ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠭᠤᠶᠢᠲᠤ ᠲᠤᠭᠤᠷᠢᠭ ᠨᠢ ᠨᠠᠮ ᠤᠨ ᠬᠤᠷᠢᠳᠤᠭᠠᠷ ᠶᠡᠭᠡ | ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ | ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ | ᠬᠥᠭ ᠠᠶᠠᠰ ᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠨᠢ ᠶᠡᠷᠦᠩᠬᠡᠢ ᠳᠤ ᠪᠠᠨ ᠲᠣᠭᠲᠠᠭᠤᠨ | ᠬᠥᠭᠵᠢᠯᠲᠡ ᠶᠢᠨ ᠪᠠᠶᠢᠳᠠᠯ ᠲᠠᠢ ᠪᠣᠯᠪᠠ᠃ | ᠳᠡᠭᠡᠷ᠎ᠡ ᠬᠠᠭᠠᠰ ᠵᠢᠯ ᠳᠤ᠂ ᠪᠦᠬᠦ ᠲᠤᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ 44.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.2% ᠢᠶᠠᠷ | ᠨᠡᠮᠡᠭᠳᠡᠵᠦ᠂ ᠪᠦᠬᠦ ᠬᠤᠲᠠ ᠳᠤ ᠬᠤᠶᠠᠳᠤᠭᠠᠷ ᠲᠤ ᠣᠷᠣᠪᠠ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 28796 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.1% ᠪᠠᠷ ᠨᠡᠮᠡᠭᠳᠡᠨ᠂ ᠪᠥᠬᠦ ᠬᠤᠲᠠ ᠶᠢᠨ ᠳᠥᠷᠪᠡᠳᠦᠭᠡᠷ ᠲᠤ ᠵᠢᠭᠰᠠᠭᠠᠭᠳᠠᠵᠤ᠂ | ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11541 ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠨ᠂ ᠪᠥᠬᠦ ᠬᠤᠲᠠ ᠶᠢᠨ ᠬᠤᠶᠠᠳᠤᠭᠠᠷ ᠲᠤ | ᠵᠢᠭᠰᠠᠭᠠᠭᠳᠠᠪᠠ᠃ | 1 — 8 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠵᠦ᠂ ᠪᠥᠬᠦ ᠬᠤᠲᠠ ᠳᠤ ᠬᠤᠶᠠᠳᠤᠭᠠᠷ ᠲᠤ | ᠣᠷᠣᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠲᠤᠭ᠎ᠠ ᠠᠳᠠᠯᠢ | ᠬᠤᠭᠤᠴᠠᠭᠠᠨ ᠤ ᠬᠢ ᠠᠴᠠ 99.6% ᠪᠠᠷ ᠨᠡᠮᠡᠭᠳᠡᠵᠦ᠂ ᠪᠥᠬᠦ ᠬᠤᠲᠠ ᠳᠤ ᠬᠤᠶᠠᠳᠤᠭᠠᠷ ᠲᠤ ᠣᠷᠣᠪᠠ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠪᠥᠬᠦ ᠲᠤᠭ᠎ᠠ 4.1 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠪᠠᠷ ᠪᠠᠭᠤᠷᠠᠵᠤ᠂ ᠪᠥᠬᠦ ᠬᠤᠲᠠ ᠶᠢᠨ | ᠠᠷᠪᠠᠳᠤᠭᠠᠷ ᠲᠤ ᠣᠷᠣᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠦ᠂ ᠪᠥᠬᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠵᠤ᠂ | ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 3.9% ᠪᠠᠷ | ᠨᠡᠮᠡᠭᠳᠡᠵᠦ᠂ ᠪᠥᠬᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠪᠠ᠃ | | | | |