ᠪᠤᠭᠤᠲᠤ ᠶᠢᠨ ᠬᠤᠳᠠ ᠪᠣᠯᠵᠤ ᠪᠦᠷᠢᠯᠳᠦᠭᠰᠡᠨ ᠨᠢ ᠨᠡᠯᠢᠶᠡᠳ ᠣᠷᠣᠢ᠂ ᠴᠢᠩ ᠤᠯᠤᠰ ᠤᠨ ᠰᠠᠶᠢᠰᠢᠶᠠᠯᠲᠤ | ᠢᠷᠦᠭᠡᠯᠲᠦ ᠶᠢᠨ 14 ᠣᠨ ︵1809 ᠣᠨ︶ ᠳᠤ ᠪᠤᠭᠤᠲᠤ ᠪᠠᠯᠭᠠᠰᠤ ᠶᠢ ᠪᠠᠶᠢᠭᠤᠯᠤᠭᠰᠠᠨ ᠠᠴᠠ ᠪᠤᠳᠤᠪᠠᠯ ᠤᠳᠤ | ᠪᠤᠯᠳᠠᠯ᠎ᠠ ᠠᠷᠠᠢ 200 ᠵᠢᠯ ᠪᠣᠯᠤᠭ᠎ᠠ ᠦᠭᠡᠢ᠃ ᠭᠡᠲᠡᠯ᠎ᠡ᠂ ᠪᠤᠭᠤᠲᠤ ᠶᠢᠨ ᠭᠠᠵᠠᠷ ᠵᠦᠢ ᠶᠢᠨ ᠪᠠᠶᠢᠷᠢᠯᠠᠯ ᠤᠨ | ᠤᠨᠴᠠᠭᠠᠢ ᠴᠢᠨᠠᠷ ᠠᠴᠠ ᠪᠣᠯᠵᠤ᠂ ᠤᠷᠳᠤ ᠤᠳᠠᠭᠠᠨ ᠤᠯᠠᠷᠢᠯ ᠬᠤᠪᠢᠰᠤᠯᠲᠠ ᠶᠢᠨ ᠶᠠᠪᠤᠴᠠ ᠳᠤᠮᠳᠠ ᠬᠡᠳᠤ ᠤᠳᠠᠭ᠎ᠠ | ᠰᠦᠷ ᠳᠠᠯᠠᠶᠢᠴᠠᠲᠠᠢ ᠠᠮᠢᠳᠤ ᠵᠦᠴᠦᠭᠡ ᠶᠢᠨ ᠲᠡᠦᠬᠡ ᠶᠢᠨ ᠲᠠᠶᠢᠰᠠ ᠪᠣᠯᠵᠤ ᠥᠩᠭᠡᠷᠡᠭᠰᠡᠨ ᠶᠤᠮ᠂ ᠡᠶᠢᠨᠬᠦ ᠪᠠᠯᠭᠠᠰᠤ | ᠪᠠᠶᠢᠭᠤᠯᠤᠭᠰᠠᠨ᠂ ᠬᠤᠳᠠ ᠪᠠᠶᠢᠭᠤᠯᠤᠭᠰᠠᠨ ᠢᠶᠠᠷ ᠬᠢᠵᠠᠭᠠᠷᠯᠠᠪᠠᠯ ᠠᠷᠠᠢ ᠵᠣᠬᠢᠰ ᠦᠭᠡᠢ᠂ ᠬᠠᠷᠢᠨ ᠨᠠᠩ ᠤᠷᠳᠤ | ᠲᠡᠦᠬᠡ ᠶᠢ ᠮᠥᠷᠳᠡᠵᠦ ᠪᠣᠯᠣᠨ᠎ᠠ᠃ ᠬᠠᠳᠤᠨ ᠭᠤᠣᠯ ᠪᠣᠯ ᠲᠤᠮᠳᠠᠳᠤ ᠶᠢᠨ ᠦᠨᠳᠦᠰᠦᠲᠡᠨ ᠤ ᠥᠯᠥᠭᠡᠢ ᠶᠤᠮ᠃ | ᠬᠠᠳᠤᠨ ᠭᠤᠣᠯ ᠤᠨ ᠤᠷᠤᠰᠬᠠᠯ ᠤᠨ ᠪᠤᠭᠤᠲᠤ ᠪᠠᠷ ᠥᠩᠭᠡᠷᠡᠵᠦ ᠪᠠᠶᠢᠭ᠎ᠠ ᠬᠡᠰᠡᠭ ᠪᠣᠯ ᠪᠠᠯᠠᠷ ᠡᠷᠲᠡᠨ ᠤ | ᠬᠥᠮᠥᠨ ᠲᠥᠷᠥᠯᠬᠢᠲᠡᠨ ᠤ ᠨᠡᠯᠢᠶᠡᠳ ᠡᠷᠲᠡ ᠠᠵᠢᠯᠯᠠᠭ᠎ᠠ ᠬᠢᠵᠦ ᠪᠠᠶᠢᠭᠰᠠᠨ ᠭᠠᠵᠠᠷ ᠣᠷᠣᠨ ᠪᠣᠯᠣᠨ᠎ᠠ᠂ ᠠᠳᠡ ᠶᠡᠭᠡ | ᠬᠡᠮᠵᠢᠶᠡᠨ ᠤ ᠬᠥᠮᠥᠨ ᠲᠥᠷᠥᠯᠬᠢᠲᠡᠨ ᠤ ᠰᠣᠶᠣᠯ ᠤᠨ ᠤᠯᠠ ᠮᠥᠷ ᠬᠠᠳᠠᠭᠠᠯᠠᠭᠳᠠᠵᠤ ᠪᠤᠢ ᠪᠥᠭᠡᠳ ᠨᠢᠭᠡᠨᠲᠡ | ᠮᠠᠯᠲᠠᠵᠤ ᠢᠯᠡᠷᠡᠭᠦᠯᠦᠭᠰᠡᠨ ᠨᠢ 10 ᠭᠠᠷᠤᠢ ᠭᠠᠵᠠᠷ ᠪᠤᠢ᠃ ᠳ᠋ᠦᠩ ᠾᠧ ᠲᠣᠭᠤᠷᠢᠭ ᠠᠴᠠ ᠵᠡᠭᠦᠨᠰᠢ 15 | ᠺᠢᠯᠣᠮᠧᠲᠷ ᠲᠤ ᠪᠠᠶᠢᠷᠢᠯᠠᠵᠤ ᠪᠠᠶᠢᠭ᠎ᠠ ᠷᠠᠰᠢᠶᠠᠨ ᠭᠤᠣᠯ ᠭᠠᠴᠠᠭ᠎ᠠ ᠠᠴᠠ ᠪᠦᠷᠢᠨ ᠬᠠᠳᠠᠭᠠᠯᠠᠭᠳᠠᠵᠤ | ᠪᠠᠶᠢᠭᠰᠠᠨ ᠰᠢᠨ᠎ᠡ ᠴᠢᠯᠠᠭᠤᠨ ᠵᠡᠪᠰᠡᠭ ᠤᠨ ᠴᠠᠭ ᠦᠶ᠎ᠡ ᠶᠢᠨ ᠲᠤᠰᠬᠤᠨ ᠤ ᠪᠠᠭᠤᠷᠢ ᠪᠣᠯᠣᠨ ᠶᠡᠭᠡ ᠬᠡᠮᠵᠢᠶᠡᠨ ᠤ | ᠲᠡᠦᠬᠡᠨ ᠳᠤᠷᠠᠰᠬᠠᠯᠲᠤ ᠵᠦᠢᠯᠡᠰ ᠢ ᠣᠯᠵᠠᠢ᠃ | ᠮᠣᠩᠭᠤᠯ ᠤᠨ ᠥᠨᠳᠦᠷᠯᠢᠭ ᠨᠢ ᠵᠡᠭᠦᠨᠰᠢ ᠪᠠᠷᠠᠭᠤᠨᠰᠢ ᠮᠢᠩᠭᠠᠨ ᠺᠢᠯᠣᠮᠧᠲᠷ | ᠦᠷᠬᠦᠯᠵᠢᠯᠡᠭᠰᠡᠨ ᠮᠤᠨᠠ ᠠᠭᠤᠯᠠ ᠨᠢᠷᠤᠭᠤᠳ ᠤᠨ ᠤᠮᠠᠷ᠎ᠠ ᠳᠤ ᠪᠠᠶᠢᠷᠢᠯᠠᠵᠤ᠂ ᠲᠤᠮᠳᠠᠳᠤ ᠤᠯᠤᠰ ᠤᠨ ᠡᠷᠲᠡᠨ ᠤ | ᠦᠶ᠎ᠡ ᠳᠤ᠂ ᠠᠳᠡ ᠪᠣᠯ ᠤᠮᠠᠷᠠᠲᠤ ᠶᠢᠨ ᠴᠥᠭᠡᠨ ᠲᠣᠭᠠᠲᠤ ᠦᠨᠳᠦᠰᠦᠲᠡᠨ ᠤ ᠠᠵᠤ ᠲᠦᠷᠦᠨ ᠣᠷᠣᠰᠢᠨ | ᠠᠮᠢᠳᠤᠷᠠᠵᠤ ᠪᠠᠶᠢᠭᠰᠠᠨ ᠭᠠᠵᠠᠷ᠂ ᠬᠠᠳᠤᠨ ᠭᠤᠣᠯ ᠤᠨ ᠰᠠᠪᠠ ᠭᠠᠵᠠᠷ ᠤᠨ ᠲᠤᠮᠳᠠᠳᠤ ᠣᠷᠣᠨ ᠤ ᠡᠯ᠎ᠡ ᠸᠠᠩᠲᠤ | ᠲᠦᠷᠦ ᠯᠦᠭᠡ ᠶᠢᠨ ᠬᠠᠷᠢᠯᠴᠠᠭ᠎ᠠ ᠶᠠᠪᠤᠯᠴᠠᠭ᠎ᠠ ᠳᠤᠮᠳᠠ ᠡᠯ᠎ᠡ ᠦᠨᠳᠦᠰᠦᠲᠡᠨ ᠤ ᠠᠭᠤᠰᠤᠯᠴᠠᠯ ᠢ ᠠᠬᠢᠭᠤᠯᠵᠤ᠂ | ᠴᠥᠭᠡᠨ ᠲᠣᠭᠠᠲᠤ ᠦᠨᠳᠦᠰᠦᠲᠡᠨ ᠤ ᠹᠸᠦᠳᠠᠯᠵᠢᠯᠳᠠ ᠶᠢᠨ ᠠᠬᠢᠴᠠ ᠶᠢ ᠲᠦᠷᠭᠡᠳᠬᠡᠵᠦ᠂ ᠪᠦᠬᠦ᠋ᠢᠯᠡ ᠨᠡᠶᠢᠭᠡᠮ ᠤᠨ | ᠬᠥᠭᠵᠢᠯᠲᠡ ᠪᠣᠯᠣᠨ ᠪᠣᠯᠪᠠᠰᠤᠨ ᠤ ᠶᠠᠪᠤᠯᠴᠠᠭ᠎ᠠ ᠶᠢ ᠲᠦᠯᠬᠢᠨ ᠠᠬᠢᠭᠤᠯᠤᠭᠰᠠᠨ ᠶᠤᠮ᠃ | ᠪᠠᠶᠢᠯᠳᠤᠭᠠᠨᠲᠤ ᠤᠯᠤᠰ ᠠᠴᠠ ᠲᠠᠩ ᠤᠯᠤᠰ ᠬᠦᠷᠳᠡᠯ᠎ᠠ ᠪᠤᠭᠤᠲᠤ ᠶᠢᠨ ᠬᠢᠯᠢ ᠳᠣᠲᠣᠷ᠎ᠠ ᠬᠡᠳᠤ ᠤᠳᠠᠭ᠎ᠠ | ᠵᠠᠷᠢᠮ ᠬᠠᠭᠤᠴᠢᠨ ᠬᠤᠳᠠ ᠶᠢ ᠪᠠᠶᠢᠭᠤᠯᠵᠤ ᠥᠩᠭᠡᠷᠡᠭᠰᠡᠨ ᠶᠤᠮ᠃ ᠬᠠᠮᠤᠭ ᠡᠷᠲᠡ ᠳᠤ᠂ ᠵᠤᠤ ᠤᠯᠤᠰ ᠤᠨ ᠦ᠋ ᠯᠢᠩ | ᠸᠠᠩ ᠨᠠᠶᠢᠳᠠ ᠶᠢᠨ ᠣᠨ ᠲᠣᠭᠠᠯᠠᠯ ᠠᠴᠠ ᠡᠮᠦᠨ᠎ᠡ 306 ᠣᠨ ︵ᠦ᠋ ᠯᠢᠩ ᠸᠠᠩ ᠤᠨ 20 ᠣᠨ︶ ᠳᠤ ᠵᠢᠦᠶᠤᠸᠠᠨ | ᠬᠤᠳᠠ ᠶᠢ ᠪᠠᠶᠢᠭᠤᠯᠤᠭᠰᠠᠨ ᠪᠠᠶᠢᠨ᠎ᠠ᠃ ᠨᠠᠶᠢᠳᠠ ᠶᠢᠨ ᠣᠨ ᠲᠣᠭᠠᠯᠠᠯ ᠠᠴᠠ ᠡᠮᠦᠨ᠎ᠡ 221 ᠣᠨ ᠳᠤ ᠴᠢᠨ | ᠤᠯᠤᠰ ᠵᠢᠦᠶᠤᠸᠠᠨ ᠵᠢᠶᠦ᠋ᠨ ᠢ ᠪᠠᠶᠢᠭᠤᠯᠵᠠᠢ᠃ ᠨᠠᠶᠢᠳᠠ ᠶᠢᠨ ᠣᠨ ᠲᠣᠭᠠᠯᠠᠯ ᠤᠨ 433 ᠣᠨ ᠳᠤ᠂ ᠰᠢᠶᠠᠨᠪᠢ | ᠦᠨᠳᠦᠰᠦᠲᠡᠨ ᠤ ᠪᠠᠶᠢᠭᠤᠯᠤᠭᠰᠠᠨ ᠤᠮᠠᠷᠠᠲᠤ ᠸᠧᠢ ᠶᠢᠨ ᠸᠠᠩᠲᠤ ᠲᠦᠷᠦ ᠠᠴᠠ ᠬᠤᠸᠠᠢ ᠱᠥᠸᠧ ᠪᠠᠯᠭᠠᠰᠤ ᠶᠢ | ᠪᠠᠶᠢᠭᠤᠯᠵᠠᠢ᠃ ᠰᠡᠭᠦᠯᠡᠷ ᠨᠢ᠂ ᠴᠠᠭ ᠲᠦᠷᠦ ᠶᠢᠨ ᠬᠤᠪᠢᠰᠤᠯᠲᠠ ᠶᠢ ᠳᠠᠭᠠᠯᠳᠤᠨ᠂ ᠬᠠᠭᠤᠴᠢᠨ ᠬᠤᠳᠠ ᠨᠢ ᠨᠢᠭᠡ | ᠨᠢᠭᠡ ᠪᠠᠷ ᠴᠥᠮ ᠬᠠᠶᠠᠭᠳᠠᠵᠠᠢ᠃ | ᠲᠠᠪᠤᠨ ᠲᠦᠷᠦ ᠶᠢᠨ ᠦᠶ᠎ᠡ ᠳᠤ ᠣᠷᠣᠭᠰᠠᠨ ᠤ ᠲᠠᠷᠠᠭ᠎ᠠ᠂ ᠪᠤᠭᠤᠲᠤ ᠨᠢ ᠯᠢᠶᠤᠤ ᠤᠯᠤᠰ ᠲᠤ | ᠨᠣᠶᠠᠷᠬᠠᠭᠳᠠᠵᠠᠢ᠃ ᠯᠢᠶᠤᠤ ᠤᠯᠤᠰ ᠠᠴᠠ ᠠᠳᠡ ᠶᠦᠨ ᠨᠧᠢ ᠵᠧᠦ ᠶᠢ ᠪᠠᠶᠢᠭᠤᠯᠵᠤ᠂ ᠶᠢᠨ ᠶᠤᠸᠠᠨ ᠤ ᠦᠶ᠎ᠡ | ᠪᠤᠯᠳᠠᠯ᠎ᠠ ᠪᠠᠶᠢᠭᠤᠯᠤᠯ ᠨᠢ ᠬᠤᠪᠢᠷᠠᠭᠰᠠᠨ ᠦᠭᠡᠢ᠃ ᠶᠤᠸᠠᠨ ᠤ ᠡᠬᠢᠨ ᠤ ᠦᠶ᠎ᠡ ᠳᠤ᠂ ᠪᠤᠭᠤᠲᠤ ᠶᠢᠨ ᠭᠠᠵᠠᠷ | ᠣᠷᠣᠨ ᠤ ᠲᠡᠮᠦᠷᠯᠢᠭ ᠬᠠᠶᠢᠯᠤᠭᠤᠯᠬᠤ ᠦᠢᠯᠡᠰ᠂ ᠨᠡᠬᠡᠮᠡᠯ ᠤᠨ ᠦᠢᠯᠡᠰ᠂ ᠸᠠᠭᠠᠷ ᠱᠠᠭᠠᠵᠠᠩ ᠤᠨ ᠦᠢᠯᠡᠰ ᠡᠬᠢᠯᠡᠨ | ᠬᠥᠭᠵᠢᠨ ᠮᠠᠨᠳᠤᠵᠤ᠂ ᠲᠠᠸᠠᠷ ᠤᠨ ᠠᠵᠤ ᠠᠬᠤᠢ ᠢᠯᠡᠷᠡᠵᠦ᠂ ᠬᠤᠳᠠᠯᠳᠤᠭᠠᠨ ᠤ ᠠᠵᠢᠯᠯᠠᠭ᠎ᠠ ᠴᠤ ᠳᠠᠭᠠᠯᠳᠤᠨ | ᠪᠠᠳᠠᠷᠠᠨ ᠬᠥᠭᠵᠢᠵᠦ ᠡᠬᠢᠯᠡᠭᠰᠡᠨ ᠪᠠᠶᠢᠨ᠎ᠠ᠃ ᠰᠡᠭᠦᠯᠡᠷ ᠨᠢ ᠮᠣᠩᠭᠤᠯ ᠦᠨᠳᠦᠰᠦᠲᠡᠨ ᠤ ᠡᠯ᠎ᠡ ᠠᠶᠢᠮᠠᠭ ᠪᠦᠯᠦᠭ | ᠬᠤᠶᠢᠨ᠎ᠠ ᠬᠤᠶᠢᠨ᠎ᠠ ᠠᠴᠠ ᠪᠠᠨ ᠪᠣᠷᠣᠳᠣᠬᠤᠢ ᠳᠤ ᠣᠷᠣᠵᠤ ᠰᠠᠭᠤᠬᠤ ᠶᠢ ᠳᠠᠭᠠᠯᠳᠤᠨ ᠪᠤᠭᠤᠲᠤ ᠶᠢᠨ ᠭᠠᠵᠠᠷ | ᠣᠷᠣᠨ ᠨᠢ ᠲᠦᠮᠡᠳ ᠠᠶᠢᠮᠠᠭ ᠤᠨ ᠨᠡᠭᠦᠳᠡᠯ ᠮᠠᠯᠵᠢᠯ ᠤᠨ ᠭᠠᠵᠠᠷ ᠪᠣᠯᠵᠠᠢ᠃ | ᠴᠢᠩ ᠤᠨ ᠸᠠᠩᠲᠤ ᠲᠦᠷᠦ ᠪᠠᠶᠢᠭᠤᠯᠤᠭᠳᠠᠭᠰᠠᠨ ᠤ ᠲᠠᠷᠠᠭ᠎ᠠ᠂ ᠲᠡᠭᠷᠢ ᠲᠡᠳᠬᠦᠭᠴᠢ ᠶᠢᠨ 5 ᠣᠨ ︵ | ᠨᠠᠶᠢᠳᠠ ᠶᠢᠨ ᠣᠨ ᠲᠣᠭᠠᠯᠠᠯ ᠤᠨ 1741 ᠣᠨ︶ ᠳᠤ᠂ ᠰᠠᠭᠠᠯᠢᠴᠢᠨ ᠪᠠᠶᠢᠭᠤᠯᠤᠭᠳᠠᠵᠤ᠂ ᠬᠠᠪᠰᠤᠷᠤᠨ ᠰᠢᠭᠦᠨ | ᠲᠠᠰᠤᠯᠤᠭᠴᠢ ᠭᠡᠵᠦ ᠭᠠᠷᠭᠠᠵᠠᠢ᠃ ᠡᠨᠡ ᠪᠣᠯ ᠪᠤᠭᠤᠲᠤ ᠶᠢᠨ ᠭᠠᠵᠠᠷ ᠣᠷᠣᠨ ᠳᠤ ᠬᠠᠮᠤᠭ ᠡᠷᠲᠡ ᠢᠯᠡᠷᠡᠭᠰᠡᠨ ᠵᠠᠰᠠᠭ | ᠵᠠᠬᠢᠷᠭᠠᠨ ᠤ ᠪᠠᠶᠢᠭᠤᠯᠤᠯ ᠪᠣᠯᠣᠨ᠎ᠠ᠃ 1870 ᠣᠨ ︵ᠪᠦᠷᠢᠨ ᠵᠠᠰᠠᠭᠴᠢ ᠶᠢᠨ 9 ᠣᠨ︶ ᠤ ᠡᠮᠦᠨ᠎ᠡ ᠬᠤᠶᠢᠨ᠎ᠠ᠂ | ᠪᠤᠭᠤᠲᠤ ᠨᠢ ᠬᠤᠳᠠ ᠶᠢᠨ ᠬᠡᠷᠡᠮ ᠢ ᠵᠠᠰᠠᠨ ᠪᠠᠶᠢᠭᠤᠯᠵᠤ᠂ ᠵᠡᠭᠦᠨ᠂ ᠡᠮᠦᠨ᠎ᠡ᠂ ᠪᠠᠷᠠᠭᠤᠨ᠂ ᠵᠡᠭᠦᠨ ᠬᠤᠶᠢᠨ᠎ᠠ᠂ ᠪᠠᠷᠠᠭᠤᠨ | ᠬᠤᠶᠢᠨ᠎ᠠ ᠵᠡᠷᠭᠡ 5 ᠰᠠᠭᠤᠷᠢ ᠬᠤᠳᠠ ᠶᠢᠨ ᠡᠭᠦᠳᠡ ᠶᠢ ᠪᠠᠶᠢᠭᠤᠯᠵᠤ᠂ ᠣᠶᠢᠷ᠎ᠠ ᠦᠶ᠎ᠡ ᠶᠢᠨ ᠪᠤᠭᠤᠲᠤ ᠬᠤᠳᠠ ᠶᠢᠨ | ᠬᠤᠳᠠ ᠶᠢᠨ ᠬᠡᠪᠴᠢᠶᠡᠵᠢᠯ ᠢ ᠪᠦᠷᠢᠯᠳᠦᠭᠦᠯᠦᠭᠰᠡᠨ ᠪᠠᠶᠢᠨ᠎ᠠ᠃ 19 ᠳ᠋ᠦ᠋ᠭᠡᠷ ᠵᠠᠭᠤᠨ ᠤ ᠰᠡᠭᠦᠯᠴᠢ ᠠᠴᠠ 20 ᠳ᠋ᠤᠭᠠᠷ | ᠵᠠᠭᠤᠨ ᠤ ᠡᠬᠢᠨ ᠪᠤᠯᠳᠠᠯ᠎ᠠ᠂ ᠪᠤᠭᠤᠲᠤ ᠨᠢᠭᠡᠨᠲᠡ ᠮᠠᠨ ᠤ ᠤᠯᠤᠰ ᠤᠨ ᠪᠠᠷᠠᠭᠤᠨ ᠬᠤᠶᠢᠲᠤ ᠶᠢᠨ ᠨᠠᠷᠠᠳᠤ ᠠᠷᠠᠰᠤ | ᠨᠣᠣᠰᠣ ᠶᠢᠨ ᠴᠤᠭᠯᠠᠭ᠎ᠠ ᠮᠠᠶᠢᠮᠠᠢ ᠶᠢᠨ ᠭᠠᠵᠠᠷ ᠵᠢᠴᠢ ᠤᠰᠤ ᠬᠠᠭᠤᠷᠠᠢ ᠵᠠᠮ ᠤᠨ ᠨᠠᠷᠡᠳᠤ ᠭᠠᠷᠠᠮ ᠪᠣᠯᠤᠭᠰᠠᠨ | ᠪᠠᠶᠢᠨ᠎ᠠ᠃ 1923 ᠣᠨ ᠳᠤ᠂ ᠪᠡᠭᠡᠵᠢᠩ ᠠᠴᠠ ᠪᠤᠭᠤᠲᠤ ᠬᠦᠷᠬᠦ ᠲᠡᠮᠦᠷ ᠵᠠᠮ ᠪᠤᠭᠤᠲᠤ ᠳᠤ ᠲᠡᠷᠭᠡ ᠨᠡᠪᠳᠡᠷᠡᠵᠤ᠂ | 1931 ᠣᠨ ᠳᠤ᠂ ᠪᠤᠭᠤᠲᠤ ᠶᠢᠨ ᠴᠠᠬᠢᠯᠭᠠᠨ ᠳ᠋ᠧᠩ ᠭᠤᠯᠢᠷ ᠤᠨ ᠺᠤᠮᠫᠠᠨᠢ ᠪᠣᠯᠣᠨ ᠶᠦᠩ ᠮᠣᠣ ᠶᠤᠸᠠᠨ ᠰᠢᠬᠢᠷ | ᠡᠪᠡᠰᠦᠨ ᠤ ᠺᠤᠮᠫᠠᠨᠢ ᠶᠢ ᠡᠭᠦᠰᠬᠡᠨ ᠪᠠᠶᠢᠭᠤᠯᠵᠤ᠂ ᠪᠤᠭᠤᠲᠤ ᠨᠢ ᠣᠶᠢᠷ᠎ᠠ ᠦᠶ᠎ᠡ ᠶᠢᠨ ᠠᠵᠤ ᠦᠢᠯᠡᠳᠪᠦᠷᠢ ᠶᠢᠨ | ᠦᠢᠯᠡᠰ ᠲᠠᠢ ᠪᠣᠯᠤᠭᠰᠠᠨ ᠪᠠᠶᠢᠨ᠎ᠠ᠃ 1934 ᠣᠨ ᠳᠤ᠂ ᠲᠤᠮᠳᠠᠳᠤ ᠭᠧᠷᠮᠠᠨ ᠤ ᠬᠤᠶᠠᠷ ᠲᠠᠯ᠎ᠠ ᠪᠠᠷ ᠢᠶᠠᠨ ᠵᠣᠬᠢᠶᠠᠨ | ᠪᠠᠶᠢᠭᠤᠯᠤᠭᠰᠠᠨ ︽ᠡᠸᠦ᠋ᠷᠦᠫᠡ ᠠᠽᠢᠶ᠎ᠠ ᠶᠢᠨ ᠠᠭᠠᠷ ᠤᠨ ᠰᠢᠤᠳᠠᠨ ᠲᠡᠭᠡᠭᠡᠪᠦᠷᠢ ᠶᠢᠨ ᠬᠤᠪᠢᠴᠠᠭᠠᠳᠤ ᠬᠢᠵᠠᠭᠠᠷᠲᠤ | ᠺᠤᠮᠫᠠᠨᠢ︾ ᠪᠤᠭᠤᠲᠤ ᠳᠤ ᠨᠢᠰᠬᠡᠯ ᠤᠨ ᠪᠠᠭᠤᠳᠠᠯ ᠪᠠᠶᠢᠭᠤᠯᠵᠤ᠂ ᠪᠤᠭᠤᠲᠤ - ᠨᠢᠩᠰᠢᠶᠠ - ᠯᠠᠨᠵᠧᠦ ᠬᠦᠷᠬᠦ ᠠᠭᠠᠷ ᠤᠨ | ᠠᠶᠠᠯᠠᠯ ᠤᠨ ᠱᠤᠭᠤᠮ ᠢ ᠨᠡᠭᠡᠭᠡᠵᠦ᠂ ᠲᠣᠭᠲᠠᠭᠰᠠᠨ ᠬᠤᠭᠤᠴᠠᠭ᠎ᠠ ᠶᠢᠨ ᠡᠭᠡᠯᠵᠢ ᠶᠢᠨ ᠨᠢᠰᠬᠡᠯ ᠭᠠᠷᠠᠭ ᠪᠦᠷᠢ ᠨᠢᠭᠡ | ᠤᠳᠠᠭ᠎ᠠ ᠨᠢᠰᠴᠦ ᠪᠤᠴᠠᠳᠠᠭ ᠪᠠᠶᠢᠵᠠᠢ᠃ ᠢᠳᠡᠬᠡᠨ ᠤᠮᠳᠠᠭᠠᠨ᠂ ᠦᠢᠯᠡᠴᠢᠯᠡᠭᠡᠨ ᠤ ᠦᠢᠯᠡᠰ ᠡᠳᠦᠷ ᠢᠷᠡᠬᠦᠶ᠎ᠡ | ᠮᠠᠨᠳᠤᠨ ᠬᠥᠭᠵᠢᠵᠦ᠂ ᠵᠠᠬ᠎ᠠ ᠳᠡᠯᠭᠡᠭᠦᠷ ᠶᠠᠪᠤᠬᠤ ᠲᠤᠳᠤᠮ ᠬᠥᠭᠵᠢᠶᠡᠨ ᠲᠠᠢ ᠪᠣᠯᠤᠭᠰᠠᠨ ᠪᠠᠶᠢᠨ᠎ᠠ᠃ | ᠪᠤᠭᠤᠲᠤ ᠪᠣᠯ ᠨᠢᠭᠡᠨ ᠥᠩᠭᠡ ᠬᠡᠷᠡᠯᠳᠦ ᠬᠤᠪᠢᠰᠬᠠᠯ ᠤᠨ ᠤᠯᠠᠮᠵᠢᠯᠠᠯ ᠲᠠᠢ ᠭᠠᠵᠠᠷ ᠣᠷᠣᠨ ᠮᠥᠨ᠃ | ᠬᠤᠪᠢᠰᠬᠠᠯ ᠤᠨ ᠠᠩᠬᠠᠨ ᠤ ᠦᠶ᠎ᠡ ᠳᠤ᠂ ᠸᠠᠩ ᠿᠦᠸᠧ ᠹᠧᠢ᠂ ᠤᠯᠠᠭᠠᠨᠬᠦᠦ ᠵᠡᠷᠭᠡ ᠠᠬᠠᠮᠠᠳ ᠨᠢᠭᠡ ᠦᠶ᠎ᠡ ᠶᠢᠨ | ᠦᠭᠡᠶᠢᠭᠦᠦ ᠠᠩᠭᠢ ᠶᠢᠨ ᠬᠤᠪᠢᠰᠬᠠᠯᠴᠢᠳ ᠠᠳᠡ ᠨᠢᠭᠤᠴᠠ ᠲᠡᠮᠡᠴᠡᠯ ᠢ ᠤᠳᠤᠷᠢᠳᠤᠨ ᠲᠡᠮᠡᠴᠡᠯ ᠬᠢᠵᠦ ᠥᠩᠭᠡᠷᠡᠵᠡᠢ᠃ | ᠶᠠᠫᠤᠨ ᠨᠢ ᠡᠰᠡᠷᠭᠦᠴᠡᠬᠦ ᠲᠠᠶᠢᠨ ᠤ ᠬᠤᠭᠤᠴᠠᠭᠠᠨ ᠳᠤ᠂ ᠡᠪ ᠬᠠᠮᠲᠤ ᠨᠠᠮ ᠪᠤᠭᠤᠲᠤ ᠶᠢᠨ ᠭᠠᠵᠠᠷ ᠣᠷᠣᠨ ᠤ | ᠦᠨᠳᠦᠰᠦᠲᠡᠨ ᠨᠦᠭᠦᠳ ᠤᠨ ᠴᠡᠷᠢᠭ ᠠᠷᠠᠳ ᠢ ᠤᠳᠤᠷᠢᠳᠴᠤ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ | ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠢ ᠡᠭᠦᠰᠬᠡᠨ ᠪᠠᠶᠢᠭᠤᠯᠵᠤ᠂ ᠶᠠᠫᠤᠨ ᠡᠵᠡᠷᠬᠡᠭ ᠲᠦᠷᠢᠮᠡᠬᠡᠶᠢᠲᠡᠨ ᠯᠦᠭᠡ ᠪᠡᠷᠬᠡ | ᠬᠠᠲᠠᠭᠤᠵᠢᠯᠲᠠᠢ ᠲᠡᠮᠡᠴᠡᠯ ᠬᠢᠵᠡᠢ᠃ 1949 ᠣᠨ ᠤ 9 ᠰᠠᠷ᠎ᠠ ᠶᠢᠨ 19 ᠤ ᠡᠳᠦᠷ᠂ ᠰᠦᠢᠶᠤᠸᠠᠨ ︽9 · 19︾ ᠤ | ᠪᠣᠰᠣᠯᠭ᠎ᠠ ᠶᠢ ᠭᠠᠷᠭᠠᠵᠤ᠂ ᠪᠤᠭᠤᠲᠤ ᠨᠠᠶᠢᠷᠠᠮᠳᠠᠯ ᠢᠶᠠᠷ ᠴᠢᠯᠦᠭᠡᠯᠡᠭᠳᠡᠭᠰᠡᠨ ᠪᠠᠶᠢᠨ᠎ᠠ᠃ 1950 ᠣᠨ ᠳᠤ 2 | ᠰᠠᠷ᠎ᠠ ᠶᠢᠨ 13 ᠤ ᠡᠳᠦᠷ᠂ ᠪᠤᠭᠤᠲᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠵᠢᠩᠬᠢᠨᠢ ᠪᠠᠷ | ᠪᠠᠶᠢᠭᠤᠯᠤᠭᠳᠠᠵᠠᠢ᠃ |