᠪᠰᠤᠷᠬᠤ ᠬᠡᠷᠡᠭᠲᠡᠶ᠃ 6 ᠡᠷᠦᠬᠡ᠂ 6 ᠬᠥᠮᠦᠨ ᠲᠦᠷ ᠴᠠᠭ ᠤᠨ ᠠᠪᠤᠷᠠᠨ ᠲᠤᠰᠠᠯᠠᠯᠲᠠ ᠶᠢᠨ ᠠᠵᠢᠯ ᠬᠢᠵᠦ᠂ ᠲᠡᠳᠡᠨ ᠤ ᠠᠮᠢᠳᠤᠷᠠᠯ ᠤᠨ ᠳᠠᠷᠤᠭᠠᠰᠤ ᠶᠢ ᠪᠦᠲᠦᠮᠵᠢᠲᠡᠶ ᠬᠦᠩᠭᠡᠷᠡᠭᠦᠯᠦᠭᠰᠡᠨ ᠪᠠᠶᠢᠨ᠎ᠠ᠃
1.jpg
        ᠨᠠᠷᠢᠯᠢᠭ ᠣᠨᠣᠪᠴᠢᠲᠠᠢ ᠦᠢᠯᠡᠴᠢᠯᠡᠵᠦ᠂ ᠬᠦᠴᠢᠷ ᠪᠡᠷᠬᠡᠰᠢᠶᠡᠯ ᠢ ᠰᠢᠢᠳᠪᠦᠷᠢᠯᠡᠨ᠎ᠡ        ᠰᠢᠨ ᠸᠠᠩ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠪᠠᠨ ᠬᠦᠴᠢᠷᠳᠡᠯᠲᠡᠢ ᠰᠠᠭᠤᠭᠠᠯᠢ ᠠᠷᠠᠳ ᠤᠨ ᠭᠡᠨᠡᠳᠲᠡ ᠶᠢᠨ ᠴᠢᠨᠠᠷᠲᠠᠶ᠂ ᠪᠠᠴᠢᠮ ᠪᠡᠷᠬᠡ ᠴᠢᠨᠠᠷᠲᠠᠢ ᠠᠪᠤᠷᠠᠨ ᠲᠤᠰᠠᠯᠠᠬᠤ ᠠᠵᠢᠯ ᠳᠤ ᠴᠢᠭᠯᠡᠭᠦᠯᠦᠨ᠂ ᠲᠦᠷ ᠴᠠᠭ ᠤᠨ ᠠᠪᠤᠷᠠᠨ ᠲᠤᠰᠠᠯᠠᠬᠤ ᠳᠠᠪᠠᠭᠤᠯᠢᠭ ᠢᠶᠠᠨ ᠦᠨᠡᠨ ᠬᠦ ᠪᠠᠳᠠᠷᠠᠭᠤᠯᠵᠤ᠂ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠵᠦ᠂ ᠰᠠᠭᠤᠭᠠᠯᠢ ᠠᠷᠠᠳ ᠲᠤ ᠦᠨᠡᠨ ᠬᠦ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ᠃  ᠬᠠᠷᠢᠶᠠᠲᠤ ᠣᠷᠣᠨ ᠤ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠬᠡᠷ ᠲᠡᠭᠡᠨ ᠬᠤᠴᠣᠷᠤᠭᠰᠠᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠨ ᠪᠠᠶᠢᠴᠠᠭᠠᠵᠤ᠂ ᠬᠠᠷᠢᠶᠠᠲᠤ ᠣᠷᠣᠨ ᠤ ᠮᠡᠳᠡᠭᠡ ᠵᠠᠩᠭᠢ ᠶᠢᠨ ᠡᠬᠡ ᠲᠠᠩᠰᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠭᠲᠠᠭᠰᠠᠨ ᠴᠠᠭ ᠲᠤ ᠬᠡᠷ ᠲᠤᠨᠢ ᠬᠦᠷᠴᠦ ᠰᠤᠷᠪᠤᠯᠵᠢᠯᠠᠨ᠂ ᠬᠠᠶᠢᠷ᠎ᠠ ᠬᠠᠯᠠᠮᠵᠢ ᠬᠦᠷᠲᠡᠭᠡᠵᠦ᠂ ᠬᠡᠷ ᠲᠤᠨᠢ ᠬᠦᠷᠴᠦ ᠨᠠᠰᠤᠲᠠᠶᠢᠴᠤᠳ ᠤᠨ ᠭᠡᠷᠡᠴᠢᠯᠡᠯ᠂ ᠵᠢᠷᠤᠮ ᠤᠨ ᠡᠮᠴᠢᠯᠡᠭᠡ᠂ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠭᠡᠬᠦ᠂ ᠬᠠᠪᠰᠤᠷᠤᠨ ᠲᠡᠳᠬᠦᠵᠦ ᠲᠣᠬᠤᠨᠢᠭᠤᠯᠬᠤ ᠵᠡᠷᠭᠡ ᠦᠢᠯᠡᠴᠢᠯᠡᠭᠡ ᠶᠢ ᠥᠷᠨᠢᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾ ᠢ ᠨᠡᠪᠲᠡᠷᠡᠭᠦᠯᠪᠡ᠃ 80 ᠨᠠᠰᠤᠨ ᠤ ᠥᠨᠳᠥᠷ ᠨᠠᠰᠤᠨ ᠤ ᠨᠥᠬᠦᠪᠥᠷᠢ ᠶᠢ 7 ᠬᠥᠮᠦᠨ ᠪᠣᠯᠭᠠᠨ ᠨᠡᠮᠡᠭᠳᠡᠭᠦᠯᠵᠦ᠂ 1 ᠨᠡᠷᠡᠰ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ ᠤᠨ ᠰᠤᠷᠭᠠᠭᠤᠯᠢ ᠳᠤ ᠰᠠᠭᠤᠬᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃
2.jpg
 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号