ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠰᠢᠭᠤᠶᠢᠲᠤ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠤᠨ ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠪᠠᠷ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/9/2
        ︽ᠵᠠᠷᠭᠤ ᠶᠢᠨ ᠪᠤᠰᠤ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠲᠡᠷᠢᠭᠦᠨ ᠳᠤ ᠲᠠᠯᠪᠢᠬᠤ︾ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠪᠠ ᠡᠶᠡᠳᠡᠭᠦᠯᠬᠦ ᠠᠵᠢᠯ ᠢ ᠬᠠᠷᠢᠯᠴᠠᠨ ᠵᠣᠯᠭᠠᠭᠤᠯᠬᠤ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠡᠮᠨᠡᠯᠭᠡ ᠶᠢᠨ ᠬᠤᠷᠢᠶ᠎ᠠ ᠰᠢᠭᠤᠶᠢᠲᠤ ᠣᠷᠣᠨ ᠤ ᠶᠡᠷᠦᠩᠬᠡᠶᠢᠯᠡᠨ ᠵᠠᠰᠠᠬᠤ ᠲᠥᠪ ᠲᠤ ᠣᠷᠣᠵᠤ ᠰᠠᠭᠤᠭᠰᠠᠨ ᠪᠥᠭᠡᠳ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠲᠤᠬᠠᠶᠢᠯᠠᠭᠰᠠᠨ ᠠᠵᠢᠯ ᠤᠨ ᠭᠥᠯᠢᠶᠡᠨ ᠠᠪᠬᠤ ᠵᠥᠪᠯᠡᠯᠭᠡ ᠥᠭᠬᠦ ᠴᠣᠩᠬᠤ ᠭᠠᠷᠭᠠᠵᠤ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠳᠤᠮᠳᠠᠬᠢ ᠡᠭᠦᠷᠭᠡ ᠴᠢᠳᠠᠪᠤᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠨᠢᠭᠡ ᠥᠷᠲᠡᠭᠡᠨ ᠤ ᠮᠠᠶ᠋ᠢᠭ ᠢᠶᠠᠷ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤ ᠲᠥᠬᠦᠮ ᠦᠵᠡᠭᠦᠯᠪᠡ᠃
1.jpg
        ᠰᠢᠭᠤᠶᠢᠲᠦ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠨᠢ ᠲᠣᠭᠤᠷᠢᠭ ᠲᠤ ᠰᠠᠭᠤᠵᠤ ᠶᠡᠷᠦᠩᠬᠡᠶᠢᠯᠡᠨ ᠵᠠᠰᠠᠬᠤ ᠲᠥᠪ ᠲᠤ ᠣᠷᠣᠭᠰᠠᠨ ᠤ ᠳᠠᠷᠠᠭ᠎ᠠ᠂ 2024 ᠣᠨ ᠤ 7 ᠳ᠋ᠤᠭᠠᠷ ᠰᠠᠷ᠎ᠠ ᠶᠢᠨ 1 ᠤ ᠡᠳᠦᠷ 5 ᠬᠥᠳᠡᠯᠮᠦᠷᠢᠴᠢᠨ ᠤ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠢ ᠣᠯᠵᠤ᠂ ᠬᠥᠮᠦᠨ ᠬᠡᠷᠡᠭᠯᠡᠬᠦ ᠨᠢᠭᠡᠴᠢ ᠲᠠᠢ ᠬᠥᠳᠡᠯᠮᠦᠷᠢ ᠶᠢᠨ ᠬᠠᠷᠢᠴᠠᠭ᠎ᠠ ᠤᠷᠤᠰᠢᠵᠤ ᠪᠠᠶᠢᠬᠤ ᠶᠢ ᠨᠤᠲᠠᠯᠠᠭᠤᠯᠬᠤ ᠪᠠᠷ ᠭᠤᠶᠤᠴᠢᠯᠠᠪᠠ᠃ ᠬᠥᠨᠳᠡᠯᠡᠨ ᠠᠴᠠ ᠲᠠᠰᠤᠯᠬᠤ ᠬᠤᠷᠢᠶ᠎ᠠ ᠲᠤᠬᠠᠶ ᠶᠢᠨ ᠡᠳᠦᠷ ᠲᠤ ᠲᠤᠰ ᠬᠡᠷᠡᠭ ᠢ ᠪᠦᠷᠢᠳᠬᠡᠨ ᠳᠠᠩᠰᠠᠯᠠᠵᠤ᠂ ᠪᠠᠰᠠ ᠬᠥᠨᠳᠡᠯᠡᠨ ᠠᠴᠠ ᠲᠠᠰᠤᠯᠬᠤ ᠲᠢᠩᠬᠢᠮ ᠨᠡᠭᠡᠭᠡᠬᠦ ᠴᠠᠭ ᠢ ᠲᠤᠬᠠᠶ ᠶᠢᠨ ᠬᠥᠮᠦᠨ ᠳᠤ ᠨᠢᠭᠡ ᠯᠡ ᠤᠳᠠᠭ᠎ᠠ ᠳᠤ ᠮᠡᠳᠡᠭᠳᠡᠵᠦ᠂ ᠬᠡᠷᠡᠭ ᠢ ᠲᠢᠩᠬᠢᠮ ᠤᠨ ᠰᠢᠭᠦᠯᠲᠡ ᠶᠢᠨ ᠵᠢᠷᠤᠮ ᠳᠤ ᠲᠦᠷᠭᠡᠨ ᠣᠷᠣᠬᠤ ᠶᠢ ᠪᠡᠶᠡᠯᠡᠭᠦᠯᠵᠦ᠂ ᠲᠤᠬᠠᠶ ᠶᠢᠨ ᠬᠥᠮᠦᠨ ᠤ ᠴᠠᠭ ᠪᠠ ᠳᠠᠷᠤᠭᠠᠰᠤ ᠶᠢ ᠬᠥᠩᠭᠡᠷᠡᠭᠦᠯᠪᠡ᠃7 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠬᠥᠨᠳᠡᠯᠡᠨ ᠠᠴᠠ ᠲᠠᠰᠤᠯᠬᠤ ᠬᠤᠷᠢᠶ᠎ᠠ ᠲᠣᠭᠤᠷᠢᠨ ᠬᠥᠨᠳᠡᠯᠡᠨ ᠠᠴᠠ ᠲᠠᠰᠤᠯᠬᠤ ᠲᠢᠩᠬᠢᠮ ᠤᠨ ᠠᠷᠭ᠎ᠠ ᠪᠠᠷ ᠰᠢᠭᠤᠶᠢᠲᠤ ᠣᠷᠣᠨ ᠤ ᠶᠡᠷᠦᠩᠬᠡᠶᠢᠯᠡᠨ ᠵᠠᠰᠠᠬᠤ ᠲᠥᠪ ᠲᠤ ᠡᠨᠡ 5 ᠤᠳᠠᠭᠠᠨ ᠤ ᠬᠥᠳᠡᠯᠮᠦᠷᠢ ᠶᠢᠨ ᠮᠠᠷᠭᠤᠯᠳᠤᠭᠠᠨ ᠤ ᠵᠥᠪᠯᠡᠯᠭᠡ ᠶᠢ ᠨᠡᠶᠢᠯᠡᠭᠦᠯᠦᠨ ᠰᠢᠭᠦᠨ ᠰᠢᠢᠳᠪᠦᠷᠢᠯᠡᠪᠡ᠂ ᠡᠨᠡ ᠨᠢ ᠲᠢᠩᠬᠢᠮ ᠤᠨ ᠰᠢᠭᠦᠯᠲᠡ ᠶᠢᠨ ᠴᠠᠭ ᠢ ᠪᠣᠭᠤᠨᠢᠰᠬᠠᠵᠤ᠂ ᠣᠯᠠᠨ ᠲᠦᠮᠡᠨ ᠤ ᠡᠷᠬᠡ ᠪᠠᠨ ᠬᠠᠮᠠᠭᠠᠯᠠᠬᠤ ᠳᠤ ᠳᠥᠭᠦᠮ ᠦᠵᠡᠭᠦᠯᠵᠦ᠂ ᠲᠤᠬᠠᠶ ᠶᠢᠨ ᠬᠥᠮᠦᠨ ᠤ ᠵᠠᠷᠭᠤ ᠶᠢᠨ ᠵᠦᠳᠡᠭᠦᠷᠢ ᠶᠢ ᠬᠥᠩᠭᠡᠷᠡᠭᠦᠯᠪᠡ᠃
2.jpg
        ᠰᠢᠭᠤᠶᠢᠲᠤ ᠲᠤᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶᠠᠨ ᠤ ᠲᠣᠭᠤᠷᠢᠭ ᠲᠤ ᠰᠠᠭᠤᠵᠤ ᠪᠠᠶᠢᠭ᠎ᠠ ᠪᠠᠶᠢᠳᠠᠯ ᠢ ᠶᠡᠷᠦᠩᠬᠡᠶᠢᠯᠡᠨ ᠵᠠᠰᠠᠬᠤ ᠲᠥᠪ ᠨᠢ ᠬᠥᠳᠡᠯᠮᠦᠷᠢᠴᠢᠳ ᠤᠨ ᠬᠥᠳᠡᠯᠮᠦᠷᠢ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠴᠠᠭ ᠤᠨ ᠬᠢᠵᠠᠭᠠᠷ ᠢ ᠪᠣᠭᠤᠨᠢᠰᠬᠠᠭᠰᠠᠨ ᠢᠶᠠᠷ ᠪᠠᠷᠠᠬᠤ ᠥᠬᠡᠶ᠂ ᠨᠠᠩ ᠴᠤ ︽ᠲᠠᠰᠤᠯᠬᠤ︾ ᠡᠷᠬᠡ ᠰᠦᠷᠲᠦ ᠴᠢᠨᠠᠷ᠂ ᠵᠢᠷᠤᠮᠵᠢᠯ ᠤᠨ ᠴᠢᠨᠠᠷ ᠪᠠ ︽ᠵᠣᠬᠢᠴᠠᠭᠤᠯᠬᠤ︾ ᠲᠥᠬᠦᠮ ᠴᠢᠨᠠᠷ᠂ ᠡᠰᠡᠷᠭᠦᠴᠡᠯᠳᠦᠬᠦ ᠪᠤᠰᠤ ᠴᠢᠨᠠᠷ ᠢ ᠤᠶᠠᠯᠳᠤᠭᠤᠯᠵᠤ᠂ ᠣᠯᠠᠨ ᠲᠠᠰ ᠳᠠᠪᠬᠤᠷᠭ᠎ᠠ ᠶᠢᠨ᠂ ᠪᠥᠬᠦ ᠲᠠᠯ᠎ᠠ ᠶᠢᠨ᠂ ᠪᠣᠰᠤᠭ᠎ᠠ ᠴᠣᠭᠴᠠᠲᠤ ᠬᠡᠯᠪᠡᠷᠢ ᠶᠢᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠠᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠳᠥᠯᠭᠢᠨ ᠠᠬᠢᠭᠤᠯᠵᠤ᠂ ᠡᠶᠡᠳᠡᠭᠦᠯᠬᠦ ᠲᠣᠭᠲᠠᠴᠠ ᠶᠢᠨ ᠬᠥᠳᠡᠯᠮᠦᠷᠢ ᠶᠢᠨ ᠬᠠᠷᠢᠴᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠤᠨ ᠦᠢᠯᠡᠳᠦᠯ ᠢ ᠦᠨᠡᠨ ᠬᠦ ᠪᠠᠳᠠᠷᠠᠭᠤᠯᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号