ᠬᠤᠲᠠ ᠶᠢᠨ ᠵᠡᠮᠳᠡᠭᠴᠦᠳ ᠤᠨ ᠬᠤᠯᠪᠣᠭ᠎ᠠ ᠰᠢᠭᠤᠶᠢᠲᠤ ᠲᠣᠭᠤᠷᠢᠭ ᠤᠨ ᠵᠡᠮᠳᠡᠭᠴᠦᠳ ᠲᠤ ᠠᠵᠢᠯ ᠣᠯᠭᠤᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠢ ᠰᠢᠯᠭᠠᠨ ᠦᠨᠡᠯᠡᠪᠡ
ᠨᠡᠶᠢᠲᠡᠯᠡᠭᠰᠡᠨ ᠴᠠᠭ᠄
2024/9/27
        7 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠰᠤ᠋ ᠺᠠᠶ ᠹᠧᠩ ᠳᠠᠭᠠᠭᠤᠯᠵᠤ ᠂ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠰᠤᠷᠭᠠᠨ ᠬᠥᠮᠦᠵᠢᠯ ᠤᠨ ᠠᠵᠢᠯ ᠣᠯᠭᠤᠯᠲᠠ ᠶᠢᠨ ᠬᠡᠯᠲᠡᠰ ᠤᠨ ᠤᠳᠤᠷᠢᠳᠤᠯᠭ᠎ᠠ ᠪᠣᠯᠤᠨ ᠬᠥᠨᠳᠡᠯᠡᠨ ᠲᠣᠭᠤᠷᠢᠭ᠂ ᠳ᠋ᠦᠩ ᠾᠧ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢᠶᠠᠷ ᠪᠦᠷᠢᠯᠳᠦᠭᠰᠡᠨ ᠰᠢᠯᠭᠠᠨ ᠦᠨᠡᠯᠡᠬᠦ ᠳᠤᠭᠤᠶᠢᠯᠠᠩ ᠲᠠᠢ ᠬᠠᠮᠲᠤ ᠰᠢᠭᠤᠶᠢᠲᠤ ᠲᠣᠭᠤᠷᠢᠭ ᠲᠤ ᠬᠦᠷᠴᠦ ᠵᠡᠮᠳᠡᠭᠴᠦᠳ ᠲᠤ ᠠᠵᠢᠯ ᠣᠯᠭᠤᠬᠤ ᠭᠤᠷᠪᠠᠨ ᠵᠢᠯ ᠤᠨ ᠠᠵᠢᠯᠯᠠᠭ᠎ᠠ ᠳᠤ ᠲᠤᠬᠠᠶ ᠶᠢᠨ ᠭᠠᠵᠠᠷ ᠲᠤᠨᠢ ᠰᠢᠯᠭᠠᠨ ᠦᠨᠡᠯᠡᠬᠦ ᠪᠠ ᠵᠢᠯᠣᠭᠤᠳᠣᠯᠭ᠎ᠠ ᠥᠷᠨᠢᠭᠦᠯᠪᠡ᠃
1723100731627038544.jpg
        ᠰᠢᠯᠭᠠᠨ ᠦᠨᠡᠯᠡᠬᠦ ᠳᠤᠭᠤᠶᠢᠯᠠᠩ ᠨᠢ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠭᠤᠶᠢᠲᠤ ᠲᠣᠭᠣᠷᠢᠭ ᠤᠨ  2022 ᠣᠨ ᠠᠴᠠ 2024 ᠣᠨ ᠪᠣᠯᠲᠠᠯ᠎ᠠ ᠵᠡᠮᠳᠡᠭᠴᠦᠳ ᠤᠨ ᠠᠵᠢᠯ ᠣᠯᠭᠤᠯᠲᠠ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠵᠤᠷᠪᠤᠰ ᠳᠠᠷᠠᠭᠠᠯᠠᠨ ᠡᠮᠬᠢᠯᠡᠨ ᠳᠢᠭᠯᠡᠵᠦ᠂ ᠨᠢᠭᠡᠳ ᠨᠢᠭᠡ ᠪᠠᠷ ᠰᠢᠯᠭᠠᠨ ᠦᠨᠡᠯᠡᠵᠦ᠂ ᠲᠤᠬᠠᠶ ᠶᠢᠨ ᠲᠠᠯᠠᠪᠤᠷ ᠲᠤ ᠭᠡᠷᠡᠴᠢᠯᠡᠬᠦ ᠮᠠᠲ᠋ᠧᠷᠢᠶᠠᠯ ᠢ ᠨᠠᠷᠢᠯᠢᠬᠵᠢᠭᠤᠯᠬᠤ ᠵᠢᠴᠢ ᠲᠠᠷᠠᠭᠠᠴᠢ ᠶᠢᠨ ᠠᠯᠬᠤᠮ ᠤᠨ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠠᠷᠭ᠎ᠠ ᠬᠡᠮᠵᠢᠶ᠎ᠡ ᠶᠢᠨ ᠲᠤᠬᠠᠶ ᠬᠠᠮᠢᠶ᠎ᠠ ᠪᠥᠬᠦᠶ ᠰᠠᠨᠠᠯ ᠰᠠᠨᠠᠭᠤᠯᠭ᠎ᠠ ᠳᠤᠷᠠᠳᠪᠠ᠃         ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠲᠤᠰ ᠤᠳᠠᠭ᠎ᠠ ᠶᠢᠨ ᠰᠢᠯᠭᠠᠨ ᠦᠨᠡᠯᠡᠬᠦ ᠠᠵᠢᠯ ᠢᠶᠠᠷ ᠠᠵᠠ ᠲᠣᠬᠢᠶᠠᠯ ᠪᠣᠯᠭᠠᠵᠤ᠂ ᠳᠡᠭᠡᠳᠦ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠡᠮᠳᠡᠭᠴᠦᠳ ᠤᠨ ᠠᠵᠢᠯ ᠣᠯᠭᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠤᠬᠠᠢ ᠬᠡᠷᠡᠭᠵᠢᠭᠦᠯᠬᠦ ᠱᠠᠭᠠᠷᠳᠠᠯᠭ᠎ᠠ ᠲᠠᠢ ᠬᠠᠷᠢᠴᠠᠭᠤᠯᠵᠤ᠂ ᠤᠷᠲᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠵᠤ᠂ ᠵᠡᠮᠳᠡᠭᠴᠦᠳ ᠤᠨ ᠦᠢᠯᠡᠰ ᠪᠣᠰᠬᠠᠵᠤ ᠠᠵᠢᠯ ᠣᠯᠭᠤᠬᠤ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠵᠡᠮᠳᠡᠭᠴᠦᠳ ᠤᠨ ᠠᠵᠢᠯ ᠣᠯᠭᠤᠯᠲᠠ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号