ᠰᠢᠭᠤᠶᠢᠲᠤ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭ᠎ᠠ ᠠᠴᠠ ᠡᠮᠡᠭᠲᠡᠶᠢᠴᠦᠳ ᠤᠨ ᠶᠡᠭᠡ ᠤᠬᠠᠭᠤᠯᠭ᠎ᠠ ᠵᠢᠴᠢ ᠭᠡᠷ ᠤᠨ ᠰᠤᠷᠲᠠᠯ ᠢ ᠰᠠᠶᠢᠲᠤᠷ ᠤᠯᠠᠮᠵᠢᠯᠠᠵᠤ ᠢᠳᠡᠪᠬᠢ ᠬᠦᠴᠦᠨ ᠢ ᠪᠠᠳᠠᠷᠠᠭᠤᠯᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/2
        ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠶᠡᠬᠡᠪᠡᠷ ᠪᠣᠢ ᠪᠣᠯᠭᠠᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 12 ᠤ ᠡᠳᠦᠷ᠂ ᠰᠢᠭᠤᠶᠢᠲᠦ ᠵᠡᠭᠡᠯᠢ ᠭᠤᠳᠤᠮᠵᠢ ᠶᠢᠨ ᠡᠮᠡᠭᠲᠡᠢᠴᠦᠳ ᠤᠨ ᠬᠤᠯᠪᠣᠭ᠎ᠠ ᠠᠴᠠ ᠡᠮᠡᠭᠲᠡᠶᠢᠴᠦᠳ ᠤᠨ ᠶᠡᠭᠡ ᠤᠬᠠᠭᠤᠯᠭ᠎ᠠ ᠵᠢᠴᠢ ᠭᠡᠷ ᠤᠨ ᠰᠤᠷᠲᠠᠯ ᠢ ᠰᠠᠶᠢᠲᠤᠷ ᠤᠯᠠᠮᠵᠢᠯᠠᠵᠤ᠂ ᠢᠳᠡᠪᠬᠢ ᠬᠦᠴᠦᠨ ᠢ ᠪᠠᠳᠠᠷᠠᠭᠤᠯᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
3.jpg
        ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠡᠭᠡᠷ᠎ᠡ᠂ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠭᠴᠢᠳ ᠶᠡᠷᠦᠩᠬᠡᠢ ᠱᠦᠵᠢ ᠰᠢ ᠶᠢᠨ ᠫᠢᠩ ᠤᠨ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠤᠨ ᠦᠯᠢᠭᠡᠷ ᠢ ᠠᠮᠢᠳᠤᠯᠢᠭ ᠦᠭᠡ ᠬᠡᠯᠡ ᠪᠠᠷ ᠶᠠᠷᠢᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠠᠪᠠᠭ᠋ᠠᠢ ᠨᠠᠷ ᠴᠤ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠤᠨ ᠲᠣᠭᠤᠷᠢᠨ ᠳᠤ ᠲᠤᠰ ᠲᠤᠰ ᠤᠨ ᠭᠡᠷ ᠤᠨ ᠰᠤᠷᠲᠠᠯ ᠤᠨ ᠦᠯᠢᠭᠡᠷ ᠢᠶᠠᠨ ᠤᠯᠠᠨ ᠳᠤ ᠬᠤᠪᠢᠶᠠᠯᠴᠠᠪᠠ᠃ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠵᠤ᠂ ᠭᠡᠷ ᠤᠨ ᠬᠥᠮᠦᠰ ᠲᠠᠢ ᠪᠠᠨ ᠡᠶ᠎ᠡ ᠨᠠᠶᠢᠷᠲᠠᠢ᠂ ᠰᠢᠷᠭᠠᠭᠤ ᠬᠠᠲᠠᠭᠤᠵᠢᠯᠲᠠᠢ ᠰᠤᠷᠤᠯᠴᠠᠵᠤ᠂ ᠬᠥᠮᠦᠨ ᠳᠤ ᠲᠤᠰᠠ ᠬᠢᠵᠦ᠂ ᠠᠵᠢᠯᠴᠢ ᠠᠷᠪᠢᠴᠢ ᠪᠠᠷ ᠠᠵᠤ ᠲᠦᠷᠦᠵᠦ᠂ ᠡᠳᠡᠭᠡᠷ ᠰᠢᠯᠢᠳᠡᠭ ᠵᠠᠩ ᠴᠢᠨᠠᠷ ᠨᠢ ᠬᠠᠮᠤᠭ ᠤᠨ ᠭᠤᠶᠤ ᠰᠠᠶᠢᠬᠠᠨ ᠭᠡᠷ ᠤᠨ ᠰᠤᠷᠲᠠᠯ ᠤᠨ ᠦᠯᠢᠭᠡᠷ ᠲᠤ ᠢᠯᠡᠷᠡᠵᠦ᠂ ᠭᠠᠵᠠᠷ ᠪᠣᠯᠭᠠᠨ ᠳᠤ ᠤᠯᠤᠰ ᠢᠶᠠᠨ ᠬᠠᠶᠢᠷᠠᠯᠠᠬᠤ ᠭᠡᠷ ᠢᠶᠠᠨ ᠬᠠᠶᠢᠷᠠᠯᠠᠬᠤ᠂ ᠥᠭᠡᠳᠡᠯᠡᠨ ᠲᠠᠪᠰᠢᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠢᠯᠡᠷᠡᠭᠦᠯᠵᠦ᠂ ᠲᠤᠬᠠᠢ ᠶᠢᠨ ᠲᠠᠯᠠᠪᠠᠢ ᠳᠤ ᠪᠠᠶᠢᠭᠰᠠᠨ ᠬᠥᠮᠦᠨ ᠨᠢᠭᠡᠪᠦᠷᠢ ᠶᠢ ᠵᠣᠷᠢᠭᠵᠢᠭᠤᠯᠵᠤ ᠪᠠᠶᠢᠪᠠ᠃
4.jpg
        ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠤᠯᠠᠨ ᠢ ᠵᠣᠷᠢᠭᠵᠢᠭᠤᠯᠤᠨ ᠭᠡᠷ ᠪᠦᠯᠢ ᠶᠢ ᠰᠠᠶᠢᠲᠤᠷ ᠪᠦᠳᠦᠭᠡᠨ ᠪᠠᠶᠢᠭᠤᠯᠵᠤ᠂ ᠭᠡᠷ ᠤᠨ ᠰᠤᠷᠭᠠᠯ ᠢ ᠰᠠᠶᠢᠲᠤᠷ ᠤᠯᠠᠮᠵᠢᠯᠠᠵᠤ᠂ ᠰᠠᠶᠢᠨ ᠭᠡᠷ ᠤᠨ ᠰᠤᠷᠲᠠᠯ ᠢ ᠰᠠᠶᠢᠲᠤᠷ ᠪᠠᠳᠠᠷᠠᠭᠤᠯᠵᠤ᠂ ᠰᠠᠶᠢᠨ ᠰᠠᠶᠢᠬᠠᠨ ᠭᠡᠷ ᠤᠨ ᠰᠤᠷᠲᠠᠯ ᠢᠶᠠᠷ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠠᠬᠢᠭᠤᠯᠵᠤ᠂ ᠲᠦᠭ ᠲᠦᠮᠡᠨ ᠭᠡᠷ ᠪᠦᠯᠢ ᠶᠢᠨ ᠰᠠᠶᠢᠨ ᠭᠡᠷ ᠤᠨ ᠰᠤᠷᠲᠠᠯ ᠢᠶᠠᠷ ᠪᠦᠬᠦ ᠨᠡᠶᠢᠭᠡᠮ ᠤᠨ ᠰᠠᠶᠢᠨ ᠬᠡᠪ ᠰᠤᠷᠲᠠᠯ ᠢ ᠲᠤᠯᠭᠠᠭᠤᠷᠢᠯᠠᠵᠤ᠂ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠭᠡᠷ ᠪᠦᠯᠢ ᠶᠢᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃
5.jpg
        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭ᠎ᠠ ︽ᠬᠤᠯᠪᠣᠭᠠᠯᠠᠬᠤ︾ ᠳᠠᠪᠠᠭᠤᠯᠢᠭ ᠢᠶᠠᠨ ᠪᠠᠳᠠᠷᠠᠭᠤᠯᠵᠤ᠂ ᠡᠮᠡᠭᠲᠡᠶᠢᠴᠦᠳ ᠤᠨ ᠶᠡᠬᠡᠪᠡᠷ ᠤᠬᠠᠭᠤᠯᠤᠨ ᠲᠠᠶᠢᠯᠪᠤᠷᠢᠯᠠᠬᠤ ᠶᠢ ᠠᠮᠢᠳᠤᠯᠢᠭ ᠪᠥᠭᠡᠳ ᠪᠦᠲᠦᠮᠵᠢᠲᠡᠶ ᠪᠣᠯᠭᠠᠵᠤ᠂ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠭᠡᠷ ᠪᠦᠯᠢ ᠶᠢᠨ ᠰᠠᠶᠢᠬᠠᠨ ᠰᠤᠷᠲᠠᠯ ᠢ ᠪᠠᠳᠠᠷᠠᠭᠤᠯᠵᠤ᠂ ᠰᠢᠯᠢᠳᠡᠭ ᠭᠡᠷ ᠤᠨ ᠰᠤᠷᠲᠠᠯ ᠢ ᠤᠯᠠᠮᠵᠢᠯᠠᠵᠤ᠂ ︽ᠭᠡᠷ ᠪᠦᠯᠢ ᠶᠢ ᠴᠢᠬᠤᠯᠠᠴᠢᠯᠠᠬᠤ᠂ ᠭᠡᠷ ᠤᠨ ᠰᠤᠷᠭᠠᠯ ᠢ ᠴᠢᠬᠤᠯᠠᠴᠢᠯᠠᠬᠤ᠂ ᠭᠡᠷ ᠤᠨ ᠰᠤᠷᠲᠠᠯ ᠢ ᠴᠢᠬᠤᠯᠠᠴᠢᠯᠠᠬᠤ︾ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠵᠤ᠂ ᠰᠢᠭᠤᠶᠢᠲᠤ ᠲᠤᠭᠤᠷᠢᠭ ᠤᠨ ᠡᠮᠡᠭᠲᠡᠶᠢᠴᠦᠳ ᠬᠡᠦᠬᠡᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠬᠦᠴᠦᠯᠡᠨ ᠠᠬᠢᠭᠤᠯᠵᠤ᠂ ᠨᠠᠮ ᠤᠨ ᠰᠠᠶᠢᠨ ᠳᠠᠭᠤᠨ ᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠤᠨ᠎ᠠ᠃ 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号