ᠡᠪᠡᠳᠴᠢᠨ ᠡᠭᠦᠰᠭᠡᠭᠴᠢ ᠮᠢᠺᠷᠣᠪ ᠤᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ | ᠲᠦᠪᠰᠢᠨ ᠢ ᠴᠢᠩᠭᠠᠳᠬᠠᠵᠤ᠂ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠥᠪ ᠤᠨ ᠲᠤᠷᠰᠢᠯᠲᠠ ᠶᠢᠨ ᠲᠠᠰᠤᠭ ᠤᠨ ᠲᠤᠰᠬᠠᠢ ᠮᠡᠷᠭᠡᠵᠢᠯ ᠤᠨ ᠠᠵᠢᠯᠲᠠᠨ ᠤ ᠴᠢᠳᠠᠪᠤᠷᠢ ᠶᠢᠨ ᠬᠢᠷᠢ ᠲᠦᠪᠰᠢᠨ | ᠪᠠ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠰᠣᠩᠭᠤᠨ ᠲᠣᠮᠢᠯᠠᠭᠰᠠᠨ ᠲᠤᠰᠬᠠᠢ ᠮᠡᠷᠭᠡᠵᠢᠯ ᠤᠨ ᠠᠵᠢᠯᠲᠠᠨ 1 | ᠬᠥᠮᠦᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠲᠠᠰᠤᠭ ᠤᠨ ᠠᠮᠢᠳᠤ | ᠪᠣᠳᠠᠰ ᠤᠨ ᠠᠮᠤᠷ ᠲᠦᠪᠰᠢᠨ ᠤ ᠠᠵᠢᠯᠲᠠᠨ ᠤ ᠪᠣᠯᠪᠠᠰᠤᠷᠠᠭᠤᠯᠤᠯ ᠤᠨ ᠲᠥᠷᠥᠯ ᠵᠦᠢᠯ ᠳᠤ ᠣᠷᠣᠯᠴᠠᠭᠤᠯᠪᠠ᠃ | | ᠪᠣᠯᠪᠠᠰᠤᠷᠠᠯ ᠢ ᠣᠨᠣᠯ ᠤᠨ ᠪᠣᠯᠪᠠᠰᠤᠷᠠᠯ ᠪᠣᠯᠣᠨ ᠦᠢᠯᠡᠳᠦᠯᠭᠡ ᠶᠢᠨ ᠠᠵᠢᠯᠯᠠᠭ᠎ᠠ ᠶᠢᠨ ᠪᠣᠯᠪᠠᠰᠤᠷᠠᠯ ᠭᠡᠵᠦ | ᠬᠤᠶᠠᠷ ᠬᠡᠰᠡᠭ ᠬᠤᠪᠢᠶᠠᠨ᠎ᠠ᠃ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ | ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠡᠯ᠎ᠡ ᠵᠦᠢᠯ ᠤᠨ ᠳᠦᠷᠢᠮ ᠲᠣᠭᠲᠠᠭᠠᠯ ᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ | ᠪᠣᠯᠪᠠᠰᠤᠷᠠᠯ ᠳᠤ ᠣᠷᠤᠯᠴᠠᠬᠤ ᠪᠠᠷ ᠳᠠᠮᠵᠢᠨ᠂ ᠲᠤᠷᠰᠢᠯᠲᠠ ᠶᠢᠨ ᠬᠥᠮᠥᠰ ᠤᠨ ᠠᠮᠢᠳᠤ ᠪᠣᠳᠠᠰ ᠤᠨ ᠠᠮᠤᠷ | ᠲᠦᠪᠰᠢᠨ ᠤ ᠤᠬᠠᠮᠰᠠᠷ ᠪᠣᠯᠣᠨ ᠠᠵᠢᠯᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠵᠢᠮ ᠤᠨ ᠠᠵᠢᠯ ᠤᠨ | ᠳᠤᠮᠳᠠᠬᠢ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠠᠵᠢᠯᠯᠠᠬᠤ᠂ ᠠᠮᠢᠳᠤ ᠪᠣᠳᠠᠰ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠪᠠ ᠥᠷᠭᠡᠳᠬᠡᠬᠦ ᠳᠤ ᠨᠡᠩ ᠣᠯᠠᠨ ᠲᠤᠷᠰᠢᠯᠲᠠ ᠶᠢᠨ | ᠲᠠᠰᠤᠭ ᠤᠨ ᠪᠠᠶᠢᠴᠠᠭᠠᠨ ᠬᠡᠮᠵᠢᠬᠦ ᠲᠥᠷᠥᠯ ᠵᠦᠢᠯ ᠳᠤ ᠰᠠᠶᠢᠨ ᠰᠠᠶᠢᠬᠠᠨ ᠰᠠᠭᠤᠷᠢ ᠶᠢ ᠬᠠᠩᠭᠠᠵᠤ ᠥᠭᠪᠡ᠃ | |