ᠡᠮ ᠡᠮᠨᠡᠯᠭᠡ ᠶᠢᠨ ᠦᠢᠯᠡᠴᠢᠯᠡᠭᠡ ᠶᠢ ᠴᠡᠷᠢᠭ ᠤᠨ ᠬᠤᠸᠠᠷᠠᠨ ᠳᠤ ᠣᠷᠣᠭᠤᠯᠵᠤ᠂ ᠳᠠᠷᠤᠭ᠎ᠠ ᠪᠠᠶᠢᠯᠳᠤᠭᠴᠢᠳ ᠲᠠᠢ ᠰᠡᠳᠬᠢᠯ ᠢᠶᠠᠨ ᠬᠤᠯᠪᠣᠵᠤ ᠡᠷᠡᠭᠦᠯ ᠴᠢᠭᠢᠷᠠᠭ ᠢ ᠬᠦᠷᠭᠡᠶ᠎ᠡ
ᠨᠡᠶᠢᠲᠡᠯᠡᠭᠰᠡᠨ ᠴᠠᠭ᠄
2024/9/29
        ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠣᠢ ᠶᠢ ᠬᠠᠯᠠᠭᠤᠨ ᠢᠶᠠᠷ ᠪᠡᠯᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ 8 ᠰᠠᠷ᠎ᠠ ᠶᠢᠨ 7 ᠤ ᠡᠳᠦᠷ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠤᠨ ᠲᠣᠭᠤᠷᠢᠭ ᠲᠤ ᠰᠠᠭᠤᠭ᠎ᠠ ᠴᠡᠷᠢᠭ ᠠᠩᠭᠢ ᠳᠤ ᠣᠴᠢᠭᠤᠯᠵᠤ᠂ ᠡᠷᠡᠭᠦᠯ ᠮᠡᠨᠳᠦ ᠶᠢᠨ ᠬᠥᠮᠦᠵᠢᠯ ᠢ ᠴᠡᠷᠢᠭ ᠤᠨ ᠬᠤᠸᠠᠷᠠᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠡᠷᠡᠭᠦᠯ ᠮᠡᠨᠳᠦ ᠶᠢᠨ ᠬᠥᠮᠦᠵᠢᠯ ᠪᠠ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃
1723195086711010537.png
         ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠡᠮᠨᠡᠯᠭᠡ ᠶᠢᠨ ᠠᠵᠢᠯᠲᠠᠳ ᠴᠡᠷᠢᠭ ᠠᠩᠭᠢ ᠶᠢᠨ ᠡᠳᠦᠷ ᠲᠤᠲᠤᠮ ᠤᠨ ᠪᠣᠯᠪᠠᠰᠤᠷᠠᠯ ᠳᠤ ᠠᠮᠠᠷᠬᠠᠨ ᠶᠠᠰᠤ ᠰᠢᠷᠪᠦᠰᠦᠨ ᠤ ᠭᠡᠮᠲᠦᠯ᠂ ᠪᠤᠯᠴᠢᠩ ᠶᠠᠳᠠᠷᠠᠬᠤ᠂ ᠦᠶ᠎ᠡ ᠭᠡᠰᠢᠭᠦᠦ ᠶᠢᠨ ᠦᠷᠪᠢᠰᠦᠯ ᠵᠡᠷᠭᠡ ᠪᠠᠶᠢᠳᠠᠯ  ᠳᠤ ᠴᠢᠭᠯᠡᠭᠦᠯᠦᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠬᠢᠲᠠᠳ ᠡᠮᠨᠡᠯᠭᠡ ᠶᠢᠨ ᠰᠤᠳᠠᠯ᠂ ᠢᠯᠢᠵᠦ ᠨᠤᠬᠤᠯᠠᠬᠤ᠂ ᠴᠢᠰᠤᠨ ᠳᠠᠷᠤᠯᠲᠠ᠂ ᠴᠢᠰᠤᠨ ᠰᠢᠬᠢᠷ ᠢ ᠬᠢᠨᠠᠨ ᠬᠡᠮᠵᠢᠬᠦ ᠵᠡᠷᠭᠡ ᠰᠦᠢᠳᠬᠡᠯ ᠬᠤᠷᠢᠶᠠᠬᠤ ᠦᠭᠡᠢ ᠪᠠᠷ ᠣᠨᠣᠰᠢᠯᠠᠨ ᠡᠮᠨᠡᠵᠦ᠂ ᠳᠠᠷᠤᠭ᠎ᠠ ᠪᠠᠶᠢᠯᠳᠤᠭᠴᠢᠳ ᠤᠨ ᠪᠡᠶ᠎ᠡ ᠶᠢᠨ ᠪᠠᠶᠢᠳᠠᠯ ᠢ ᠨᠠᠷᠢᠨ ᠬᠢᠨᠠᠮᠠᠭᠠᠢ ᠦᠨᠡᠯᠡᠨ ᠵᠢᠱᠢᠭᠰᠡᠨ ᠤ ᠳᠠᠷᠠᠭ᠎ᠠ᠂ ᠬᠥᠮᠦᠨ ᠨᠢᠭᠡᠪᠦᠷᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠵᠣᠬᠢᠴᠠᠩᠭᠤᠢ ᠡᠮᠨᠡᠨ ᠵᠠᠰᠠᠬᠤ ᠲᠥᠰᠦᠯ ᠢ ᠳᠤᠷᠠᠳᠤᠨ ᠭᠠᠷᠭᠠᠵᠤ᠂ ᠪᠠᠰᠠ ᠳᠠᠷᠤᠭ᠎ᠠ ᠪᠠᠶᠢᠯᠳᠤᠭᠴᠢᠳ ᠲᠤ ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠮᠡᠳᠡᠯᠭᠡ ᠶᠢ ᠤᠬᠠᠭᠤᠯᠬᠤ ᠶᠢᠨ ᠬᠠᠮᠲᠤ ᠪᠠᠶᠢᠩᠭᠤ ᠬᠡᠷᠡᠭᠯᠡᠬᠦ ᠡᠮ ᠤᠨ ᠵᠦᠢᠯ ᠢ ᠦᠨ᠎ᠡ ᠲᠥᠯᠥᠪᠦᠷᠢ ᠦᠭᠡᠢ ᠪᠠᠷ ᠬᠦᠷᠭᠡᠪᠡ᠃         ᠲᠤᠰ ᠤᠳᠠᠭᠠᠨ ᠤ ᠠᠵᠢᠯᠯᠠᠭ᠎ᠠ ᠨᠢ ᠡᠷᠡᠭᠦᠯ ᠮᠡᠨᠳᠦ ᠶᠢᠨ ᠮᠡᠳᠡᠯᠭᠡ ᠶᠢ ᠴᠡᠷᠢᠭ ᠤᠨ ᠬᠤᠸᠠᠷᠠᠨ ᠳᠤ ᠬᠦᠷᠭᠡᠵᠦ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠴᠡᠷᠢᠭ ᠤᠨ ᠬᠤᠸᠠᠷᠠᠨ ᠤ ᠠᠮᠢᠳᠤᠷᠠᠯ ᠳᠤ ᠠᠭᠤᠰᠤᠯᠴᠠᠭᠤᠯᠵᠤ ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠡᠪᠡᠳᠴᠢᠨ ᠡᠮᠭᠡᠭ ᠢ ᠰᠡᠷᠭᠡᠶᠢᠯᠡᠬᠦ᠂ ᠲᠦᠷᠭᠡᠨ ᠠᠪᠤᠷᠠᠬᠤ ᠠᠵᠢᠯᠯᠠᠭ᠎ᠠ ᠵᠡᠷᠭᠡ ᠮᠡᠳᠡᠯᠭᠡ ᠶᠢ ᠨᠡᠩ ᠭᠦᠨᠵᠡᠭᠡᠢ ᠣᠶᠢᠯᠠᠭᠠᠵᠤ᠂ ᠥᠪᠡᠷ ᠤᠨ ︽ᠡᠷᠡᠭᠦᠯ ᠮᠡᠨᠳᠦ ᠶᠢᠨ ᠡᠭᠦᠳᠡ ᠰᠠᠬᠢᠭᠴᠢ︾ ᠪᠠᠨ ᠦᠨᠡᠨ ᠬᠦ ᠰᠠᠶᠢᠲᠤᠷ ᠬᠢᠪᠡ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠦᠷᠭᠦᠯᠵᠢᠯᠡᠨ ᠴᠡᠷᠢᠭ ᠢᠶᠠᠨ ᠬᠦᠷᠢᠶᠡᠯᠡᠬᠦ ᠰᠢᠯᠢᠳᠡᠭ ᠤᠯᠠᠮᠵᠢᠯᠠᠯ ᠢ ᠪᠠᠷᠢᠮᠲᠠᠯᠠᠵᠤ᠂ ᠡᠷᠡᠭᠦᠯ ᠮᠡᠨᠳᠦ ᠶᠢ ᠴᠡᠷᠢᠭ ᠤᠨ ᠬᠤᠸᠠᠷᠠᠨ ᠳᠤ ᠬᠦᠷᠭᠡᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠪᠣᠯᠤᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号