ᠪᠦᠬᠦ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠰᠢᠯᠭᠠᠨ ᠪᠠᠶᠢᠴᠠᠭᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠲᠤᠷᠰᠢᠯᠲᠠ ᠶᠢᠨ ᠲᠠᠰᠤᠭ ᠤᠨ ᠹᠢᠽᠢᠺ ᠬᠢᠮᠢ ᠵᠢᠴᠢ ᠮᠢᠺᠷᠣᠪ ᠢ ᠰᠢᠯᠭᠠᠨ | ᠪᠠᠶᠢᠴᠠᠭᠠᠬᠤ ᠠᠵᠢᠯᠲᠠᠨ ᠤ ᠣᠨᠣᠯ ᠤᠨ ᠬᠡᠪ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ | ᠴᠢᠩᠭᠠᠳᠬᠠᠬᠤ ᠶᠢᠨ ᠲᠥᠯᠥᠭᠡ᠂ ︽2024 ᠣᠨ ᠤ ᠪᠤᠭᠤᠲᠤ ᠬᠤᠲᠠ ᠶᠢᠨ ︿ᠤᠷᠠᠨ ᠳᠠᠷᠬᠠᠳ ᠬᠤᠨᠳᠠᠭᠠᠲᠤ﹀ | ᠮᠢᠺᠷᠣᠪ᠂ ᠹᠢᠽᠢᠺ ᠬᠢᠮᠢ ᠶᠢᠨ ᠰᠢᠯᠭᠠᠨ ᠪᠠᠶᠢᠴᠠᠭᠠᠬᠤ ᠮᠡᠷᠭᠡᠵᠢᠯ ︵ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ︶ | ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠬᠢᠯᠡᠬᠦ ᠲᠤᠬᠠᠢ ᠮᠡᠳᠡᠭᠳᠡᠯ | ︾ ︵ᠠᠵᠢᠯ ᠮᠡᠷᠭᠡᠵᠢᠯ ᠤᠨ ᠤᠷᠤᠯᠳᠤᠭᠠᠨ ﹇2020﹈ 10 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠦᠨᠳᠦᠰᠦᠯᠡᠨ᠂ 8 ᠳ᠋ᠤᠭᠠᠷ ᠰᠠᠷ᠎ᠠ ᠶᠢᠨ 1 ᠤ ᠡᠳᠦᠷ᠂ ᠪᠤᠭᠤᠲᠤ ᠬᠤᠲᠠ ᠶᠢᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠪᠣᠳᠠᠲᠤ ᠠᠵᠢᠯᠯᠠᠭ᠎ᠠ ᠶᠢ ᠰᠢᠯᠭᠠᠨ ᠦᠨᠡᠯᠡᠬᠦ ᠠᠵᠢᠯ ᠢ ᠥᠷᠨᠢᠭᠦᠯᠪᠡ᠃ | | ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠠᠴᠠ ᠹᠢᠽᠢᠺ ᠬᠢᠮᠢ ᠶᠢᠨ ᠲᠤᠰᠬᠠᠢ ᠮᠡᠷᠭᠡᠵᠢᠯᠲᠡᠨ | ᠲᠣᠮᠢᠯᠠᠵᠤ᠂ ᠪᠠᠷᠢᠮᠵᠢᠶᠠᠲᠤ ᠪᠣᠳᠠᠰ ᠪᠠ ᠬᠢᠨᠠᠨ ᠰᠢᠯᠭᠠᠬᠤ ᠥᠯᠢᠭᠡᠷ ᠡᠳ᠋ ᠢ ᠠᠪᠴᠤ ᠲᠣᠭᠤᠷᠢᠭ ᠤᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠬᠦᠷᠴᠦ ᠲᠤᠬᠠᠢ ᠶᠢᠨ ᠲᠠᠯᠠᠪᠤᠷ ᠤᠨ ᠬᠢᠨᠠᠨ ᠰᠢᠯᠭᠠᠯᠲᠠ ᠶᠢ ᠥᠷᠨᠢᠭᠦᠯᠵᠦ | ᠂ ᠲᠣᠭᠲᠠᠭᠰᠠᠨ ᠬᠤᠭᠤᠴᠠᠭᠠᠨ ᠳᠣᠲᠣᠷ᠎ᠠ ᠲᠤᠭ᠎ᠠ ᠬᠡᠮᠵᠢᠶ᠎ᠡ ᠶᠢ ᠰᠢᠯᠭᠠᠨ ᠪᠠᠶᠢᠴᠠᠭᠠᠬᠤ ᠶᠢ ᠪᠡᠶᠡᠯᠡᠭᠦᠯᠵᠦ᠂ | ᠤᠷᠤᠯᠳᠤᠭᠠᠨ ᠳᠤ ᠣᠷᠣᠯᠴᠠᠭᠰᠠᠳ ᠯᠠᠪᠳᠠᠭᠤᠨ ᠲᠣᠭᠲᠠᠭᠤᠨ ᠪᠠᠶᠢᠵᠤ᠂ ᠮᠡᠷᠭᠡᠵᠢᠯ ᠤᠨ ᠵᠢᠷᠤᠮᠵᠢᠯ ᠢ ᠴᠢᠩᠭ᠎ᠠ | ᠵᠢᠷᠤᠮᠯᠠᠨ ᠤᠰᠤᠨ ᠳᠠᠬᠢ ᠰᠢᠪᠲᠦᠷᠲᠦ ᠠᠽᠣᠲ ᠤᠨ ᠲᠥᠷᠥᠯ ᠵᠦᠢᠯ ᠢ ᠪᠠᠶᠢᠴᠠᠭᠠᠨ ᠰᠢᠯᠭᠠᠬᠤ ᠠᠵᠢᠯ ᠢ | ᠪᠡᠶᠡᠯᠡᠭᠦᠯᠵᠦ᠂ ᠠᠩᠬᠠᠨ ᠤ ᠲᠡᠮᠳᠡᠭᠯᠡᠯ ᠪᠢᠴᠢᠵᠦ᠂ ᠲᠤᠬᠠᠢ ᠶᠢᠨ ᠲᠠᠯᠠᠪᠤᠷ ᠤᠨ ᠹᠢᠽᠢᠺ ᠬᠢᠮᠢ ᠶᠢᠨ ᠪᠠᠯᠠᠢ ᠮᠠᠶ᠋ᠢᠭ ᠤᠨ | ᠪᠣᠳᠠᠲᠤ ᠠᠵᠢᠯᠯᠠᠭᠠᠨ ᠤ ᠬᠢᠨᠠᠨ ᠰᠢᠯᠭᠠᠯᠲᠠ ᠶᠢ ᠤᠷᠤᠭᠰᠢᠲᠠᠢ ᠥᠩᠭᠡᠷᠡᠭᠡᠬᠦ ᠬᠡᠷᠡᠭᠲᠡᠢ ᠭᠡᠵᠦ ᠱᠠᠭᠠᠷᠳᠠᠪᠠ᠃ |