ᠬᠤᠪᠢᠰᠬᠠᠯᠲᠤ ᠵᠣᠷᠢᠭ ᠰᠠᠨᠠᠭ᠎ᠠ ᠡᠭᠦᠷᠢᠳᠡ ᠵᠠᠯᠭᠠᠮᠵᠢᠯᠠᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠡᠷᠡᠯᠬᠡᠭᠯᠡᠨ ᠤᠷᠤᠭᠰᠢᠯᠠᠵᠤ ᠳᠠᠬᠢᠨᠲᠠ ᠠᠶᠠᠯᠠᠨ᠎ᠠ — ᠰᠢᠭᠤᠶᠢᠲᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠭᠠᠳᠠᠭᠰᠢ ᠭᠠᠷᠴᠤ ᠲᠣᠭᠤᠷᠢᠨ ᠦᠵᠡᠭᠦᠯᠵᠦ ᠰᠤᠷᠤᠯᠴᠠᠪᠠ
ᠨᠡᠶᠢᠲᠡᠯᠡᠭᠰᠡᠨ ᠴᠠᠭ᠄
2024/9/2
        ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠯᠠᠮ ᠨᠢᠭᠡ ᠠᠯᠬᠤᠮ ᠲᠠᠶᠢᠴᠢᠯᠠᠨ ᠵᠣᠷᠢᠭᠵᠢᠭᠤᠯᠤᠨ᠎ᠠ᠃ 7 ᠳ᠋ᠤᠭᠠᠷ ᠰᠠᠷ᠎ᠠ ᠶᠢᠨ 3 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠪᠠ ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ ᠬᠦᠷᠴᠦ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠬᠡᠯᠪᠡᠷᠢ ᠪᠠᠷ ᠬᠤᠪᠢᠰᠬᠠᠯ ᠤᠨ ᠵᠣᠷᠢᠭ ᠰᠠᠨᠠᠭ᠎ᠠ ᠶᠢ ᠣᠶᠢᠯᠠᠭᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠨᠢᠭᠲᠠᠷᠠᠭᠤᠯᠪᠠ᠃        ᠠᠵᠢᠯᠯᠠᠭ᠎ᠠ ᠶᠢᠨ ᠨᠢᠭᠡᠳᠦᠭᠡᠷ ᠦᠷᠳᠡᠭᠡ ᠳᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ ᠬᠦᠷᠴᠦ᠂ ᠳᠠᠯᠠᠨ ᠬᠠᠷ᠎ᠠ ᠠᠭᠤᠯᠠ ᠶᠢᠨ ᠭᠠᠵᠠᠷ ᠣᠷᠣᠨ ᠤ ᠬᠤᠪᠢᠰᠬᠠᠯ ᠤᠨ ᠲᠡᠦᠬᠡ ᠶᠢᠨ ᠦᠵᠡᠭᠦᠯᠭᠡ ᠶᠢᠨ ᠲᠢᠩᠬᠢᠮ᠂ ᠳᠠᠯᠠᠨ ᠬᠠᠷ᠎ᠠ ᠠᠭᠤᠯᠠ ᠶᠢᠨ ᠭᠠᠵᠠᠷ ᠣᠷᠣᠨ ᠤ ᠬᠤᠪᠢᠰᠬᠠᠯ ᠤᠨ ᠲᠡᠦᠬᠡ ᠶᠢᠨ ᠦᠵᠡᠭᠦᠯᠭᠡ ᠶᠢᠨ ᠲᠢᠩᠬᠢᠮ᠂ ᠳᠠᠯᠠᠨ ᠬᠠᠷ᠎ᠠ ᠠᠭᠤᠯᠠ ᠶᠢᠨ ᠭᠠᠵᠠᠷ ᠣᠷᠣᠨ ᠤ ᠬᠤᠪᠢᠰᠬᠠᠯ ᠤᠨ ᠲᠡᠦᠬᠡ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠭᠡᠷᠡᠯ ᠰᠠᠴᠤᠷᠠᠩᠭᠤᠢ ᠦᠢᠯᠡ ᠠᠵᠢᠯᠯᠠᠭ᠎ᠠ ᠪᠣᠯᠤᠨ ᠭᠠᠷᠮᠠᠭᠠᠢ ᠭᠠᠪᠢᠶ᠎ᠠ ᠵᠢᠳᠬᠦᠯ ᠢ ᠨᠠᠷᠢᠨ ᠣᠶᠢᠯᠠᠭᠠᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠬᠤᠪᠢᠷᠠᠰᠢ ᠦᠭᠡᠢ ᠬᠦᠰᠡᠯᠡᠩ ᠢᠲᠡᠭᠡᠯ ᠪᠢᠰᠢᠷᠡᠯ ᠪᠣᠯᠤᠨ ᠳᠤᠮᠳᠠᠳᠤ ᠶᠢᠨ ᠦᠨᠳᠦᠰᠦᠲᠡᠨ ᠤ ᠴᠢᠯᠥᠭᠡᠯᠡᠯᠲᠡ ᠶᠢᠨ ᠲᠥᠯᠥᠭᠡ ᠨᠠᠰᠤᠨ ᠲᠤᠷᠰᠢᠳᠠ ᠲᠡᠮᠡᠴᠡᠬᠦ ᠬᠤᠪᠢᠰᠬᠠᠯᠲᠤ ᠵᠣᠷᠢᠭ ᠰᠠᠨᠠᠭ᠎ᠠ ᠶᠢ ᠪᠡᠶ᠎ᠡ ᠪᠠᠷ ᠢᠶᠠᠨ ᠤᠢᠢᠯᠠᠭᠠᠭᠰᠠᠨ ᠪᠥᠭᠡᠳ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ  ᠤᠨ ᠨᠤᠭᠤᠷᠠᠰᠢ ᠦᠭᠡᠢ ᠲᠡᠮᠡᠴᠡᠯ ᠤᠨ ᠵᠣᠷᠢᠭ ᠰᠠᠨᠠᠭ᠎ᠠ᠂ ᠨᠠᠮ ᠳᠠᠭᠠᠨ ᠦᠨᠡᠨᠴᠢ ᠬᠠᠶᠢᠷ᠎ᠠ ᠰᠡᠳᠭᠢᠯᠭᠡ ᠲᠠᠢ ᠪᠠᠶᠢᠬᠤ ᠰᠡᠳᠬᠢᠯᠭᠡ ᠳᠤ ᠬᠦᠨ ᠰᠡᠳᠭᠢᠯ ᠬᠦᠳᠡᠯᠪᠡ᠃
5.jpg
        ᠠᠵᠢᠯᠯᠠᠭ᠎ᠠ ᠶᠢᠨ ᠬᠤᠶᠠᠳᠤᠭᠠᠷ ᠦᠷᠲᠡᠭᠡ ᠳᠤ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ ᠬᠦᠷᠴᠦ᠂ ᠲᠤᠭᠤᠷᠢᠨ ᠦᠵᠡᠬᠦ ᠪᠠ ᠲᠠᠶᠢᠯᠪᠤᠷᠢᠯᠠᠬᠤ ᠶᠢ ᠰᠤᠨᠤᠰᠬᠤ ᠪᠠᠷ ᠳᠠᠮᠵᠢᠨ ᠤᠯᠠᠭᠠᠨᠬᠦᠦ ᠨᠥᠬᠦᠷ ᠤᠨ ᠢᠷᠠᠭᠤ ᠠᠯᠳᠠᠷ ᠨᠢᠭᠡ ᠨᠠᠰᠤ ᠶᠢ ᠣᠶᠢᠯᠠᠭᠠᠵᠤ᠂ ᠲᠦᠷᠦᠭᠰᠡᠨ᠂ ᠰᠤᠷᠤᠯᠴᠠᠬᠤ᠂ ᠨᠠᠮ ᠳᠤ ᠣᠷᠣᠬᠤ᠂ ᠬᠤᠪᠢᠰᠬᠠᠯ ᠳᠤ ᠣᠷᠣᠯᠴᠠᠬᠤ᠂ ᠥᠪᠥᠷ ᠮᠣᠩᠭᠤᠯ ᠢ ᠪᠦᠳᠦᠭᠡᠨ ᠪᠠᠶᠢᠭᠤᠯᠬᠤ  ᠠᠴᠠ ᠠᠪᠤᠭᠠᠳ ᠨᠠᠰᠤ ᠨᠦᠭᠴᠢᠬᠦ ᠬᠦᠷᠲᠡᠯᠡᠬᠢ ᠶᠢ ᠶᠠᠷᠢᠵᠤ ᠦᠭᠴᠡᠢ᠃ ᠤᠯᠠᠭᠠᠨᠬᠦᠦ ᠨᠥᠬᠦᠷ ᠤᠨ ᠦᠨᠳᠦᠰᠦᠲᠡᠨ ᠤ ᠴᠢᠯᠥᠭᠡᠯᠡᠯᠲᠡ᠂ ᠡᠬᠡ ᠤᠯᠤᠰ ᠤᠨ ᠨᠢᠭᠡᠳᠦᠯ ᠢ ᠲᠡᠮᠡᠴᠡᠨ ᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠲᠥᠯᠥᠭᠡ ᠪᠠᠶᠢᠭᠤᠯᠤᠭᠰᠠᠨ ᠪᠠᠯᠠᠷᠠᠰᠢ ᠦᠭᠡᠢ ᠭᠠᠪᠢᠶ᠎ᠠ ᠵᠢᠳᠬᠦᠯ ᠢ ᠠᠮᠢᠳᠤᠯᠢᠭ ᠪᠤᠲᠠᠲᠠᠢ ᠪᠠᠷ ᠬᠠᠷᠠᠭᠤᠯᠵᠠᠢ᠃
6.jpg
        ᠲᠣᠰ ᠤᠳᠠᠭᠠᠨ ᠤ ᠠᠵᠢᠯᠯᠠᠭ᠎ᠠ ᠨᠢ ︽ᠶᠠᠪᠤᠬᠤ᠂ ᠰᠣᠨᠣᠰᠬᠤ᠂ ᠦᠵᠡᠬᠦ᠂ ᠰᠤᠷᠤᠯᠴᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠠᠭᠠᠨ ᠥᠩᠭᠡ ᠶᠢ ᠡᠷᠢᠯᠬᠢᠯᠡᠵᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠤᠪᠠ᠃ ᠲᠥᠯᠥᠭᠡᠯᠡᠭᠴᠢᠳ ᠢᠯᠡᠷᠬᠡᠶᠢᠯᠡᠭᠰᠡᠨ ᠨᠢ᠂ ᠲᠤᠰ ᠤᠳᠠᠭ᠎ᠠ ᠶᠢᠨ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠶᠢᠨ ᠣᠯᠤᠯᠲᠠ ᠮᠠᠰᠢ ᠤᠯᠠᠨ᠂ ᠮᠠᠰᠢ ᠶᠡᠭᠡ ᠰᠡᠩᠬᠡᠷᠡᠭᠦᠯᠦᠯ ᠣᠯᠵᠤ᠂ ᠡᠷᠬᠡᠪᠰᠢ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠤᠨ ᠭᠦᠨ ᠵᠤᠵᠠᠭᠠᠨ ᠨᠠᠶᠢᠳᠠᠯᠭ᠎ᠠ ᠶᠣᠰᠣᠭᠠᠷ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠠᠲᠤ ᠴᠡᠭᠡᠵᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠵᠣᠷᠢᠭᠵᠢᠭᠤᠯᠤᠯ ᠪᠣᠯᠤᠨ ᠨᠠᠶᠢᠳᠠᠯᠭ᠎ᠠ ᠶᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠴᠢᠷ ᠶᠠᠪᠤᠳᠠᠯ ᠢ ᠰᠡᠳᠬᠢᠨ ᠪᠦᠲᠦᠭᠡᠬᠦ ᠲᠠᠯ᠎ᠠ ᠪᠠᠷ ᠣᠳᠣᠬᠠᠨ ᠤ ᠪᠣᠳᠠᠲᠠᠢ ᠠᠰᠠᠭᠤᠳᠠᠯ ᠢ ᠠᠩᠬᠠᠷᠬᠤ ᠬᠡᠷᠡᠭᠲᠡᠢ ᠪᠥᠭᠡᠳ ᠪᠠᠰᠠ ᠥᠨᠢ ᠤᠳᠠᠭᠠᠨ ᠴᠢᠷᠮᠠᠶᠢᠬᠤ ᠠᠯᠤᠰ ᠬᠡᠳᠤ ᠶᠢᠨ ᠠᠰᠠᠭᠤᠳᠠᠯ ᠢ ᠬᠠᠯᠠᠮᠵᠢᠯᠠᠵᠤ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠬᠢᠬᠦ ᠬᠠᠯᠠᠭᠤᠨ ᠰᠡᠳᠬᠢᠯᠭᠡ ᠪᠠᠷ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠦᠴᠦᠨ ᠴᠢᠳᠠᠯ ᠢᠶᠠᠨ ᠡᠷᠭᠦᠨ᠎ᠡ ᠬᠡᠵᠡᠢ᠃
 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号