ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ 2024 ᠣᠨ ᠤ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠪᠣᠯᠪᠠᠰᠤᠷᠠᠭᠤᠯᠤᠯ ᠤᠨ ᠠᠵᠢᠯ
ᠨᠡᠶᠢᠲᠡᠯᠡᠭᠰᠡᠨ ᠴᠠᠭ᠄
2024/9/29
        ᠪᠤᠭᠤᠲᠤ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳ᠋ᠦᠩᠨᠡᠨ ᠰᠡᠷᠭᠡᠶᠢᠯᠡᠬᠦ ᠰᠠᠯᠠᠭᠠᠨ ᠤ ᠬᠢᠨᠠᠨ ᠵᠢᠯᠣᠭᠤᠳᠬᠤ ᠠᠭᠤᠯᠭ᠎ᠠ ᠵᠢᠴᠢ ᠬᠠᠷᠠᠯᠲᠠᠲᠤ ᠬᠠᠮᠢᠶᠠᠷᠤᠯᠲᠠ ᠪᠠ ᠬᠢᠨᠠᠨ ᠰᠢᠯᠭᠠᠬᠤ ᠪᠠᠷᠢᠮᠵᠢᠶ᠎ᠠ ᠶᠢ ᠦᠨᠳᠦᠰᠦᠯᠡᠨ᠂ 8 ᠰᠠᠷ᠎ᠠ ᠶᠢᠨ 8 ᠤ ᠡᠳᠦᠷ᠂ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃        ᠪᠣᠯᠪᠠᠰᠤᠷᠠᠭᠤᠯᠤᠯ ᠤᠨ ᠠᠭᠤᠯᠭ᠎ᠠ ᠳᠤ᠄ ᠪᠤᠭᠤᠲᠤ ᠬᠤᠲᠠ ᠶᠢᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠠᠵᠢᠯ 2024 ᠣᠨ ᠤ 8 ᠳ᠋ᠤᠭᠠᠷ ᠰᠠᠷ᠎ᠠ ᠶᠢᠨ 6 ᠤ ᠡᠳᠦᠷ ᠤᠨ ᠬᠠᠮᠤᠭ ᠤᠨ ᠰᠢᠨ᠎ᠡ ᠭᠦᠢᠴᠡᠳᠬᠡᠯ ᠲᠤᠭ᠎ᠠ ᠶᠢᠨ ᠲᠠᠶᠢᠯᠤᠮᠵᠢ ᠵᠢᠴᠢ ᠡᠭᠦᠷᠭᠡ ᠶᠢᠨ ᠲᠤᠭ᠎ᠠ ᠶᠢ ᠪᠡᠶᠡᠯᠡᠭᠦᠯᠦᠭᠰᠡᠨ ᠪᠠᠶᠢᠳᠠᠯ︔ ᠰᠦᠷᠢᠶ᠎ᠡ ᠡᠪᠡᠳᠴᠢᠨ ᠤ ᠲᠥᠷᠥᠯ ᠵᠦᠢᠯ ᠢ ᠠᠬᠢᠭᠤᠯᠬᠤ ᠪᠠ ᠪᠠᠶᠢᠷᠢᠯᠠᠭᠤᠯᠬᠤ ᠠᠵᠢᠯ︔ ᠰᠦᠷᠢᠶ᠎ᠡ ᠡᠪᠡᠳᠴᠢᠨ ᠤ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ ᠮᠡᠷᠭᠡᠵᠢᠯ ᠵᠢᠴᠢ ᠶᠠᠰᠤ ᠴᠢᠨᠠᠷ ᠢ ᠡᠵᠡᠮᠳᠡᠬᠦ ᠵᠡᠷᠭᠡ ᠪᠠᠭᠲᠠᠨ᠎ᠠ᠃        ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠰᠢᠭᠤᠶᠢᠲᠤ ᠲᠣᠭᠤᠷᠢᠭ ᠤᠨ ᠰᠦᠷᠢᠶ᠎ᠡ ᠡᠪᠡᠳᠴᠢᠨ ᠤ ᠬᠠᠮᠢᠶ᠎ᠠ ᠪᠥᠬᠦᠶ ᠡᠮᠨᠡᠯᠭᠡ ᠶᠢᠨ ᠠᠵᠢᠯᠲᠠᠨ ᠳᠤ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠬᠠᠮᠢᠶ᠎ᠠ ᠪᠥᠬᠦᠶ ᠮᠡᠳᠡᠯᠭᠡ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠲᠣᠰ ᠠᠵᠢᠯ ᠤᠨ ᠲᠤᠬᠠᠶ ᠲᠠᠨᠢᠯᠲᠠ ᠵᠢᠴᠢ ᠴᠢᠬᠤᠯᠠ ᠴᠢᠨᠠᠷ ᠢ ᠭᠦᠨᠵᠡᠭᠡᠶᠢᠷᠡᠭᠦᠯᠬᠦ ᠶᠢᠨ ᠬᠠᠮᠲᠤ᠂ ᠰᠢᠭᠤᠶᠢᠲᠤ ᠣᠷᠣᠨ ᠤ ᠡᠮᠴᠢ ᠰᠤᠪᠢᠯᠠᠭᠴᠢ ᠶᠢᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠬᠠᠮᠤᠭ ᠤᠨ ᠰᠢᠨ᠎ᠡ ᠭᠦᠢᠴᠡᠳᠬᠡᠯ ᠲᠤᠭ᠎ᠠ ᠶᠢ ᠡᠵᠡᠮᠰᠢᠭᠰᠡᠨ ᠪᠠᠶᠢᠨ᠎ᠠ᠃
1723194989929016813.png
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号