ᠰᠢᠭᠤᠶᠢᠲᠤ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠵᠣ ᠠᠮᠢᠳᠤᠯᠢᠭ ᠢᠶᠠᠷ ᠠᠵᠢᠯ ᠣᠯᠤᠭᠰᠠᠳ ᠲᠤ ᠦᠭᠭᠦᠭᠰᠡᠨ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2024/9/2
ᠰᠢᠭᠤᠶᠢᠲᠤ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠠᠮᠢᠳᠤᠯᠢᠭ ᠢᠶᠠᠷ ᠠᠵᠢᠯ ᠣᠯᠤᠭᠰᠠᠳ᠄        7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠠᠮᠢᠳᠤᠯᠢᠭ ᠢᠶᠠᠷ ᠠᠵᠢᠯ ᠣᠯᠤᠭᠰᠠᠳ 2024 ᠣᠨ ︵ᠲᠤᠬᠠᠶᠢᠯᠠᠭᠰᠠᠨ ᠠᠵᠢᠯ ᠤᠨ ᠣᠨ ᠤ 2024 ᠣᠨ ᠤ 7 ᠳ᠋ᠤᠭᠠᠷ ᠰᠠᠷ᠎ᠠ ᠠᠴᠠ 2025 ᠣᠨ ᠤ 6 ᠳ᠋ᠤᠭᠠᠷ ᠰᠠᠷ᠎ᠠ︶ ᠠᠴᠠ ᠡᠬᠢᠯᠡᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠪᠠ᠃        ᠰᠦᠢᠳᠬᠡᠯ ᠲᠤᠰᠢᠶᠠᠬᠤ ᠪᠠᠷᠢᠮᠵᠢᠶ᠎ᠠ        2024 ᠣᠨ ᠤ 7 ᠳ᠋ᠤᠭᠠᠷ ᠰᠠᠷ᠎ᠠ ᠠᠴᠠ 2025 ᠣᠨ ᠤ 6 ᠳ᠋ᠤᠭᠠᠷ ᠰᠠᠷ᠎ᠠ ᠪᠣᠯᠲᠠᠯ᠎ᠠ᠂ ᠰᠠᠷ᠎ᠠ ᠳᠤ 551.14 ᠲᠥᠭᠦᠷᠢᠭ ᠲᠤᠰᠢᠶᠠᠵᠤ᠂ ᠪᠦᠬᠦ᠋ᠢᠯᠡ ᠲᠤᠬᠠᠶᠢᠯᠠᠭᠰᠠᠨ ᠠᠵᠢᠯ ᠤᠨ ᠣᠨ ᠤ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠨᠡᠶᠢᠲᠡ 6613.68 ᠲᠥᠭᠦᠷᠢᠭ᠂ ᠬᠦᠨᠳᠦ ᠡᠪᠡᠳᠴᠢᠨ ᠤ ᠳᠠᠭᠠᠳᠬᠠᠯ ᠤᠨ ᠵᠠᠷᠤᠳᠠᠯ 100 ᠲᠥᠭᠦᠷᠢᠭ᠂ ᠨᠡᠶᠢᠲᠡ 6713.68 ᠲᠥᠭᠦᠷᠢᠭ ᠪᠣᠯᠤᠨ᠎ᠠ᠃        ᠰᠦᠢᠳᠭᠡᠯ ᠲᠤᠰᠢᠶᠠᠬᠤ ᠵᠠᠮ ᠱᠤᠭᠤᠮ        ︽ᠰᠦᠯᠵᠢᠶᠡᠨ ᠳᠡᠭᠡᠷᠡᠬᠢ︾ ᠠᠷᠭ᠎ᠠ ᠵᠠᠮ ᠳᠤ᠄ ᠭᠠᠷ ᠤᠲᠠᠰᠤᠨ ᠤ ᠸᠢᠴᠠᠲ ᠤᠨ ᠵᠢᠵᠢᠭ ᠫᠷᠤᠭ᠍ᠷᠠᠮ᠂ ᠭᠠᠷ ᠤᠲᠠᠰᠤᠨ ᠤ ᠲᠣᠭᠠᠴᠠᠭ᠎ᠠ ᠬᠢᠬᠦ ᠡᠷᠳᠡᠨᠢ ᠬᠤᠲᠠ ᠶᠢᠨ ᠠᠷᠠᠳ ᠤᠨ ᠲᠥᠪ᠂ ᠮᠦᠩᠭᠡ ᠰᠤᠪᠠᠭ ᠰᠦᠢᠳᠭᠡᠯ ᠲᠤᠰᠢᠶᠠᠬᠤ ᠶᠢ ᠪᠠᠭᠲᠠᠭᠠᠨ᠎ᠠ᠃        ︽ᠪᠤᠳᠠᠳᠦ ᠴᠤᠭᠴᠠ︾ ᠶᠢᠨ ᠠᠷᠭ᠎ᠠ ᠵᠠᠮ ᠳᠤ᠄ ᠪᠥᠲᠥᠭᠡᠨ ᠪᠠᠶᠢᠭᠤᠯᠤᠯᠲᠠ ᠶᠢᠨ ᠪᠠᠩᠬᠢ ᠪᠣᠯᠤᠨ ᠭᠤᠸᠠᠩ ᠳ᠋ᠠ ᠪᠠᠩᠬᠢ ᠶᠢᠨ ᠡᠯ᠎ᠡ ᠲᠣᠤᠷ ᠴᠡᠭ ᠪᠣᠯᠤᠨ ᠭᠠᠶᠢᠯᠢ ᠶᠢᠨ ᠶᠠᠪᠤᠳᠠᠯ ᠤᠨ ᠲᠤᠬᠠᠶᠢᠯᠠᠭᠰᠠᠨ ᠠᠵᠢᠯ ᠤᠨ ᠶᠡᠭᠡ ᠲᠢᠩᠬᠢᠮ ᠤᠨ ᠡᠭᠦᠯᠡᠨ POS ᠮᠠᠰᠢᠨ ᠤ ᠺᠠᠷᠲ ᠢᠶᠠᠷ ᠰᠦᠢᠳᠬᠡᠯ ᠲᠤᠰᠢᠶᠠᠬᠤ ᠪᠠᠭᠲᠠᠨ᠎ᠠ᠃        ᠬᠠᠯᠠᠭᠤᠨ ᠳᠣᠲᠣᠨᠣ ᠰᠠᠨᠠᠭᠤᠯᠤᠮᠵᠢ        ᠬᠡᠪ ᠤᠨ ᠪᠠᠶᠢᠳᠠᠯ ᠢᠶᠠᠷ ᠳᠠᠭᠠᠳᠬᠠᠯ ᠳᠤ ᠣᠷᠣᠯᠴᠠᠭᠰᠠᠨ ᠪᠥᠭᠡᠳ ᠪᠥᠬᠦ ᠵᠢᠯ ︵2024 ᠣᠨ ᠤ 7 ᠳ᠋ᠤᠭᠠᠷ ᠰᠠᠷ᠎ᠠ — 2025 ᠣᠨ ᠤ 6 ᠳ᠋ᠤᠭᠠᠷ ᠰᠠᠷ᠎ᠠ︶ ᠰᠦᠢᠳᠬᠡᠯ ᠲᠤᠰᠢᠶᠠᠪᠠᠯ᠂ ᠭᠠᠷ ᠤᠲᠠᠰᠤ᠂ ᠡᠭᠦᠯᠡᠨ POS ᠮᠠᠰᠢᠨ᠂ ᠪᠠᠩᠬᠢ ᠶᠢᠨ ᠲᠣᠤᠷ ᠴᠡᠭ ᠤᠨ ᠰᠦᠢᠳᠬᠡᠯ ᠲᠤᠰᠢᠶᠠᠬᠤ ᠰᠢᠰᠲ᠋ᠧᠮ ᠳᠤ ︽ᠭᠠᠶᠢᠯᠢ ᠶᠢᠨ ᠶᠠᠪᠤᠳᠠᠯ ᠤᠨ ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠬᠤ︾ ᠶᠢ ᠰᠣᠩᠭᠤᠵᠤ ᠰᠦᠢᠳᠬᠡᠯ ᠲᠤᠰᠢᠶᠠᠨ᠎ᠠ᠃        ᠨᠢᠭᠡᠨᠲᠡ ᠳᠠᠭᠠᠳᠬᠠᠯ ᠳᠤ ᠣᠷᠣᠯᠴᠠᠵᠤ 2024 ᠣᠨ ᠤ 7 ᠳ᠋ᠤᠭᠠᠷ ᠰᠠᠷ᠎ᠠ ᠠᠴᠠ 2025 ᠣᠨ ᠤ 6 ᠳ᠋ᠤᠭᠠᠷ ᠰᠠᠷ᠎ᠠ ᠶᠢᠨ ᠬᠤᠭᠤᠴᠠᠭᠠᠨ ᠳᠠᠬᠢ ᠣᠨᠴᠠ ᠵᠠᠷᠢᠮ ᠰᠠᠷ᠎ᠠ ᠶᠢᠨ ᠰᠦᠢᠳᠭᠡᠯ ᠲᠤᠰᠢᠶᠠᠭᠰᠠᠨ ᠪᠠᠶᠢᠪᠠᠯ᠂ ᠡᠭᠦᠨ ᠳᠤ ᠪᠠᠶᠢᠭᠤᠯᠭ᠎ᠠ ᠨᠢᠭᠡᠴᠢ ᠶᠢᠨ ᠳᠠᠭᠠᠳᠬᠠᠯ ᠢ ᠵᠣᠭᠰᠣᠭᠠᠨ ᠨᠥᠬᠦᠵᠦ ᠲᠤᠰᠢᠶᠠᠬᠤ᠂ ᠠᠵᠢᠯ ᠠᠴᠠ ᠪᠠᠨ ᠪᠠᠭᠤᠵᠤ ᠠᠮᠠᠷᠠᠬᠤ᠂ ᠡᠮ ᠡᠮᠨᠡᠯᠭᠡ ᠶᠢᠨ ᠳᠠᠭᠠᠳᠬᠠᠯ ᠢ ᠨᠢᠭᠡ ᠯᠡ ᠤᠳᠠᠭ᠎ᠠ ᠶᠢᠨ ᠴᠢᠨᠠᠷᠲᠠᠶ ᠰᠦᠢᠳᠭᠡᠯ ᠨᠥᠬᠦᠪᠥᠷᠢᠯᠡᠬᠦ ᠵᠡᠷᠭᠡ ᠬᠥᠮᠦᠰ ᠤᠷᠢᠳ ᠢᠶᠠᠷ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠭᠠᠷᠲᠠᠨ ᠭᠦᠢᠴᠡᠳᠭᠡᠬᠦ ᠰᠠᠯᠠᠭ᠎ᠠ ᠮᠥᠴᠢᠷ ᠲᠤ ᠬᠦᠷᠴᠦ ᠲᠤᠬᠠᠶ ᠶᠢᠨ ᠲᠠᠯᠠᠪᠤᠷ ᠲᠤᠨᠢ ᠬᠢᠨᠠᠨ ᠲᠣᠭᠲᠠᠭᠠᠵᠤ᠂ ᠳᠠᠷᠠᠭ᠎ᠠ ᠨᠢ ᠭᠠᠷ ᠤᠲᠠᠰᠤ᠂ ᠡᠭᠦᠯᠡᠨ POS ᠮᠠᠰᠢᠨ᠂ ᠪᠠᠩᠬᠢ ᠶᠢᠨ ᠲᠣᠤᠷ ᠴᠡᠭ ᠤᠨ ᠰᠦᠢᠳᠬᠡᠯ ᠲᠤᠰᠢᠶᠠᠬᠤ ᠰᠢᠰᠲ᠋ᠧᠮ ᠳᠤ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠳᠠᠭᠠᠳᠬᠠᠯ ᠤᠨ ᠬᠢᠨᠠᠨ ᠲᠣᠭᠲᠠᠭᠠᠯᠲᠠ︾ ᠶᠢ ᠰᠣᠩᠭᠤᠵᠤ ᠰᠦᠢᠳᠭᠡᠯ ᠲᠤᠰᠢᠶᠠᠬᠤ ᠬᠡᠷᠡᠭᠲᠡᠶ᠃        ᠠᠩᠬ᠎ᠠ ᠤᠳᠠᠭ᠎ᠠ ᠳᠠᠭᠠᠳᠬᠠᠯ ᠳᠤ ᠣᠷᠣᠯᠴᠠᠬᠤ ᠳᠤ ᠤᠷᠢᠳᠠᠪᠠᠷ ᠰᠢᠭᠤᠶᠢᠲᠤ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠢ ᠡᠷᠭᠢᠯᠡᠨ ᠭᠦᠢᠴᠡᠳᠬᠡᠬᠦ ᠰᠠᠯᠠᠭ᠎ᠠ ᠮᠥᠴᠢᠷ ᠲᠤ ᠬᠦᠷᠴᠦ ᠳᠠᠭᠠᠳᠬᠠᠯ ᠳᠤ ᠣᠷᠣᠯᠴᠠᠬᠤ ᠶᠢ ᠳᠠᠩᠰᠠᠯᠠᠭᠤᠯᠬᠤ ᠶᠢᠨ ᠬᠠᠮᠲᠤ ᠬᠢᠨᠠᠨ ᠲᠣᠭᠲᠠᠭᠠᠵᠤ᠂ ᠳᠠᠷᠠᠭ᠎ᠠ ᠨᠢ ᠭᠠᠷ ᠤᠲᠠᠰᠤ᠂ ᠡᠭᠦᠯᠡᠨ POS ᠮᠠᠰᠢᠨ᠂ ᠪᠠᠩᠬᠢ ᠶᠢᠨ ᠲᠣᠤᠷ ᠴᠡᠭ ᠲᠤ ᠰᠦᠢᠳᠬᠡᠯ ᠲᠤᠰᠢᠶᠠᠬᠤ ᠰᠢᠰᠲ᠋ᠧᠮ ᠳᠤ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠮ ᠡᠮᠨᠡᠯᠭᠡ ᠶᠢᠨ ᠳᠠᠭᠠᠳᠬᠠᠯ ᠢ ᠬᠢᠨᠠᠨ ᠲᠣᠭᠲᠠᠭᠠᠬᠤ ︾ ᠶᠢ ᠰᠣᠩᠭᠤᠵᠤ ᠰᠦᠢᠳᠬᠡᠯ ᠲᠤᠰᠢᠶᠠᠨ᠎ᠠ᠃        ᠰᠢᠭᠤᠶᠢᠲᠦ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠢ ᠭᠠᠷᠳᠠᠨ ᠬᠢᠬᠦ ᠪᠠᠶᠢᠭᠤᠯᠤᠮᠵᠢ ᠶᠢᠨ ᠪᠣᠳᠠᠲᠠᠢ ᠬᠠᠶ᠋ᠢᠭ ᠵᠢᠴᠢ ᠳ᠋ᠢᠶᠠᠩᠬᠤᠸᠠ᠄ ᠰᠢᠭᠤᠶᠢᠲᠦ ᠲᠣᠭᠤᠷᠢᠭ ᠤᠨ ᠬᠤᠲᠠ ᠶᠢᠨ ᠠᠷᠠᠳ ᠤᠨ ᠶᠡᠭᠡ ᠲᠢᠩᠬᠢᠮ ᠤᠨ 17 ᠠᠴᠠ 19 ᠳ᠋ᠦ᠋ᠭᠡᠷ ᠲᠣᠭᠠᠲᠤ ᠴᠣᠩᠬᠤ᠂ ᠬᠠᠷᠢᠯᠴᠠᠬᠤ ᠤᠲᠠᠰᠤ᠄ 0472 – 8713886᠃        ᠪᠤᠭᠤᠲᠤ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠷ ᠤᠲᠠᠰᠤ ᠪᠠᠷ ᠰᠦᠢᠳᠭᠡᠯ ᠲᠤᠰᠢᠶᠠᠬᠤ ᠠᠰᠠᠭᠤᠨ ᠯᠠᠪᠯᠠᠬᠤ ᠤᠲᠠᠰᠤ᠄ 0472 — 8712366 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号