ᠰᠢᠭᠤᠶᠢᠲᠦ ᠵᠡᠭᠡᠯᠢ ᠭᠤᠳᠤᠮᠵᠢ ︽ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ ᠳᠦᠷᠢᠮ︾ ᠤᠨ ᠣᠯᠠᠨ ᠲᠦᠮᠡᠨ ᠳᠤ ᠦᠢᠯᠡᠴᠢᠯᠡᠬᠦ ︽ᠬᠠᠮᠤᠭ ᠰᠡᠭᠦᠯᠴᠢ ᠶᠢᠨ ᠨᠢᠭᠡ ᠺᠢᠯᠣᠮᠧᠲᠷ︾ ᠢ ᠪᠦᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/9/2
        ᠵᠠᠬᠢᠳᠠᠯ ᠰᠤᠷᠪᠤᠯᠵᠢᠯᠠᠯ ᠤᠨ ᠣᠯᠠᠨ ᠲᠦᠮᠡᠨ ᠳᠤ ᠤᠯᠠᠮ ᠨᠢᠭᠡ ᠠᠯᠬᠤᠮ ᠦᠢᠯᠡᠴᠢᠯᠡᠵᠦ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠨ᠂ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠰᠤᠷᠪᠤᠯᠵᠢᠯᠠᠵᠤ ᠴᠢᠳᠠᠬᠤ ᠦᠭᠡᠢ᠂ ᠡᠮᠬᠢ ᠵᠢᠷᠤᠮ ᠦᠭᠡᠢ ᠪᠠᠷ ᠰᠤᠷᠪᠤᠯᠵᠢᠯᠠᠬᠤ ᠵᠡᠷᠭᠡ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠢᠳᠡᠪᠬᠢᠲᠡᠢ ᠬᠡᠷᠡᠭᠵᠢᠭᠦᠯᠵᠦ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠬᠤᠶᠠᠷ ᠱᠠᠲᠤᠨ ᠳᠤ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠡᠭ ᠭᠠᠷᠭᠠᠵᠤ᠂ ᠣᠷᠣᠯᠠᠨ ᠭᠦᠢᠴᠡᠳᠬᠡᠬᠦ ᠠᠵᠢᠯᠲᠠᠨ ᠢ ᠲᠣᠬᠢᠷᠠᠭᠤᠯᠤᠨ᠂ ᠦᠨᠳᠦᠰᠦᠨ ᠱᠠᠲᠤᠨ ᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠵᠦᠢᠯᠡᠰ ᠢ ᠪᠥᠬᠦ ᠶᠠᠪᠤᠴᠠ ᠳᠤ ᠣᠷᠣᠯᠠᠨ ᠭᠦᠢᠴᠡᠳᠬᠡᠵᠦ᠂ ᠵᠥᠷᠢᠴᠡᠯ ᠢ ᠪᠠᠭ᠎ᠠ ᠳᠤᠨᠢ ᠰᠢᠢᠳᠪᠦᠷᠢᠯᠡᠨ᠂ ᠡᠷᠲᠡ ᠰᠢᠢᠳᠪᠦᠷᠢᠯᠡᠵᠦ᠂ ᠦᠨᠳᠦᠰᠦᠨ ᠱᠠᠲᠤᠨ ᠳᠤ ᠰᠢᠢᠳᠪᠦᠷᠢᠯᠡᠬᠦ ᠪᠠᠷ ᠴᠢᠷᠮᠠᠶᠢᠵᠤ᠂ ᠣᠯᠠᠨ ᠲᠦᠮᠡᠨ ᠤ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠪᠡ᠃        ᠣᠶᠢᠷ᠎ᠠ ᠳᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠵᠠᠩ ᠣᠪᠣᠭᠲᠤ ᠳ᠋ᠦᠩ ᠯᠢᠶᠠᠩ ᠶᠡᠭᠡ ᠵᠡᠭᠡᠯᠢ ᠵᠢᠴᠢ ᠲᠤᠭᠤᠷᠢᠯ ᠵᠠᠮ ᠤᠨ ᠵᠡᠭᠡᠯᠢ ᠳᠠᠭᠠᠤ ᠵᠠᠮ ᠤᠨ ᠳ᠋ᠧᠩ ᠨᠤᠴᠤᠬᠤ ᠦᠭᠡᠢ ᠪᠠᠶᠢᠬᠤ ᠶᠢ ᠲᠤᠰᠬᠠᠵᠤ᠂ ᠡᠳᠦᠷ ᠲᠤᠲᠤᠮ ᠤᠨ ᠶᠠᠪᠤᠵᠤ ᠰᠠᠭᠤᠬᠤ ᠳᠤ ᠠᠰᠢᠭ ᠥᠬᠡᠶ᠂ ᠠᠯᠢ ᠲᠦᠷᠭᠡᠨ ᠢᠶᠠᠷ ᠰᠡᠷᠭᠦᠭᠡᠬᠦ ᠶᠢ ᠬᠦᠰᠡᠵᠦ ᠪᠠᠶᠢᠨ᠎ᠠ ᠭᠡᠵᠡᠢ ᠃ ᠵᠡᠭᠡᠯᠢ ᠭᠤᠳᠤᠮᠵᠢ ᠶᠢᠨ ᠬᠢᠨ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠠᠰᠠᠭᠤᠳᠠᠯ ᠢ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠵᠦᠢᠯᠡᠰ ᠲᠤ ᠣᠷᠣᠭᠤᠯᠬᠤ ᠶᠢᠨ ᠬᠠᠮᠲᠤ ᠲᠤᠰᠬᠠᠶ ᠬᠥᠮᠦᠨ ᠲᠣᠬᠢᠷᠠᠭᠤᠯᠤᠨ ᠰᠢᠢᠳᠪᠦᠷᠢᠯᠡᠭᠦᠯᠪᠡ᠃ ᠡᠭᠦᠨ ᠤ ᠬᠠᠮᠲᠤ ᠂ ᠡᠭᠦᠨ ᠢᠶᠠᠷ ᠠᠵᠠ ᠲᠣᠬᠢᠶᠠᠯ ᠪᠣᠯᠭᠠᠵᠤ᠂ ᠵᠡᠭᠡᠯᠢ ᠭᠤᠳᠤᠮᠵᠢ ᠶᠢᠨ ᠠᠵᠢᠯᠲᠠᠳ ᠰᠦᠯᠵᠢᠶᠡᠨ ᠤ ᠠᠵᠢᠯᠲᠠᠨ ᠲᠣᠬᠢᠷᠠᠭᠤᠯᠤᠨ ᠵᠠᠮ ᠤᠨ ᠳ᠋ᠧᠩ ᠦᠭᠡᠢ ᠵᠢᠴᠢ ᠵᠠᠮ ᠤᠨ ᠳ᠋ᠧᠩ ᠡᠪᠳᠡᠷᠡᠭᠰᠡᠨ᠂ ᠵᠠᠮ ᠤᠨ ᠳ᠋ᠧᠩ ᠨᠤᠴᠤᠬᠤ ᠦᠭᠡᠢ ᠵᠡᠷᠭᠡ ᠠᠰᠠᠭᠤᠳᠠᠯ ᠢ ᠪᠠᠶᠢᠴᠠᠭᠠᠨ ᠣᠶᠢᠯᠠᠭᠠᠪᠠ᠃ ᠯᠢᠦᠶ ᠶᠤᠸᠠᠨ ᠵᠢᠶᠧ ᠲᠠᠢ ᠵᠣᠯᠭᠠᠭᠤᠯᠤᠨ ᠵᠣᠬᠢᠴᠠᠭᠤᠯᠬᠤ ᠪᠠᠷ ᠳᠡᠮᠵᠢᠨ᠂ ᠳ᠋ᠦᠩ ᠯᠢᠶᠠᠩ ᠶᠡᠭᠡ ᠵᠡᠭᠡᠯᠢ ᠵᠢᠴᠢ ᠲᠣᠭᠤᠷᠢᠯ ᠵᠠᠮ ᠤᠨ ᠵᠡᠭᠡᠯᠢ ᠳᠠᠭᠠᠤ᠂ ᠠᠷᠤ ᠵᠡᠭᠡᠯᠢ ᠶᠢᠨ ᠵᠢᠵᠢᠭ ᠭᠤᠳᠤᠮᠵᠢ ᠶᠢᠨ ᠳ᠋ᠧᠩ ᠳᠠᠬᠢᠨ ᠭᠡᠷᠡᠯᠳᠦᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃        ᠠᠷᠠᠳ ᠠᠮᠤᠷ ᠳᠠᠶᠢᠪᠤᠩ ᠪᠤᠯᠪᠠᠰᠦ ᠵᠠᠰᠠᠭ ᠲᠦᠷᠦ ᠶᠢᠨ ᠬᠠᠨᠳᠤᠰᠢ ᠪᠤᠯᠤᠮᠤᠢ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠪᠣᠯ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠪᠠ ᠵᠠᠰᠠᠭ ᠤᠨ ᠲᠥᠯᠥᠭᠡ ᠣᠯᠵᠦ ᠠᠯᠳᠠᠬᠤ ᠶᠢ ᠣᠶᠢᠯᠠᠭᠠᠬᠤ ᠴᠢᠬᠤᠯᠠ ᠴᠤᠩᠬᠤᠪᠴᠢ ᠪᠣᠯᠬᠤ ᠪᠠᠷ ᠪᠠᠷᠠᠬᠤ ᠦᠭᠡᠢ᠂ ᠨᠡᠩ ᠴᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠭᠤᠭᠴᠤᠭ᠎ᠠ ᠪᠣᠯᠤᠨ᠎ᠠ᠃ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠵᠠᠮ ᠳᠡᠭᠡᠷ᠎ᠡ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ︽ᠭᠡᠷ ᠤᠨ ᠡᠭᠦᠳᠡ︾ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠳᠠᠪᠬᠤᠷᠳᠠᠭᠤᠯᠤᠨ ᠰᠤᠷᠪᠤᠯᠵᠢᠯᠠᠬᠤ᠂ ᠤᠯᠠᠨ ᠲᠠᠯ᠎ᠠ ᠠᠴᠠ ᠰᠤᠷᠪᠤᠯᠵᠢᠯᠠᠬᠤ᠂ ᠮᠤᠷᠤᠢ ᠵᠠᠮ ᠢᠶᠠᠷ ᠵᠠᠮᠨᠠᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ︽ᠠᠷᠠᠳ ᠤᠨ ᠲᠥᠯᠥᠭᠡ ᠭᠦᠶᠦᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ᠂ ᠠᠷᠠᠳ ᠤᠨ ᠢᠲᠡᠭᠡᠯ ᠢ ᠤᠯᠬᠤ︾ ᠦᠢᠯᠡᠳᠦᠯ ᠢ ᠦᠨᠡᠨ ᠬᠦ ᠪᠠᠳᠠᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
  
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号