ᠦᠨᠡᠨᠴᠢ ᠢᠲᠡᠭᠡᠮᠵᠢ ᠶᠢᠨ ᠪᠠᠶᠢᠭᠤᠯᠤᠯᠲᠠ᠄ ᠦᠨᠡᠨᠴᠢ ᠢᠲᠡᠭᠡᠮᠵᠢ ᠶᠢᠨ ᠤᠬᠠᠭᠤᠯᠭ᠎ᠠ — ᠦᠨᠡᠨᠴᠢ ᠢᠲᠡᠭᠡᠮᠵᠢ ᠲᠠᠢ ᠬᠥᠮᠦᠨ ᠪᠤᠯᠵᠤ᠂ ᠦᠨᠡᠨᠴᠢ ᠢᠲᠡᠭᠡᠮᠵᠢ ᠲᠠᠢ ᠠᠵᠢᠯ ᠬᠢᠬᠦ
ᠨᠡᠶᠢᠲᠡᠯᠡᠭᠰᠡᠨ ᠴᠠᠭ᠄
2024/9/12
        ᠦᠨᠡᠨᠴᠢ ᠢᠲᠡᠭᠡᠮᠵᠢᠲᠡᠢ ᠪᠠᠶᠢᠬᠤ ᠪᠣᠯ ᠬᠥᠮᠦᠨ ᠲᠥᠷᠥᠯᠬᠢᠲᠡᠨ ᠤ ᠦᠨᠢ ᠤᠳᠠᠭᠠᠨ ᠵᠢᠯ ᠤᠯᠠᠮᠵᠢᠯᠠᠭᠳᠠᠨ ᠢᠷᠡᠭᠰᠡᠨ ᠰᠢᠯᠢᠳᠡᠭ ᠶᠣᠰᠣ ᠰᠤᠷᠲᠠᠬᠤᠨ ᠵᠠᠩ ᠴᠢᠨᠠᠷ ᠪᠣᠯᠤᠨ᠎ᠠ᠃ ᠦᠨᠡᠨᠴᠢ ᠢᠲᠡᠭᠡᠮᠵᠢ ᠪᠣᠯ ᠬᠤᠪᠢ ᠬᠥᠮᠦᠨ ᠤ ᠶᠣᠰᠣ ᠰᠤᠷᠲᠠᠬᠤᠨ ᠤ ᠰᠠᠭᠤᠷᠢ ᠮᠥᠷᠲᠡᠭᠡᠨ ᠪᠠᠰᠠ ᠨᠡᠶᠢᠭᠡᠮ ᠤᠨ ᠬᠡᠪ ᠤᠨ ᠠᠵᠢᠯᠯᠠᠭᠠᠨ ᠤ ᠳᠤᠲᠠᠭᠳᠠᠵᠤ ᠪᠣᠯᠤᠰᠢ ᠦᠭᠡᠢ ᠨᠥᠬᠦᠴᠡᠯ ᠮᠥᠨ᠃ ᠦᠨᠡᠨᠴᠢ ᠢᠲᠡᠭᠡᠮᠵᠢ ᠳᠤᠲᠠᠭᠳᠠᠭᠰᠠᠨ ᠬᠤᠪᠢ ᠬᠥᠮᠦᠨ ᠪᠤᠰᠤᠳ ᠤᠨ ᠵᠥᠪᠰᠢᠶᠡᠷᠡᠯ ᠢ ᠠᠯᠳᠠᠵᠤ᠂ ᠦᠨᠡᠨᠴᠢ ᠢᠲᠡᠭᠡᠮᠵᠢ ᠳᠤᠲᠠᠮᠠᠭ ᠨᠡᠶᠢᠭᠡᠮ ᠬᠥᠮᠦᠨ ᠪᠣᠯᠤᠨ ᠬᠥᠮᠦᠨ ᠤ ᠬᠤᠭᠤᠷᠣᠨᠳᠣᠬᠢ ᠬᠡᠪ ᠤᠨ ᠬᠠᠷᠢᠴᠠᠭᠠᠨ ᠤ ᠲᠤᠯᠭᠠᠭᠤᠷᠢᠯᠠᠯ ᠢ ᠠᠯᠳᠠᠬᠤ ᠪᠣᠯᠤᠨ᠎ᠠ᠃ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠨᠥᠬᠦᠴᠡᠯ ᠳᠣᠣᠷ᠎ᠠ ᠡᠷᠬᠡᠪᠰᠢ ᠠᠷᠠᠳ ᠢᠷᠭᠡᠳ ᠤᠨ ᠦᠨᠡᠨᠴᠢ ᠢᠲᠡᠭᠡᠮᠵᠢ ᠶᠢᠨ ᠬᠡᠪ ᠴᠢᠨᠠᠷ ᠢ ᠴᠢᠩᠭᠠᠳᠬᠠᠬᠤ ᠬᠡᠷᠡᠭᠲᠡᠶ᠃        1. ᠦᠨᠡᠨᠴᠢ ᠢᠲᠡᠭᠡᠮᠵᠢ ᠶᠢᠨ ᠠᠭᠤᠯᠤᠭᠳᠠᠬᠤᠨ        ︽ᠦᠨᠡᠨᠴᠢ︾ ᠶᠢᠨ ᠠᠭᠤᠯᠭ᠎ᠠ ᠳᠤ ᠪᠠᠰᠠ ᠬᠤᠶᠠᠷ ᠲᠠᠯ᠎ᠠ ᠪᠠᠭᠳᠠᠨ᠎ᠠ᠄ ᠨᠢᠭᠡ ᠳᠤ᠂ ᠦᠨᠡᠨ ᠪᠣᠳᠠᠲᠠᠶ᠂ ᠬᠤᠶᠠᠷ ᠲᠤ ᠴᠢᠩ ᠦᠨᠡᠨᠴᠢ᠃ ᠦᠨᠡᠨ ᠪᠤᠳᠠᠲᠠᠶ ᠶᠢᠨ ᠤᠳᠬ᠎ᠠ ᠪᠤᠯ ᠪᠤᠰᠤᠳᠴᠢ ᠬᠡᠷᠡᠭ ᠪᠤᠳᠠᠰ ᠤᠨ ᠤᠤᠯ ᠳᠦ᠋ᠷᠰᠦ ᠪᠠᠶᠢᠳᠠᠯ ᠢ ᠵᠣᠷᠢᠭᠤᠳᠠ ᠭᠠᠵᠢᠭᠤᠳᠠᠭᠤᠯᠬᠤ ᠦᠭᠡᠢ ᠭᠡᠰᠡᠨ ᠦᠭᠡ᠃ ᠬᠥᠮᠦᠨ ᠤ ᠪᠤᠰᠤᠳᠴᠢ ᠬᠡᠷᠡᠭ ᠪᠣᠳᠠᠰ ᠤᠨ ᠲᠤᠬᠠᠶ ᠲᠠᠨᠢᠯᠲᠠ ᠨᠢ ᠶᠡᠷᠦ ᠨᠢ ᠬᠤᠶᠠᠷ ᠲᠠᠯ᠎ᠠ ᠶᠢᠨ ᠠᠭᠤᠯᠭ᠎ᠠ ᠶᠢ ᠪᠠᠭᠲᠠᠭᠠᠵᠤ ᠪᠠᠶᠢᠭᠰᠠᠨ ᠶᠤᠮ᠄ ᠨᠢᠭᠡ ᠳᠤ᠂ ᠪᠤᠰᠤᠳᠴᠢ ᠬᠡᠷᠡᠭ ᠪᠣᠳᠠᠰ ᠤᠨ ᠬᠥᠮᠦᠨ ᠳᠤ ᠥᠭᠬᠦ ᠳᠠᠭᠤᠨ᠂ ᠭᠡᠷᠡᠯ᠂ ᠢᠯᠴᠢ ᠵᠡᠷᠭᠡ ᠤᠷᠮᠠᠰᠢᠭᠤᠯᠤᠯ ᠪᠣᠯᠤᠨ᠎ᠠ᠂ ᠬᠤᠶᠠᠷ ᠲᠤ᠂ ᠭᠤᠤᠯ ᠴᠣᠭᠴᠠ ᠠᠴᠠ ᠡᠳᠡᠭᠡᠷ ᠰᠡᠳᠡᠯᠲᠡ ᠶᠢᠨ ᠲᠤᠬᠠᠶ ᠪᠣᠯᠪᠠᠰᠤᠷᠠᠭᠤᠯᠬᠤ ᠪᠠ ᠡᠮᠬᠢᠯᠡᠵᠦ ᠪᠠᠶᠢᠳᠠᠭ᠃ ᠪᠡᠶᠡᠴᠢ ᠴᠣᠭᠴᠠ ᠨᠢ ᠪᠤᠰᠤᠳᠴᠢ ᠬᠡᠷᠡᠭ ᠪᠣᠳᠠᠰ ᠢ ᠪᠣᠯᠪᠠᠰᠤᠷᠠᠭᠤᠯᠤᠨ ᠡᠮᠬᠢᠯᠡᠬᠦ ᠠᠴᠠ ᠪᠣᠯᠵᠣ᠂ ᠲᠣᠰ ᠡᠮᠬᠢᠳᠬᠡᠯ ᠤᠨ ᠰᠠᠭᠤᠷᠢ ᠪᠣᠯᠤᠭᠰᠠᠨ ᠬᠥᠮᠦᠨ ᠤ ᠦᠢᠯᠡᠳᠦᠯᠭᠡ ᠨᠢ ᠪᠠᠰᠠ ᠲᠡᠤᠬᠡ ᠶᠢᠨ ᠨᠥᠬᠦᠴᠡᠯ ᠵᠡᠷᠭᠡ ᠶᠢᠨ ᠬᠢᠵᠠᠭᠠᠷᠯᠠᠯ ᠢ ᠬᠦᠯᠢᠶᠡᠳᠡᠭ᠂ ᠬᠥᠮᠦᠨ ᠤ ᠪᠡᠶᠡᠴᠢ ᠲᠠᠨᠢᠯᠲᠠ ᠪᠠ ᠪᠤᠰᠤᠳᠴᠢ ᠬᠤᠭᠤᠷᠣᠨᠳᠣᠬᠢ ᠵᠦᠷᠢᠶ᠎ᠡ ᠨᠢ ᠵᠠᠶᠢᠯᠠᠰᠢ ᠦᠭᠡᠢ ᠶᠤᠮ᠃ ᠭᠡᠪᠡᠴᠦ ᠦᠨᠡᠨ ᠪᠣᠳᠠᠲᠠᠢ ᠱᠠᠭᠠᠷᠳᠠᠯᠭ᠎ᠠ ᠨᠢ ᠥᠪᠡᠷ ᠤᠨ ᠣᠳᠣᠬᠢ ᠱᠠᠲᠤᠨ ᠳᠠᠭᠠᠨ ᠪᠤᠰᠤᠳᠴᠢ ᠬᠡᠷᠡᠭ ᠪᠣᠳᠠᠰ ᠤᠨ ᠲᠤᠬᠠᠢ ᠲᠠᠨᠢᠯᠲᠠ ᠳᠠᠭᠠᠨ ᠵᠥᠪ ᠢᠶᠠᠷ ᠪᠠᠶᠢᠬᠤ ᠠᠴᠠ ᠪᠢᠰᠢ᠂ ᠬᠠᠷᠢᠨ ᠶᠠᠮᠠᠷ ᠰᠢᠯᠲᠠᠭᠠᠨ ᠠᠴᠠ ᠪᠣᠯᠤᠭᠰᠠᠨ ᠦᠭᠡᠢ᠂ ᠢᠯᠠᠩᠭᠤᠶ᠎ᠠ ᠥᠪᠡᠷ ᠤᠨ ᠠᠰᠢᠭ ᠲᠤᠰᠠ ᠠᠴᠠ ᠪᠠᠨ ᠪᠣᠯᠵᠤ ᠵᠣᠷᠢᠭᠤᠳᠠ ᠲᠡᠭᠦᠨ ᠢ ᠭᠠᠵᠢᠭᠤᠳᠠᠭᠤᠯᠤᠭᠰᠠᠨ ᠠᠴᠠ ᠪᠣᠯᠤᠭᠰᠠᠨ ᠶᠤᠮ᠃ ᠴᠢᠩ ᠦᠨᠡᠨᠴᠢ ᠶᠢᠨ ᠤᠳᠬ᠎ᠠ ᠨᠢ ᠥᠪᠡᠷ ᠤᠨ ᠪᠡᠶᠡᠴᠢ ᠰᠠᠨᠠᠭᠠᠨ ᠤ ᠤᠭ ᠳᠦᠷᠢ ᠪᠠᠨ ᠰᠠᠨᠠᠭᠠᠴᠢᠯᠠᠭ᠎ᠠ ᠦᠭᠡᠢ ᠭᠠᠵᠢᠭᠤᠳᠠᠭᠤᠯᠬᠤ ᠭᠡᠰᠡᠨ ᠦᠭᠡ᠃  ᠬᠥᠮᠦᠨ ᠨᠢ ᠥᠪᠡᠷ ᠤᠨ ᠪᠡᠶᠡᠴᠢ ᠵᠣᠷᠢᠯᠲᠠ ᠪᠠᠨ ᠶᠡᠷᠦ ᠳᠤ ᠪᠠᠨ ᠣᠨᠣᠪᠴᠢᠲᠠᠶ ᠡᠵᠡᠮᠰᠢᠵᠦ ᠪᠠᠶᠢᠳᠠᠭ᠂ ᠭᠡᠪᠡᠴᠦ ᠰᠢᠭᠤᠳ ᠡᠳᠡᠭᠡᠷ ᠪᠡᠶᠡᠴᠢ ᠵᠣᠷᠢᠯᠭ᠎ᠠ ᠪᠠᠨ ᠢᠯᠡᠳᠭᠡᠳᠡᠭ ᠪᠣᠯᠬᠤᠷ ᠦᠨ᠎ᠡ ᠲᠥᠯᠥᠪᠦᠷᠢ ᠭᠠᠷᠭᠠᠵᠤ ᠮᠡᠳᠡᠨ᠎ᠡ᠃ ᠭᠡᠪᠡᠴᠦ ᠥᠪᠡᠷ ᠤᠨ ᠪᠡᠶ᠎ᠡ ᠳᠡᠭᠡᠨ ᠦᠨᠡᠨᠴᠢ ᠰᠢᠳᠤᠷᠭᠤ ᠪᠠᠶᠢᠬᠤ ᠶᠢ ᠴᠢᠩ ᠰᠡᠳᠬᠢᠯ ᠠᠴᠠ ᠪᠠᠨ ᠱᠠᠭᠠᠷᠳᠠᠬᠤ ᠠᠴᠠ ᠪᠢᠰᠢ᠂ ᠬᠠᠷᠢᠨ ᠦᠨ᠎ᠡ ᠦᠷᠳᠡᠭ ᠠᠴᠠ ᠠᠶᠤᠭᠠᠳ ᠥᠪᠡᠷ ᠢ ᠪᠠᠨ ᠭᠠᠵᠢᠭᠤᠳᠠᠭᠤᠯᠵᠤ ᠪᠣᠯᠬᠤ ᠦᠭᠡᠢ᠃ ᠦᠨᠡᠨ ᠪᠣᠳᠠᠲᠠᠢ ᠪᠣᠯᠤᠨ ᠴᠢᠩ ᠦᠨᠡᠨᠴᠢ ᠶᠢ ᠤᠶᠠᠯᠳᠤᠭᠤᠯᠪᠠᠯ᠂ ᠳᠠᠷᠤᠢ ︽ᠦᠨᠡᠨᠴᠢ︾ ᠶᠢᠨ ᠦᠨᠳᠦᠰᠦᠨ ᠠᠭᠤᠯᠭ᠎ᠠ ᠶᠢ ᠪᠦᠷᠢᠯᠳᠦᠭᠦᠯᠳᠡᠭ᠃        ︽ᠢᠲᠡᠭᠡᠮᠵᠢ︾ ᠭᠡᠳᠡᠭ ᠨᠢ ᠬᠥᠮᠥᠨ ᠬᠡᠯᠡᠭᠰᠡᠨ ᠦᠭᠡᠨ ᠳᠡᠭᠡᠨ ᠰᠠᠭᠤᠵᠤ᠂ ᠥᠪᠡᠷ ᠤᠨ ᠠᠮᠠᠯᠠᠯᠲᠠ ᠳᠠᠭᠠᠨ ᠬᠠᠷᠢᠭᠤᠴᠠᠵᠤ᠂ ᠬᠡᠯᠡᠭᠰᠡᠨ ᠦᠭᠡᠨ ᠳᠡᠭᠡᠨ ᠬᠠᠷᠢᠭᠤ ᠥᠭᠴᠦ᠂ ᠬᠡᠯᠡᠭᠰᠡᠨ ᠦᠭᠡᠨ ᠳᠡᠭᠡᠨ ᠦᠢᠯᠡ ᠠᠵᠢᠯᠯᠠᠭ᠎ᠠ ᠲᠠᠢ ᠪᠠᠶᠢᠬᠤ ᠶᠢ ᠬᠡᠯᠡᠵᠦ ᠪᠠᠶᠢᠨ᠎ᠠ᠃ ᠡᠷᠲᠡᠨ ᠤ ᠦᠶ᠎ᠡ ᠳᠤ᠂ ᠢᠲᠡᠭᠡᠮᠵᠢ — ᠲᠠᠬᠢᠯ ᠬᠢᠬᠦ ᠬᠦᠮᠦᠰ ᠤᠨ ᠰᠠᠬᠢᠭᠤᠯᠰᠤᠨ ᠳᠤ ᠬᠡᠯᠡᠭᠰᠡᠨ ᠦᠭᠡ ᠶᠢ ᠵᠢᠭᠠᠵᠤ ᠪᠠᠶᠢᠨ᠎ᠠ᠂ ᠡᠷᠲᠡᠨ ᠤ ᠬᠥᠮᠥᠰ ᠤᠨ ᠦᠵᠡᠬᠦ ᠪᠠᠷ ᠰᠠᠬᠢᠭᠤᠯᠰᠤᠨ ᠨᠢ ᠪᠠᠶᠢᠭᠠᠯᠢ ᠶᠢ ᠵᠠᠬᠢᠷᠴᠤ᠂ ᠥᠪᠡᠷ ᠢ ᠪᠠᠨ ᠨᠣᠶᠠᠷᠬᠠᠵᠤ ᠪᠠᠶᠢᠳᠠᠭ᠂ ᠡᠶᠢᠮᠦ ᠠᠴᠠ ᠡᠳᠡᠭᠡᠷ ᠳᠠᠬᠢᠯᠭ᠎ᠠ ᠶᠢᠨ ᠦᠭᠡ ᠨᠢ ᠲᠡᠳᠡᠨ ᠳᠤ ᠠᠪᠴᠤ ᠬᠡᠯᠡᠪᠡᠯ ᠶᠠᠯᠢᠮ ᠦᠭᠡᠢ ᠤᠳᠬ᠎ᠠ ᠠᠭᠤᠯᠭ᠎ᠠ ᠲᠠᠢ ᠲᠤᠯᠠ ᠡᠷᠬᠡᠪᠰᠢ ᠵᠢᠷᠤᠮᠯᠠᠨ ᠰᠠᠬᠢᠬᠤ ᠬᠡᠷᠡᠭᠲᠡᠢ ᠃ ᠬᠤᠵᠢᠮ ᠨᠢ ᠡᠨᠡ ᠬᠦ ᠤᠳᠬ᠎ᠠ ᠠᠭᠤᠯᠭ᠎ᠠ ᠥᠷᠭᠡᠵᠢᠵᠦ᠂ ᠰᠠᠬᠢᠭᠤᠯᠰᠤᠨ ᠤ ᠬᠡᠯᠡᠭᠰᠡᠨ ᠦᠭᠡᠨ  ᠳᠡᠭᠡᠨ ᠰᠠᠭᠤᠬᠤ ᠪᠢᠰᠢ᠂ ᠬᠠᠷᠢᠨ ᠠᠯᠢᠪᠠ ᠦᠭᠡᠨ ᠳᠤ ᠰᠠᠭᠤᠬᠤ ᠪᠣᠯᠵᠤ᠂ ᠬᠡᠯᠡᠪᠡᠯ ᠢᠲᠡᠭᠡᠮᠵᠢᠲᠡᠢ᠂ ᠬᠢᠪᠡᠯ ᠦᠷ᠎ᠡ ᠳ᠋ᠦᠩ ᠲᠠᠢ ᠪᠣᠯᠬᠤ ᠪᠣᠯᠵᠠᠢ᠃ ᠦᠨᠡᠨᠴᠢ ᠪᠠ ᠢᠲᠡᠭᠡᠮᠵᠢ ᠢᠯᠭᠠᠭ᠎ᠠ ᠲᠠᠢ᠄ ᠦᠨᠡᠨᠴᠢ ᠨᠢ ᠪᠡᠶᠡᠴᠢ ᠪᠠ ᠪᠤᠰᠤᠳᠴᠢ ᠪᠣᠳᠠᠲᠤ ᠪᠠᠶᠢᠳᠠᠯ ᠢ ᠭᠠᠵᠢᠭᠤᠳᠠᠭᠤᠯᠵᠤ ᠪᠣᠯᠬᠤ ᠦᠭᠡᠢ᠂ ᠵᠤᠭᠰᠤᠩᠭᠤᠢ ᠪᠠᠶᠢᠳᠠᠯ ᠤᠨ ᠦᠨᠡᠨ ᠪᠤᠲᠠᠲᠠᠢ ᠪᠠᠶᠢᠬᠤ ᠶᠢ ᠨᠡᠩ ᠴᠢᠬᠤᠯᠠᠴᠢᠯᠠᠬᠤ ᠬᠡᠷᠡᠭᠲᠡᠢ︔ ᠢᠲᠡᠭᠡᠮᠵᠢ ᠨᠢ ᠥᠪᠡᠷ ᠤᠨ ᠠᠮᠠᠯᠠᠯᠲᠠ ᠠᠴᠠ ᠪᠠᠨ ᠵᠥᠷᠢᠴᠡᠵᠦ ᠪᠣᠯᠬᠤ ᠦᠭᠡᠢ᠂ ᠨᠡᠩ ᠴᠤ ᠬᠥᠳᠡᠯᠦᠩᠭᠦᠢ ᠪᠠᠷ ᠪᠠᠲᠤ ᠰᠠᠬᠢᠬᠤ ᠶᠢ ᠴᠢᠬᠤᠯᠠᠴᠢᠯᠠᠨ᠎ᠠ᠃  ᠨᠡᠩ ᠬᠦᠨ ᠳᠠᠪᠬᠤᠷᠭ᠎ᠠ ᠠᠴᠠ᠂ ᠦᠨᠡᠨᠴᠢ ᠪᠣᠯ ᠨᠢᠭᠡ ᠵᠦᠢᠯ ᠤᠨ ᠳᠣᠲᠣᠭᠠᠳᠤ ᠶᠣᠰᠣ ᠮᠣᠷᠠᠯ ᠪᠠ ᠪᠣᠯᠪᠠᠰᠤᠷᠠᠯ ᠮᠦᠨ᠂ ᠬᠠᠷᠢᠨ ᠢᠲᠡᠭᠡᠮᠵᠢ ᠪᠣᠯ ᠨᠢᠭᠡ ᠵᠦᠢᠯ ᠤᠨ ᠭᠠᠳᠠᠭᠠᠳᠤ ᠨᠤᠲᠠᠯᠠᠯ ᠪᠠ ᠢᠯᠡᠳᠭᠡᠯ ᠮᠦᠨ᠃ ᠭᠡᠪᠡᠴᠦ ᠡᠨᠡ ᠬᠤᠶᠠᠷ ᠤᠨ ᠬᠠᠷᠢᠴᠠᠭ᠎ᠠ ᠨᠢ ᠲᠣᠪ ᠲᠣᠳᠣᠷᠬᠠᠢ ᠪᠠᠶᠢᠳᠠᠭ᠄ ᠲᠣᠭᠲᠠᠩᠭᠤᠢ ᠪᠠᠶᠢᠳᠠᠯ ᠤᠨ ᠦᠨᠡᠨ ᠪᠣᠳᠠᠲᠠᠢ ᠪᠠᠶᠢᠬᠤ ᠪᠣᠯ ᠬᠥᠳᠡᠯᠦᠩᠭᠦᠢ ᠪᠠᠷ ᠪᠠᠲᠤ ᠰᠠᠬᠢᠬᠤ ᠶᠢᠨ ᠰᠠᠭᠤᠷᠢ ᠮᠥᠨ᠂ ᠬᠥᠳᠡᠯᠦᠩᠭᠦᠢ ᠪᠠᠷ ᠪᠠᠲᠤ ᠰᠠᠬᠢᠬᠤ ᠪᠣᠯ ᠮᠥᠨ ᠴᠦ ᠲᠣᠭᠲᠠᠩᠭᠤᠢ ᠪᠠᠶᠢᠳᠠᠯ ᠤᠨ ᠦᠨᠡᠨ ᠪᠣᠳᠠᠲᠠᠢ ᠪᠠᠶᠢᠬᠤ ᠶᠢᠨ ᠦᠷ᠎ᠡ ᠳ᠋ᠦᠩ ᠮᠥᠨ︔ ᠳᠣᠲᠣᠭᠠᠳᠤ ᠶᠣᠰᠣ ᠰᠤᠷᠲᠠᠬᠤᠨ ᠪᠠ ᠪᠣᠯᠪᠠᠰᠤᠷᠠᠯ ᠨᠢ ᠭᠠᠳᠠᠭᠠᠳᠤ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠳᠠᠮᠵᠢᠨ ᠨᠤᠲᠠᠯᠠᠭᠳᠠᠳᠠᠭ᠂ ᠭᠠᠳᠠᠭᠠᠳᠤ ᠦᠭᠡ ᠶᠠᠷᠢᠶ᠎ᠠ ᠦᠢᠯᠡ ᠠᠵᠢᠯᠯᠠᠭ᠎ᠠ ᠨᠢ ᠳᠣᠲᠣᠭᠠᠳᠤ ᠠᠭᠤᠯᠬᠤᠨ ᠢᠶᠠᠷ ᠰᠠᠭᠤᠷᠢ ᠪᠣᠯᠭᠠᠬᠤ ᠦᠭᠡᠢ ᠪᠣᠯ ᠮᠥᠨ ᠴᠦ ᠤᠳᠠᠭᠠᠨ ᠦᠷᠭᠦᠯᠵᠢᠯᠡᠵᠦ ᠴᠢᠳᠠᠬᠤ ᠦᠭᠡᠢ ᠶᠤᠮ᠃ ᠶᠠᠭ ᠡᠶᠢᠮᠦ ᠠᠴᠠ ᠦᠨᠡᠨᠴᠢ ᠢᠲᠡᠭᠡᠮᠵᠢᠲᠡᠢ ᠪᠠᠶᠢᠬᠤ ᠶᠢ ᠦᠷᠭᠦᠯᠵᠢ ᠬᠠᠷᠢᠯᠴᠠᠨ ᠪᠣᠯᠪᠠᠰᠤᠷᠠᠭᠤᠯᠬᠤ ᠶᠢ ᠵᠠᠯᠭᠠᠭ᠎ᠠ ᠪᠠᠷ ᠬᠡᠷᠡᠭᠯᠡᠳᠡᠭ᠄ ᠨᠢᠭᠡ ᠲᠠᠯ᠎ᠠ ᠪᠠᠷ᠂ ᠦᠨᠡᠨᠴᠢ ᠰᠡᠳᠬᠢᠯ ᠢᠶᠠᠷ ᠢᠲᠡᠭᠡᠯ ᠢ ᠲᠠᠶᠢᠯᠪᠤᠷᠢᠯᠠᠵᠤ᠂ ᠢᠲᠡᠭᠡᠯ ᠢᠶᠠᠷ ᠦᠨᠡᠨᠴᠢ ᠶᠢ ᠲᠠᠶᠢᠯᠪᠤᠷᠢᠯᠠᠵᠤ᠂ ᠨᠥᠭᠦᠭᠡ ᠲᠠᠯ᠎ᠠ ᠪᠠᠷ᠂ ᠦᠨᠡᠨᠴᠢ ᠢᠲᠡᠭᠡᠮᠵᠢᠲᠡᠢ ᠪᠠᠶᠢᠬᠤ ᠶᠢ ᠤᠶᠠᠯᠳᠤᠭᠤᠯᠵᠤ᠂ ᠦᠨᠡᠨᠴᠢ ᠰᠢᠳᠤᠷᠭᠤ ᠪᠠᠶᠢᠵᠦ ᠬᠠᠭᠤᠷᠴᠤ ᠮᠡᠬᠡᠯᠡᠬᠦ ᠦᠭᠡᠢ᠂ ᠢᠲᠡᠭᠡᠮᠵᠢ ᠶᠢᠨ ᠵᠢᠷᠤᠮ ᠢ ᠬᠢᠴᠢᠶᠡᠩᠭᠦᠶᠢᠯᠡᠨ ᠵᠢᠷᠤᠮᠯᠠᠳᠠᠭ᠃        2. ᠶᠠᠭᠤᠨ ᠳᠤ ᠦᠨᠡᠨᠴᠢ ᠢᠲᠡᠬᠡᠮᠵᠢᠲᠡᠢ ᠪᠠᠶᠢᠬᠤ ᠪᠤᠢ        ᠦᠨᠡᠨᠴᠢ ᠢᠲᠡᠭᠡᠮᠵᠢ ᠪᠣᠯ ᠡᠯ᠎ᠡ ᠪᠣᠯᠪᠠᠰᠤᠨ ᠢ ᠴᠥᠮ ᠨᠠᠨᠳᠢᠩᠨᠠᠨ ᠦᠵᠡᠬᠦ ᠦᠨᠳᠦᠰᠦᠨ ᠦᠷᠳᠡᠭ ᠮᠥᠨ᠂ ᠬᠠᠷᠢᠨ ᠳᠤᠮᠳᠠᠳᠤ ᠶᠢᠨ ᠦᠨᠳᠦᠰᠦᠲᠡᠨ ᠨᠡᠩ ᠴᠤ ᠦᠨᠡᠨᠴᠢ ᠢᠲᠡᠭᠡᠮᠵᠢᠲᠡᠶ ᠪᠠᠶᠢᠬᠤ ᠶᠢ ᠬᠥᠮᠦᠨ ᠪᠣᠯᠬᠤ ᠶᠢᠨ ᠦᠨᠳᠦᠰᠦᠨ ᠣᠨᠴᠠᠯᠢᠭ ᠤᠨ ᠨᠢᠭᠡ ᠪᠣᠯᠭᠠᠵᠤ᠂ ᠬᠥᠮᠦᠨ ᠢᠲᠡᠭᠡᠯ ᠦᠭᠡᠢ ᠪᠣᠯ ᠲᠣᠭᠲᠠᠵᠤ ᠴᠢᠳᠠᠬᠤ ᠦᠭᠡᠢ ᠭᠡᠵᠦ ᠦᠵᠡᠳᠡᠭ᠃ ᠥᠷᠥᠨᠡᠳᠠᠬᠢᠨ ᠤ ᠨᠡᠶᠢᠭᠡᠮ ᠣᠳᠣ ᠦᠶ᠎ᠡ ᠳᠤ ᠣᠷᠣᠭᠰᠠᠨ ᠤ ᠳᠠᠷᠠᠭ᠎ᠠ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠭᠡᠷ᠎ᠡ ᠶᠢᠨ ᠦᠨᠳᠦᠰᠦᠨ ᠱᠠᠭᠠᠷᠳᠠᠯᠭ᠎ᠠ ᠠᠴᠠ ᠪᠣᠯᠵᠤ᠂ ᠦᠨᠡᠨᠴᠢ ᠢᠲᠡᠭᠡᠮᠵᠢ ᠶᠢ ᠬᠠᠮᠤᠭ ᠤᠨ ᠴᠢᠬᠤᠯᠠ ᠬᠤᠪᠢ ᠬᠥᠮᠦᠨ ᠤ ᠶᠠᠰᠤ ᠴᠢᠨᠠᠷ ᠪᠣᠯᠭᠠᠵᠤ ᠡᠬᠢᠯᠡᠯ᠎ᠡ᠃ ᠳᠤᠮᠳᠠᠳᠤ ᠤᠯᠤᠰ ᠤᠨ ᠳᠡᠯᠡᠬᠡᠶᠢᠴᠢᠯᠡᠯᠲᠡ ᠶᠢ ᠳᠠᠭᠠᠯᠳᠤᠨ᠂ ᠢᠯᠠᠩᠭᠤᠶ᠎ᠠ ᠵᠠᠬ᠎ᠠ ᠳᠡᠯᠭᠡᠭᠦᠷ ᠤᠨ ᠠᠵᠤ ᠠᠬᠤᠶ ᠶᠢ ᠬᠡᠷᠡᠭᠵᠢᠭᠦᠯᠦᠭᠰᠡᠨ ᠤ ᠳᠠᠷᠠᠭ᠎ᠠ᠂ ᠭᠡᠷ᠎ᠡ ᠶᠢᠨ ᠵᠣᠷᠢᠭ ᠰᠠᠨᠠᠭ᠎ᠠ ᠶᠢᠨ ᠱᠠᠭᠠᠷᠳᠠᠭᠰᠠᠨ ᠦᠨᠡᠨᠴᠢ ᠢᠲᠡᠭᠡᠮᠵᠢ ᠶᠢᠨ ᠬᠡᠮᠵᠢᠶ᠎ᠡ ᠴᠦ ᠤᠯᠠᠮ ᠢᠯᠡ ᠪᠣᠯᠵᠤ ᠪᠠᠶᠢᠨ᠎ᠠ᠃ ᠳᠤᠮᠳᠠᠳᠤ ᠤᠯᠤᠰ ᠤᠨ ᠠᠷᠠᠳ ᠢᠷᠭᠡᠳ ᠤᠨ ᠦᠨᠡᠨᠴᠢ ᠢᠲᠡᠭᠡᠮᠵᠢ ᠶᠢᠨ ᠶᠠᠰᠤ ᠴᠢᠨᠠᠷ ᠨᠢ ᠬᠤᠶᠠᠷ ᠵᠦᠢᠯ ᠤᠨ ᠬᠠᠷᠢᠯᠴᠠᠨ ᠠᠭᠤᠰᠤᠯᠴᠠᠬᠤ ᠤᠯᠠᠮᠵᠢᠯᠠᠯ ᠳᠤ ᠰᠠᠭᠤᠷᠢᠯᠠᠵᠠᠢ᠂ ᠨᠢᠭᠡ ᠳᠤ᠂ ᠳᠤᠮᠳᠠᠳᠤ ᠤᠯᠤᠰ ᠤᠨ ᠰᠣᠶᠣᠯ ᠤᠨ ᠳᠣᠲᠣᠷᠠᠬᠢ ᠦᠨᠡᠨᠴᠢ ᠭᠠᠳᠠᠭᠠᠳᠤ ᠢᠲᠡᠭᠡᠮᠵᠢ ᠶᠢᠨ ᠤᠯᠠᠮᠵᠢᠯᠠᠯ᠂ ᠬᠤᠶᠠᠷ ᠲᠤ᠂ ᠵᠠᠬ᠎ᠠ ᠳᠡᠯᠭᠡᠭᠦᠷ ᠤᠨ ᠰᠣᠶᠣᠯ ᠳᠠᠬᠢ ᠭᠡᠷ᠎ᠡ ᠶᠢᠨ ᠢᠲᠡᠭᠡᠮᠵᠢ ᠶᠢᠨ ᠤᠯᠠᠮᠵᠢᠯᠠᠯ ᠪᠣᠯᠣᠨ᠎ᠠ᠃        ᠦᠨᠡᠨᠴᠢ ᠢᠲᠡᠭᠡᠮᠵᠢ ᠨᠢ ᠠᠮᠢᠳᠤᠷᠠᠯ ᠤᠨ ᠡᠯ᠎ᠡ ᠲᠠᠯ᠎ᠠ ᠳᠤ ᠬᠤᠯᠪᠣᠭᠳᠠᠵᠤ᠂ ᠠᠷᠠᠳ ᠢᠷᠭᠡᠨ ᠨᠢᠭᠡᠪᠦᠷᠢ ᠲᠠᠢ ᠨᠢᠭᠲᠠ ᠬᠤᠯᠪᠣᠭ᠎ᠠ ᠲᠠᠢ ᠶᠤᠮ᠃        ᠡᠷᠳᠡᠮ ᠰᠢᠨᠵᠢᠯᠡᠭᠡᠨ ᠤ ᠦᠨᠡᠨᠴᠢ ᠢᠲᠡᠭᠡᠮᠵᠢ        ᠡᠷᠳᠡᠮ ᠰᠢᠨᠵᠢᠯᠡᠭᠡᠨ ᠤ ᠠᠵᠢᠯᠯᠠᠭ᠎ᠠ ᠳᠤᠮᠳᠠ ᠦᠨᠡᠨᠴᠢ ᠰᠢᠳᠤᠷᠭᠤ᠂ ᠲᠥᠪ ᠭᠤᠤᠯᠴᠢ ᠦᠨᠳᠦᠰᠦᠨ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠪᠠᠷᠢᠮᠲᠠᠯᠠᠬᠤ ᠬᠡᠷᠡᠭᠲᠡᠶ᠃ ᠡᠷᠳᠡᠮ ᠰᠢᠨᠵᠢᠯᠡᠭᠡᠨ ᠤ ᠠᠵᠢᠯᠯᠠᠭ᠎ᠠ ᠳᠤᠮᠳᠠ᠂ ᠪᠢᠳᠡ ᠮᠡᠳᠡᠯᠭᠡ ᠤᠯᠬᠤ ᠪᠥᠭᠡᠳ ᠥᠪᠡᠷ ᠤᠨ ᠦᠵᠡᠯ ᠰᠠᠨᠠᠭ᠎ᠠ ᠪᠠᠨ ᠴᠢᠯᠥᠭᠡᠲᠡᠶ ᠢᠯᠡᠳᠬᠡᠵᠦ᠂ ᠦᠵᠡᠯᠲᠡ ᠲᠠᠨᠢᠯᠲᠠ ᠪᠠ ᠲᠥᠷᠥᠭᠳᠡᠯ ᠢᠶᠠᠨ ᠬᠤᠪᠢᠶᠠᠯᠴᠠᠪᠠ᠃ ᠡᠷᠳᠡᠮ ᠰᠢᠨᠵᠢᠯᠡᠭᠡᠨ ᠤ ᠲᠠᠯ᠎ᠠ ᠪᠠᠷ ᠬᠢ ᠦᠨᠡᠨᠴᠢ ᠢᠲᠡᠭᠡᠮᠵᠢ ᠨᠢ ᠭᠤᠤᠯᠳᠠᠭᠤ ᠰᠢᠯᠭᠠᠯᠲᠠ᠂ ᠠᠵᠢᠯ᠂ ᠦᠢᠯᠡᠳᠦᠯᠭᠡ ᠶᠢᠨ ᠮᠡᠳᠡᠭᠦᠯᠦᠯᠲᠡ᠂ ᠲᠤᠷᠰᠢᠯᠲᠠ ᠶᠢᠨ ᠲᠠᠰᠤᠭ ᠪᠤᠶᠤ ᠰᠤᠳᠤᠯᠤᠨ ᠶᠠᠷᠢᠯᠴᠠᠬᠤ ᠬᠤᠷᠠᠯ ᠵᠡᠷᠭᠡ ᠲᠠᠯ᠎ᠠ ᠪᠠᠷ ᠢᠯᠡᠷᠡᠵᠦ ᠪᠠᠶᠢᠨ᠎ᠠ᠃ ᠵᠣᠬᠢᠰᠲᠠᠶ ᠡᠰᠢᠯᠡᠨ ᠬᠡᠷᠡᠭᠯᠡᠬᠦ ᠪᠣᠯ ᠳᠤᠲᠠᠭᠳᠠᠵᠤ ᠪᠣᠯᠤᠰᠢ ᠦᠭᠡᠶ ᠵᠦᠢᠯ ᠪᠣᠯᠬᠤ ᠪᠥᠭᠡᠳ ᠪᠢᠴᠢᠭ ᠢᠶᠠᠷ ᠢᠯᠡᠳᠬᠡᠬᠦ ᠪᠤᠶᠤ ᠠᠮᠠ ᠪᠠᠷ ᠢᠯᠡᠳᠬᠡᠬᠦ ᠭᠡᠰᠡᠨ ᠦᠭᠡᠶ ᠴᠥᠮ ᠬᠠᠷᠢᠯᠴᠠᠨ ᠬᠦᠨᠳᠦᠳᠬᠡᠭᠰᠡᠨ ᠰᠠᠭᠤᠷᠢᠨ ᠳᠡᠭᠡᠷ᠎ᠡ ᠪᠠᠶᠢᠭᠤᠯᠵᠤ᠂ ᠵᠣᠬᠢᠶᠠᠯ ᠬᠠᠭᠤᠯᠬᠤ ᠵᠡᠷᠭᠡ ᠦᠢᠯᠡ ᠠᠵᠢᠯᠯᠠᠭ᠎ᠠ ᠶᠢ ᠡᠷᠡᠰ ᠵᠣᠭᠰᠣᠭᠠᠬᠤ ᠬᠡᠷᠡᠭᠲᠡᠶ᠃        ᠠᠮᠢᠳᠤᠷᠠᠯ ᠳᠤᠮᠳᠠᠬᠢ ᠦᠨᠡᠨᠴᠢ ᠢᠲᠡᠭᠡᠮᠵᠢ        ᠣᠶᠢᠷ᠎ᠠ ᠶᠢᠨ ᠵᠢᠯ ᠤᠨ ᠲᠤᠷᠰᠢ᠂ ᠤᠯᠤᠰ ᠠᠴᠠ ᠮᠡᠳᠡᠭᠡ ᠵᠠᠩᠭᠢ ᠴᠤᠭᠯᠠᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢ ᠢᠮᠠᠭᠲᠠ ᠰᠠᠨᠠᠭᠠᠴᠢᠯᠠᠵᠤ᠂ ᠡᠯ᠎ᠡ ᠬᠦᠷᠢᠶᠡᠨ ᠤ ᠢᠲᠡᠭᠡᠮᠵᠢ ᠶᠢᠨ ᠲᠡᠮᠳᠡᠭᠯᠡᠯ ᠢ ᠪᠦᠬᠦ ᠲᠠᠯ᠎ᠠ ᠪᠠᠷ ᠪᠠᠶᠢᠭᠤᠯᠵᠤ᠂ ᠪᠦᠬᠦ ᠨᠡᠶᠢᠭᠡᠮ ᠢ ᠬᠠᠮᠤᠷᠤᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢ ᠪᠠᠶᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠰᠢᠰᠲ᠋ᠧᠮ ᠤᠨ ᠬᠡᠷᠡᠭᠯᠡᠭᠡᠨ ᠤ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠤᠢᠭᠡᠢ ᠥᠷᠭᠡᠳᠬᠡᠬᠦ ᠶᠢ ᠳᠠᠭᠠᠯᠳᠤᠨ᠂ ᠠᠵᠤ ᠠᠬᠤᠶᠢᠯᠠᠯ ᠪᠤᠶᠤ ᠬᠤᠪᠢ ᠬᠥᠮᠦᠨ ᠤ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠨᠢ ᠨᠢᠭᠡᠨᠲᠡ ᠠᠵᠤ ᠠᠬᠤᠶᠢᠯᠠᠯ ᠪᠣᠯᠤᠨ ᠬᠤᠪᠢ ᠬᠥᠮᠦᠨ ᠤ ᠴᠢᠬᠤᠯᠠ ᠢᠲᠡᠭᠡᠮᠵᠢ ᠶᠢᠨ ᠲᠡᠮᠳᠡᠭᠯᠡᠯ ᠪᠣᠯᠵᠤ᠂ ᠡᠭᠦᠨ ᠤ ᠤᠯᠠᠮ ᠢᠶᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠴᠢᠬᠤᠯᠠ ᠦᠨᠳᠦᠰᠦᠯᠡᠯ ᠪᠣᠯᠭᠠᠵᠤ᠂ ᠮᠥᠩᠭᠦᠨ ᠭᠦᠢᠯᠭᠡᠭᠡᠨ ᠤ ᠬᠡᠷᠡᠭᠯᠡᠭᠴᠢ ᠶᠢᠨ ᠢᠲᠡᠭᠡᠮᠵᠢ ᠶᠢᠨ ᠦᠨᠡᠯᠡᠯᠲᠡ᠂ ᠵᠢᠭᠡᠯᠡᠯᠭᠡ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠴᠢᠳᠠᠪᠤᠷᠢᠲᠠᠨ ᠤᠷᠢᠬᠤ᠂ ᠬᠤᠳᠠᠯᠳᠤᠭᠠᠨ ᠤ ᠶᠠᠪᠤᠳᠠᠯ ᠤᠨ ᠬᠠᠮᠵᠢᠯᠴᠠᠭ᠎ᠠ᠂ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ᠂ ᠬᠤᠪᠢ ᠬᠥᠮᠦᠨ ᠤ ᠭᠠᠳᠠᠭᠠᠳᠤ ᠳᠤ ᠭᠠᠷᠬᠤ᠂ ᠠᠵᠢᠯ ᠡᠷᠢᠬᠦ᠂ ᠲᠤᠰᠢᠶᠠᠯ ᠤᠨ ᠪᠠᠶᠢᠷᠢ ᠳᠤ ᠳᠡᠪᠰᠢᠬᠦ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶᠠᠨ ᠤ ᠬᠡᠷᠡᠭ ᠤᠨ ᠪᠠᠶᠢᠴᠠᠭᠠᠯᠲᠠ ᠵᠡᠷᠭᠡ ᠡᠯ᠎ᠡ ᠲᠠᠯ᠎ᠠ ᠶᠢᠨ ᠠᠵᠢᠯᠯᠠᠭ᠎ᠠ ᠶᠢ ᠰᠢᠭᠤᠳ ᠨᠥᠯᠥᠭᠡᠯᠡᠪᠡ᠃ ᠢᠲᠡᠭᠡᠮᠵᠢ ᠶᠢᠨ ᠮᠡᠳᠡᠭᠦᠯᠦᠯᠲᠡ ᠨᠢ ᠠᠵᠤ ᠠᠬᠤᠶᠢᠯᠠᠯ ᠪᠠ ᠬᠤᠪᠢ ᠬᠥᠮᠦᠨ ᠤ ︽ᠠᠵᠤ ᠠᠬᠤᠶ ᠶᠢᠨ ᠪᠡᠶ᠎ᠡ ᠶᠢᠨ ᠦᠨᠡᠮᠯᠡᠯ︾ ᠪᠣᠯᠬᠤ ᠪᠠᠷ ᠪᠠᠷᠠᠬᠤ ᠥᠬᠡᠶ᠂ ᠪᠠᠰᠠ ᠴᠤ ᠢᠲᠡᠭᠡᠮᠵᠢ ᠶᠢᠨ ᠨᠡᠶᠢᠭᠡᠮ ᠤᠨ ︽ᠨᠡᠪᠲᠡᠷᠡᠬᠦ ᠦᠨᠡᠮᠯᠡᠯ︾ ᠪᠣᠯᠤᠨ᠎ᠠ᠃        ᠦᠨᠡᠨᠴᠢ ᠢᠲᠡᠭᠡᠮᠵᠢᠲᠡᠢ ᠬᠡᠪ ᠰᠤᠷᠲᠠᠯ ᠢ ᠪᠤᠢ ᠪᠣᠯᠭᠠᠬᠤ        ᠦᠨᠡᠨᠴᠢ ᠢᠲᠡᠭᠡᠮᠵᠢ ᠪᠣᠯ ᠬᠥᠮᠦᠨ ᠲᠥᠷᠥᠯᠬᠢᠲᠡᠨ ᠤ ᠨᠡᠶᠢᠭᠡᠮ ᠤᠨ ᠨᠡᠶᠢᠳᠡᠮ ᠶᠣᠰᠣ ᠰᠤᠷᠲᠠᠬᠤᠨ ᠤ ᠱᠠᠭᠠᠷᠳᠠᠯᠭ᠎ᠠ ᠮᠥᠨ᠂ ᠬᠤᠪᠢ ᠬᠥᠮᠦᠨ ᠤ ᠣᠷᠣᠰᠢᠨ ᠲᠣᠭᠲᠠᠨᠢᠬᠤ ᠶᠢᠨ ᠦᠨᠳᠦᠰᠦᠨ ᠵᠢᠷᠤᠮᠵᠢᠯ ᠮᠥᠨ᠂ ᠨᠡᠶᠢᠭᠡᠮ ᠤᠨ ᠦᠷᠭᠦᠯᠵᠢᠯᠡᠨ ᠬᠥᠭᠵᠢᠬᠦ ᠶᠢᠨ ᠴᠢᠬᠤᠯᠠ ᠰᠠᠭᠤᠷᠢ ᠮᠥᠨ᠃ ᠦᠨᠡᠨᠴᠢ ᠢᠲᠡᠭᠡᠮᠵᠢ ᠶᠢ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢᠨ ᠬᠤᠪᠢ ᠬᠥᠮᠦᠨ ᠤ ᠳᠡᠰ ᠳᠠᠪᠬᠤᠷᠭ᠎ᠠ ᠶᠢᠨ ᠥᠷᠲᠡᠭ ᠤᠨ ᠪᠠᠷᠢᠮᠵᠢᠶ᠎ᠠ ᠶᠢᠨ ᠨᠢᠭᠡ ᠪᠣᠯᠭᠠᠬᠤ ᠨᠢ ᠨᠡᠶᠢᠭᠡᠮ ᠵᠢᠷᠤᠮ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠬᠤ ᠪᠥᠭᠡᠳ ᠨᠡᠶᠢᠭᠡᠮ ᠵᠢᠷᠤᠮ ᠤᠨ ᠡᠶ᠎ᠡ ᠵᠣᠬᠢᠴᠠᠯ ᠲᠠᠢ ᠨᠡᠶᠢᠭᠡᠮ ᠢ ᠴᠣᠭᠴᠠᠯᠠᠨ ᠪᠠᠶᠢᠭᠤᠯᠬᠤ ᠴᠢᠬᠤᠯᠠ ᠬᠤᠯᠪᠣᠭᠠᠰᠤ ᠪᠣᠯᠤᠨ᠎ᠠ᠃ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠳᠤ᠂ ᠦᠨᠡᠨᠴᠢ ᠢᠲᠡᠭᠡᠮᠵᠢ ᠪᠣᠯ ᠨᠡᠶᠢᠭᠡᠮ ᠤᠨ ᠴᠢᠬᠤᠯᠠ ᠶᠣᠰᠣ ᠰᠤᠷᠲᠠᠬᠤᠨ ᠤ ᠦᠵᠡᠯᠲᠡ ᠪᠠ ᠠᠵᠢᠯᠯᠠᠭᠠᠨ ᠤ ᠳᠦᠷᠢᠮ ᠮᠥᠨ᠃ ᠵᠥᠪᠬᠡᠨ ᠬᠥᠮᠦᠰ ᠦᠨᠡᠨᠴᠢ ᠢᠲᠡᠭᠡᠮᠵᠢᠲᠡᠢ ᠶᠣᠰᠣ ᠰᠤᠷᠲᠠᠬᠤᠨ ᠵᠠᠩ ᠴᠢᠨᠠᠷ ᠢ ᠪᠤᠢ ᠪᠣᠯᠭᠠᠵᠤ᠂ ᠨᠡᠶᠢᠭᠡᠮ ᠤᠨ ᠠᠮᠢᠳᠤᠷᠠᠯ ᠤᠨ ᠬᠥᠭᠵᠢᠯᠲᠡ ᠰᠠᠶ᠋ᠢ ᠨᠡᠩ ᠡᠷᠡᠭᠦᠯ ᠪᠥᠭᠡᠳ ᠡᠮᠬᠢ ᠵᠢᠷᠤᠮ ᠲᠠᠢ ᠪᠣᠯᠵᠤ ᠴᠢᠳᠠᠨ᠎ᠠ᠃        ᠪᠢᠳᠡ ᠡᠳᠦᠷ ᠳᠣᠳᠣᠮ ᠤᠨ ᠠᠮᠢᠳᠤᠷᠠᠯ ᠳᠤᠮᠳᠠ ᠠᠴᠠ ᠡᠳᠡᠭᠡᠷ ᠮᠡᠳᠡᠯᠭᠡ ᠨᠢ ᠪᠢᠳᠡᠨ ᠤ ︽ᠢᠲᠡᠭᠡᠮᠵᠢ ᠶᠢ ᠮᠡᠳᠡᠬᠦ᠂ ᠢᠲᠡᠭᠡᠮᠵᠢ ᠲᠠᠢ ᠪᠠᠶᠢᠬᠤ᠂ ᠢᠲᠡᠭᠡᠮᠵᠢ ᠶᠢ ᠴᠢᠬᠤᠯᠠᠴᠢᠯᠠᠬᠤ︾ ᠶᠢ ᠪᠡᠶᠡᠯᠡᠭᠦᠯᠬᠦ ᠳᠤ ᠠᠰᠢᠭᠲᠠᠢ ᠶᠤᠮ᠃         1. ᠢᠲᠡᠭᠡᠮᠵᠢ ᠶᠢᠨ ᠺᠠᠷᠲ ᠢ ᠴᠠᠭ ᠲᠤᠬᠠᠢ ᠳᠤᠨᠢ ᠳᠠᠩᠰᠠᠨ ᠠᠴᠠ ᠬᠠᠰᠤᠬᠤᠺᠠᠷᠲ ᠬᠡᠷᠡᠭᠯᠡᠬᠦ ᠬᠥᠮᠦᠰ ᠤᠨ ᠭᠤᠶᠤᠴᠢᠯᠠᠭᠰᠠᠨ ᠢᠲᠡᠭᠡᠮᠵᠢ ᠶᠢᠨ ᠺᠠᠷᠲ ᠤᠨ ᠵᠠᠷᠢᠮ ᠪᠠᠶᠢᠳᠠᠯ ᠨᠢ ᠵᠢᠯ ᠤᠨ ᠰᠦᠢᠳᠬᠡᠯ ᠬᠤᠷᠢᠶᠠᠨ᠎ᠠ᠂ ᠡᠳᠡᠭᠡᠷ ᠵᠢᠯ ᠤᠨ ᠰᠦᠢᠳᠬᠡᠯ ᠤᠨ ᠦᠷᠢᠳᠦᠯ  ᠰᠦᠢᠳᠭᠡᠯ ᠨᠢ ᠪᠠᠰᠠ ᠲᠣᠷᠭᠠᠭᠤᠯᠢ ᠮᠥᠩᠭᠦ ᠪᠠ ᠬᠤᠭᠤᠴᠠᠭ᠎ᠠ ᠰᠠᠭᠠᠲᠠᠭᠠᠭᠰᠠᠨ ᠮᠥᠩᠭᠦ ᠶᠢ ᠪᠤᠢ ᠪᠣᠯᠭᠠᠵᠤ᠂ ᠪᠠᠰᠠ ᠢᠲᠡᠭᠡᠮᠵᠢ ᠶᠢᠨ ᠲᠡᠮᠳᠡᠭᠯᠡᠯ ᠳᠤ ᠪᠢᠴᠢᠨ ᠣᠷᠣᠭᠤᠯᠤᠨ᠎ᠠ᠃ ᠢᠲᠡᠭᠡᠮᠵᠢ ᠶᠢᠨ ᠺᠠᠷᠲ ᠢ ᠬᠡᠷᠡᠭᠯᠡᠬᠦ ᠦᠭᠡᠢ ᠦᠶ᠎ᠡ ᠳᠤ᠂ ᠴᠠᠭ ᠲᠤᠬᠠᠢ ᠲᠤᠨᠢ ᠳᠠᠩᠰᠠᠨ ᠠᠴᠠ ᠬᠠᠰᠤᠨ᠎ᠠ᠃ ᠡᠭᠦᠨ ᠤ ᠬᠠᠮᠲᠤ ᠢᠲᠡᠭᠡᠮᠵᠢ ᠶᠢᠨ ᠺᠠᠷᠲ ᠨᠢ ᠬᠡᠲᠦ ᠠᠷᠪᠢᠨ ᠪᠠᠶᠢᠵᠤ ᠪᠣᠯᠬᠤ ᠥᠬᠡᠶ᠂ ᠡᠩ ᠤᠨ ᠪᠠᠶᠢᠳᠠᠯ ᠳᠤ 1— 4 ᠪᠠᠶᠢᠬᠤ ᠨᠢ ᠲᠣᠬᠢᠷᠠᠮᠵᠢᠲᠠᠶ ᠪᠠᠶᠢᠵᠤ᠂ ᠬᠠᠮᠤᠭ ᠤᠨ ᠴᠢᠬᠤᠯᠠ ᠨᠢ ᠴᠠᠭ ᠲᠤᠬᠠᠶ ᠳᠤᠨᠢ ᠵᠣᠭᠤᠰ ᠢᠶᠠᠨ ᠪᠤᠴᠠᠭᠠᠵᠤ᠂ ᠥᠪᠡᠷ ᠤᠨ ᠰᠠᠶᠢᠨ ᠢᠲᠡᠭᠡᠮᠵᠢ ᠪᠠᠨ ᠪᠠᠲᠤᠯᠠᠬᠤ ᠶᠠᠪᠤᠳᠠᠯ ᠪᠣᠯᠤᠨ᠎ᠠ᠃        2. ᠲᠣᠭᠲᠠᠮᠠᠯ ᠬᠤᠭᠤᠴᠠᠭ᠎ᠠ ᠲᠠᠢ ᠪᠠᠷ ᠢᠲᠡᠭᠡᠮᠵᠢ ᠶᠢᠨ ᠪᠠᠶᠢᠳᠠᠯ ᠢ ᠪᠠᠶᠢᠴᠠᠭᠠᠬᠤ        ᠢᠲᠡᠭᠡᠮᠵᠢ ᠶᠢᠨ ᠨᠢᠭᠡ ᠦᠨᠡᠯᠡᠯᠲᠡ ᠶᠢᠨ ᠭᠦᠢᠴᠡᠳᠬᠡᠯ ᠲᠤᠭ᠎ᠠ ᠪᠣᠯ ᠮᠡᠳᠡᠭᠡ ᠵᠠᠩᠭᠢ ᠴᠤᠭᠯᠠᠭᠤᠯᠬᠤ ᠶᠠᠪᠤᠳᠠᠯ ᠪᠣᠯᠤᠨ᠎ᠠ᠂ ᠬᠤᠪᠢ ᠬᠥᠮᠦᠨ ᠵᠢᠯ ᠪᠦᠷᠢ ᠬᠤᠶᠠᠷ ᠤᠳᠠᠭ᠎ᠠ ᠮᠡᠳᠡᠭᠡ ᠵᠠᠩᠭᠢ ᠴᠤᠭᠯᠠᠭᠤᠯᠬᠤ ᠵᠠᠪᠰᠢᠶᠠᠨ ᠲᠠᠢ ᠪᠠᠶᠢᠬᠤ ᠰᠠᠨᠠᠭᠤᠯᠭ᠎ᠠ ᠶᠢ ᠨᠢᠭᠡ ᠵᠢᠯ ᠳᠤ ᠨᠢᠭᠡ ᠤᠳᠠᠭ᠎ᠠ ᠪᠠᠶᠢᠴᠠᠭᠠᠵᠤ ᠪᠣᠯᠤᠨ᠎ᠠ᠃ ᠢᠩᠭᠢᠪᠡᠯ ᠥᠪᠡᠷ ᠤᠨ ᠢᠲᠡᠭᠡᠮᠵᠢ ᠶᠢᠨ ᠪᠠᠶᠢᠳᠠᠯ ᠢᠶᠠᠨ ᠴᠠᠭ ᠲᠤᠬᠠᠶ ᠳᠤᠨᠢ ᠡᠵᠡᠮᠰᠢᠵᠦ ᠪᠣᠯᠤᠨ᠎ᠠ᠂ ᠬᠡᠷᠪᠡ ᠬᠤᠭᠤᠴᠠᠭ᠎ᠠ ᠨᠢ ᠬᠡᠲᠦᠷᠡᠭᠰᠡᠨ ᠪᠠᠶᠢᠪᠠᠯ᠂ ᠡᠷᠬᠡᠪᠰᠢ ᠴᠠᠭ ᠲᠤᠬᠠᠶ ᠳᠤᠨᠢ ᠵᠣᠭᠤᠰ ᠢᠶᠠᠨ ᠪᠤᠴᠠᠭᠠᠵᠤ ᠥᠭᠬᠦ ᠬᠡᠷᠡᠭᠲᠡᠶ᠃         3. ᠭᠤᠷᠪᠠᠳᠠᠬᠢ ᠡᠲᠡᠭᠡᠳ ᠤᠨ ᠵᠢᠭᠡᠯᠡᠯᠭᠡ ᠶᠢᠨ ᠲᠠᠪᠴᠠᠩᠶᠠᠮᠠᠷ ᠴᠠᠭ ᠠᠴᠠ ᠡᠬᠢᠯᠡᠭᠰᠡᠨ ᠢ ᠪᠦᠦ ᠮᠡᠳᠡ᠂ ᠤᠷᠢᠳᠴᠢᠯᠠᠨ ᠬᠡᠷᠡᠭᠯᠡᠬᠦ ᠨᠢ ᠵᠠᠯᠠᠭᠤ ᠬᠥᠮᠦᠰ ᠤᠨ ᠳᠤᠮᠳᠠ ᠦᠷᠭᠦᠯᠵᠢ ᠬᠠᠷᠠᠭᠳᠠᠳᠠᠭ ᠦᠵᠡᠭᠳᠡᠯ ᠪᠣᠯᠵᠠᠢ᠂ ᠬᠠᠷᠢᠨ ᠦᠷᠭᠦᠯᠵᠢ ᠬᠠᠷᠠᠭᠳᠠᠳᠠᠭ ᠭᠤᠷᠪᠠᠳᠤᠭᠠᠷ ᠡᠲᠡᠭᠡᠳ ᠤᠨ ᠵᠢᠭᠡᠯᠡᠯᠭᠡ ᠶᠢᠨ ᠲᠠᠪᠴᠠᠩ᠂ ᠵᠢᠱᠢᠶᠡᠯᠡᠪᠡᠯ ᠬᠤᠸᠠ ᠪᠸᠢ᠂ ᠵᠢᠶᠧ ᠪᠸᠢ᠂ ᠸᠧᠢ ᠯᠢ ᠳ᠋ᠠᠢ ᠵᠡᠷᠭᠡ ᠶᠢ ᠬᠡᠷᠡᠭᠯᠡᠭᠴᠢ ᠬᠡᠷᠡᠭᠯᠡᠬᠦ ᠳᠡᠭᠡᠨ ᠣᠨᠴᠠᠭᠠᠶᠢᠯᠠᠨ ᠠᠩᠬᠠᠷᠬᠤ ᠬᠡᠷᠡᠭᠲᠡᠢ᠂ ᠨᠢᠭᠡ ᠴᠠᠭ ᠢᠷᠡᠭᠡᠳᠦᠢ ᠶᠢᠨ ᠵᠣᠭᠤᠰ ᠢᠶᠠᠨ ᠵᠠᠷᠤᠭᠠᠳ ᠥᠪᠡᠷ ᠤᠨ ᠪᠡᠶ᠎ᠡ ᠳᠡᠭᠡᠨ ᠨᠡᠩ ᠶᠡᠭᠡ ᠶᠠᠷᠰᠢᠭ ᠲᠠᠲᠠᠵᠤ ᠪᠣᠯᠬᠤ ᠦᠭᠡᠢ᠂ ᠣᠶᠤᠨᠴᠢ ᠬᠡᠷᠡᠭᠯᠡᠭᠡ᠂ ᠵᠣᠬᠢᠰᠲᠠᠢ ᠬᠡᠷᠡᠭᠯᠡᠭᠡ ᠬᠢᠬᠦ ᠬᠡᠷᠡᠭᠲᠡᠢ᠃         4. ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠭᠡᠳᠡᠭ ᠨᠢ ᠭᠡᠷ ᠤᠨ ᠠᠮᠢᠳᠤᠷᠠᠯ ᠨᠢ ᠬᠦᠴᠢᠷᠳᠡᠯᠲᠠᠢ ᠰᠤᠷᠤᠭᠴᠢᠳ ᠲᠤ ᠵᠢᠭᠡᠯᠡᠯᠭᠡ ᠶᠢᠨ ᠬᠠᠪᠰᠤᠷᠤᠯᠭ᠎ᠠ ᠬᠠᠩᠭᠠᠬᠤ ᠶᠢ ᠵᠢᠭᠠᠵᠤ ᠪᠠᠶᠢᠨ᠎ᠠ᠂ ᠡᠭᠦᠨ ᠳᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠰᠣᠷᠣᠭᠴᠢ ᠶᠢᠨ ᠢᠷᠡᠯᠲᠡ ᠶᠢᠨ ᠭᠠᠵᠠᠷ ᠤᠨ ᠵᠢᠭᠡᠯᠡᠯᠭᠡ᠂ ᠰᠤᠷᠭᠠᠭᠤᠯᠢ ᠶᠢᠨ ᠬᠦᠷᠢᠶᠡᠨ ᠤ ᠭᠠᠵᠠᠷ ᠤᠨ ᠵᠢᠭᠡᠯᠡᠯᠭᠡ ᠵᠢᠴᠢ ᠡᠩ ᠤᠨ ᠬᠤᠳᠠᠯᠳᠤᠭᠠᠨ ᠤ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠵᠡᠷᠭᠡ ᠪᠠᠭᠲᠠᠨ᠎ᠠ᠃ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠯᠤᠭᠰᠠᠨ ᠤ ᠳᠠᠷᠠᠭ᠎ᠠ᠂ ᠵᠣᠭᠤᠰ ᠵᠢᠭᠡᠯᠡᠭᠰᠡᠨ ᠰᠤᠷᠤᠭᠴᠢ ᠡᠷᠬᠡᠪᠰᠢ ᠴᠠᠭ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠨᠢ ᠵᠣᠭᠤᠰ ᠢᠶᠠᠨ ᠪᠤᠴᠠᠭᠠᠵᠤ᠂ ᠪᠤᠴᠠᠭᠠᠭᠰᠠᠨ ᠪᠠᠶᠢᠳᠠᠯ ᠢᠶᠠᠨ ᠬᠤᠪᠢ ᠬᠥᠮᠦᠨ ᠤ ᠢᠲᠡᠭᠡᠮᠵᠢ ᠶᠢᠨ ᠮᠡᠳᠡᠭᠦᠯᠦᠯᠲᠡ ᠳᠤ ᠣᠷᠣᠭᠤᠯᠬᠤ ᠬᠡᠷᠡᠭᠲᠡᠶ᠃        ᠦᠨᠡᠨᠴᠢ ᠢᠲᠡᠭᠡᠮᠵᠢᠲᠡᠶ ᠢᠳᠡᠪᠬᠢ ᠬᠦᠴᠦᠨ ᠢ ᠳᠠᠮᠵᠢᠭᠤᠯᠵᠤ᠂ ᠥᠷᠭᠡᠨ ᠣᠯᠠᠨ ᠬᠤᠲᠠ ᠶᠢᠨ ᠠᠷᠠᠳ ᠤᠨ ᠡᠳᠦᠷ ᠲᠤᠲᠤᠮ ᠤᠨ ᠠᠮᠢᠳᠤᠷᠠᠯ ᠳᠤᠮᠳᠠ᠂ ᠦᠨᠡᠨᠴᠢ ᠢᠲᠡᠭᠡᠮᠵᠢᠲᠡᠶ ᠰᠠᠶᠢᠨ ᠰᠠᠶᠢᠬᠠᠨ ᠵᠠᠩ ᠴᠢᠨᠠᠷ ᠢ ᠰᠠᠨᠠᠭᠠᠴᠢᠯᠠᠨ᠂ ᠪᠥᠬᠦ ᠨᠡᠶᠢᠭᠡᠮ ᠤᠨ ᠦᠨᠡᠨᠴᠢ ᠢᠲᠡᠭᠡᠮᠵᠢ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠨᠡᠶᠢᠭᠡᠮ ᠤᠨ ᠦᠨᠡᠨᠴᠢ ᠢᠲᠡᠭᠡᠮᠵᠢᠲᠡᠶ ᠪᠠᠶᠢᠬᠤ᠂ ᠠᠮᠠᠯᠠᠯᠲᠠ ᠪᠠᠨ ᠪᠠᠷᠢᠮᠳᠠᠯᠠᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠪᠣᠯ ᠪᠢᠳᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ 
 
ᠢᠷᠡᠯᠲᠡ᠄ ᠰᠢᠭᠤᠶᠢᠲᠤ ᠲᠤᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号