ᠭᠠᠷᠴᠠᠭ | 1. ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠰᠢᠭᠤᠶᠢᠲᠤ | ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ︵2024 | ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ᠁ ᠁ ᠁ | ᠁ ᠁ ᠁ ᠁ ᠁ ᠁ ᠁ ᠁ ᠁ 1 | 2. ᠰᠢᠭᠤᠶᠢᠲᠦ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ︵2024 ᠣᠨ ᠤ 7 | ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ︶ ᠁ ᠁ ᠁ ᠁ ᠁35 | | | ︽ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ | ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ | ᠰᠢᠭᠤᠶᠢᠲᠤ ᠵᠠᠰᠠᠭ ᠠᠯᠪᠠᠨ ᠲᠠᠷᠬᠠᠭᠠᠭᠰᠠᠨ ﹇2024﹈ 28 ᠳ᠋ᠤᠭᠠᠷ ᠲᠣᠭᠠᠲᠤ | | ᠡᠯ᠎ᠡ ᠬᠠᠮᠢᠶ᠎ᠠ ᠪᠥᠬᠦᠶ ᠨᠢᠭᠡᠴᠢ᠄ | ᠰᠢᠭᠤᠶᠢᠳᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ | ᠴᠤᠤᠷᠢᠶᠠᠳᠣᠨ ᠲᠠᠭᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠨᠳᠦ ᠪᠣᠬᠢᠷᠲᠤᠯ ᠲᠠᠢ ᠴᠠᠭ | ᠠᠭᠤᠷ ᠢ ᠠᠷᠭᠠᠴᠠᠭᠠᠬᠤ᠂ ᠵᠢᠯᠣᠭᠤᠳᠬᠤ᠂ ᠴᠤᠤᠷᠢᠶᠠᠳᠤᠨ ᠳᠠᠭᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠤᠨ | ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠪᠦᠲᠦᠮᠵᠢᠲᠡᠶ | ᠤᠷᠢᠳᠴᠢᠯᠠᠨ ᠰᠡᠷᠭᠡᠶᠢᠯᠡᠬᠦ ᠪᠠ ᠵᠠᠰᠠᠨ ᠴᠡᠭᠴᠡᠯᠡᠬᠦ ᠶᠢᠨ ᠲᠦᠯᠦᠭᠡ᠂ ᠡᠳᠦᠭᠡ ︽ᠰᠢᠭᠤᠶᠢᠲᠤ ᠲᠣᠭᠤᠷᠢᠭ ᠤᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2024 | ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ | ᠲᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠳᠠᠭᠠᠯᠳᠤᠭᠤᠯᠤᠯ᠄ ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠭᠠᠬᠤ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶ | | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 8 ᠳ᠋ᠤᠭᠠᠷ ᠰᠠᠷ᠎ᠠ ᠶᠢᠨ 2 ᠤᠨ ᠡᠳᠦᠷ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠳᠠᠭᠠᠯᠳᠤᠭᠤᠯᠤᠯ᠄ | ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ | ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶ | ᠨᠢᠭᠡ᠂ ᠶᠡᠷᠦᠩᠬᠡᠢ ᠲᠦᠷᠢᠮ | ︵ᠨᠢᠭᠡ︶ ᠨᠠᠶᠢᠷᠠᠭᠤᠯᠤᠨ ᠵᠣᠬᠢᠶᠠᠭᠰᠠᠨ ᠵᠣᠷᠢᠯᠭ᠎ᠠ | ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ | ᠴᠤᠤᠷᠢᠶᠠᠳᠣᠨ ᠲᠠᠭᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠨᠳᠦ ᠪᠣᠬᠢᠷᠲᠤᠯ ᠲᠠᠢ ᠴᠠᠭ | ᠠᠭᠤᠷ ᠢ ᠠᠷᠭᠠᠴᠠᠭᠠᠬᠤ᠂ ᠵᠢᠯᠣᠭᠤᠳᠬᠤ᠂ ᠴᠤᠤᠷᠢᠶᠠᠳᠤᠨ ᠳᠠᠭᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠴᠠᠭ ᠲᠤᠬᠠᠶ ᠳᠤᠨᠢ ᠪᠦᠲᠦᠮᠵᠢᠲᠡᠶ ᠠᠷᠭ᠎ᠠ | ᠬᠡᠮᠵᠢᠶ᠎ᠡ ᠠᠪᠴᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠨ᠂ ᠬᠦᠨᠳᠦ ᠪᠣᠬᠢᠷᠲᠤᠯ ᠲᠠᠢ ᠴᠠᠭ ᠠᠭᠤᠷ ᠢ ᠪᠦᠲᠦᠮᠵᠢᠲᠡᠶ ᠤᠷᠢᠳᠴᠢᠯᠠᠨ ᠰᠡᠷᠭᠡᠶᠢᠯᠡᠬᠦ ᠪᠠ ᠵᠠᠰᠠᠨ | ᠴᠡᠭᠴᠡᠯᠡᠵᠦ᠂ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠠᠭᠠᠯᠠᠬᠤ ᠶᠢᠨ ᠲᠦᠯᠦᠭᠡ ᠶᠤᠮ᠃ | ︵ᠬᠤᠶᠠᠷ︶ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾᠂ ︽ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠵᠠᠰᠠᠪᠤᠷᠢ | ᠣᠷᠣᠭᠤᠯᠬᠤ ᠠᠵᠢᠯ ᠢ ᠠᠬᠢᠭᠤᠯᠬᠤ ᠲᠤᠬᠠᠶ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠠᠯᠪᠠᠨ ᠲᠢᠩᠬᠢᠮ ᠤᠨ | ᠵᠢᠯᠣᠭᠤᠳᠬᠤ ᠰᠠᠨᠠᠯ︾ ︵ᠣᠷᠴᠢᠨ ᠲᠣᠭᠤᠷᠢᠨ ᠤ ᠠᠯᠪᠠᠨ ᠤ ᠠᠭᠠᠷ ᠵᠠᠬᠢᠳᠠᠯ ﹇2018﹈ 875 ᠳ᠋ᠤᠭᠠᠷ | ᠲᠣᠭᠠᠲᠤ︶᠂ ︽ᠬᠦᠨᠳᠦ ᠪᠣᠬᠢᠷᠲᠤᠯ ᠲᠠᠢ ᠴᠠᠭ ᠠᠭᠤᠷ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠪᠠᠴᠢᠮ | ᠪᠠᠶᠢᠳᠠᠯ ᠢ ᠠᠷᠭᠠᠴᠠᠭᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ᠲᠣᠭᠲᠠᠭᠠᠬᠤ ᠮᠡᠷᠭᠡᠵᠢᠯ ᠤᠨ ᠵᠦᠭᠯᠡᠭᠦᠷ ︵2020 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ︵ᠣᠷᠴᠢᠨ | ᠲᠣᠭᠤᠷᠢᠨ ᠤ ᠠᠯᠪᠠᠨ ᠤ ᠠᠭᠠᠷ ᠵᠠᠬᠢᠳᠠᠯ ﹇2020﹈ 340 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾᠂ ︽ᠪᠣᠭᠤᠲᠤ ᠬᠤᠲᠠ ᠶᠢᠨ | ᠬᠥᠨᠲᠦ ᠪᠣᠬᠢᠷᠳᠦᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠦᠰᠦᠯ ︵2024 | ᠣᠨ ᠤ ᠵᠠᠰᠠᠪᠤᠷᠢ ᠣᠷᠤᠭᠤᠯᠤᠭᠰᠠᠨ ᠬᠡᠪᠯᠡᠯ︶᠂ ︽ᠪᠤᠭᠤᠲᠤ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ | ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠰᠢᠭᠤᠶᠢᠲᠤ ᠲᠣᠭᠤᠷᠢᠭ ᠤᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠴᠤᠤᠷᠢᠶᠠᠳᠣᠨ ᠲᠠᠭᠠᠬᠤ ᠪᠡᠯᠡᠳᠬᠡᠯ | ᠲᠥᠰᠦᠯ ︵2020 ᠣᠨ ᠳᠤ ᠵᠠᠰᠠᠪᠤᠷᠢ ᠣᠷᠣᠭᠤᠯᠣᠭᠰᠠᠨ︶︾ ᠳᠤ ᠤᠯᠠᠮ ᠨᠢᠭᠡ ᠠᠯᠬᠤᠮ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠪᠡ᠃ | ︵ᠭᠤᠷᠪᠠ︶ ᠲᠤᠬᠢᠷᠠᠬᠤ ᠬᠡᠪᠴᠢᠶ᠎ᠠ | ᠲᠣᠰ ᠪᠡᠯᠡᠳᠬᠡᠯ ᠲᠥᠰᠦᠯ ᠨᠢ ᠰᠢᠭᠤᠶᠢᠲᠤ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠴᠤᠤᠷᠢᠶᠠᠳᠣᠨ ᠲᠠᠭᠠᠬᠤ ᠠᠵᠢᠯ ᠳᠤ | ᠲᠣᠬᠢᠷᠠᠨ᠎ᠠ᠂ ᠡᠯᠡᠰᠦᠨ ᠰᠢᠭᠤᠷᠭ᠎ᠠ᠂ ᠭᠠᠯ ᠤᠨ ᠠᠶᠤᠯ ᠵᠡᠷᠭᠡ ᠡᠰᠡᠷᠭᠦᠴᠡᠰᠢ ᠥᠬᠡᠶ ᠬᠦᠴᠦᠨ ᠠᠴᠠ ᠪᠣᠯᠤᠭᠰᠠᠨ | ᠬᠦᠨᠳᠦ ᠪᠣᠬᠢᠷᠲᠤᠯ ᠲᠠᠢ ᠴᠠᠭ ᠠᠭᠤᠷ ᠢ ᠲᠣᠰ ᠪᠡᠯᠡᠳᠬᠡᠯ ᠲᠥᠰᠦᠯ ᠤᠨ ᠬᠡᠪᠴᠢᠶᠡᠨ ᠳᠤ ᠣᠷᠣᠭᠤᠯᠬᠤ ᠥᠬᠡᠶ᠃ | ︵ᠲᠦᠷᠪᠡ︶ ᠠᠵᠢᠯ ᠤᠨ ᠵᠠᠷᠴᠢᠮ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠴᠤᠤᠷᠢᠶᠠᠳᠣᠨ ᠲᠠᠭᠠᠬᠤ | ᠠᠷᠭ᠎ᠠ ᠬᠡᠮᠵᠢᠶ᠎ᠡ ᠨᠢ ᠠᠷᠠᠳ ᠤᠨ ᠠᠮᠢᠳᠤᠷᠠᠯ ᠪᠠ ᠠᠮᠤᠷ ᠲᠦᠪᠰᠢᠨ ᠢ ᠪᠠᠲᠤᠯᠠᠬᠤ ᠪᠠᠷ ᠤᠷᠢᠲᠠᠯ ᠪᠣᠯᠭᠠᠵᠤ᠂ | ᠬᠤᠲᠠ ᠶᠢᠨ ᠬᠡᠪ ᠤᠨ ᠠᠵᠢᠯᠯᠠᠭᠠᠨ ᠢ ᠨᠥᠯᠥᠭᠡᠯᠡᠬᠦ ᠶᠢ ᠠᠯᠢ ᠴᠢᠳᠠᠬᠤ ᠪᠠᠷ ᠪᠠᠭᠠᠰᠬᠠᠭᠰᠠᠨ ᠰᠠᠭᠤᠷᠢᠨ ᠳᠡᠭᠡᠷ᠎ᠡ᠂ | ᠲᠥᠷᠥᠯ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠪᠠᠲᠤᠯᠠᠨ᠎ᠠ᠃ | — ᠬᠥᠮᠦᠨ ᠢᠶᠠᠷ ᠦᠨᠳᠦᠰᠦ ᠪᠣᠯᠭᠠᠵᠤ᠂ ᠰᠡᠷᠭᠡᠶᠢᠯᠡᠬᠦ ᠪᠠᠷ ᠭᠤᠤᠯ ᠪᠣᠯᠭᠠᠨ᠎ᠠ᠃ ᠣᠯᠠᠨ ᠨᠡᠶᠢᠲᠡ ᠶᠢᠨ | ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠠᠪᠤᠳᠠᠯ ᠢ ᠬᠦᠨᠳᠦ ᠪᠣᠬᠢᠷᠲᠤᠯ ᠲᠠᠢ ᠴᠠᠭ ᠠᠭᠤᠷ ᠢ | ᠠᠷᠭᠠᠴᠠᠭᠠᠬᠤ ᠠᠵᠢᠯ ᠤᠨ ᠡᠭᠦᠰᠦᠯᠲᠡ ᠪᠣᠯᠭᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠡᠭᠦᠰᠬᠦ ᠶᠢ ᠦᠨᠡᠨ ᠬᠦ | ᠰᠡᠷᠭᠡᠶᠢᠯᠡᠬᠦ ᠪᠠ ᠡᠷᠲᠡ ᠠᠴᠠ ᠤᠷᠢᠳᠴᠢᠯᠠᠨ ᠰᠡᠷᠭᠡᠶᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠴᠤᠤᠷᠢᠶᠠᠳᠣᠨ | ᠲᠠᠭᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠦᠨᠳᠦ ᠪᠣᠬᠢᠷᠲᠤᠯ ᠲᠠᠢ ᠴᠠᠭ | ᠠᠭᠤᠷ ᠠᠴᠠ ᠪᠣᠯᠤᠭᠰᠠᠨ ᠬᠤᠤᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ | — ᠬᠠᠷᠢᠶ᠎ᠠ ᠭᠠᠵᠠᠷ ᠲᠤᠨᠢ ᠬᠠᠮᠢᠶᠠᠷᠴᠤ᠂ ᠣᠷᠣᠨ ᠪᠦᠰᠡ ᠶᠢ ᠨᠢᠭᠡᠳᠦᠯᠲᠡᠶ ᠲᠦᠯᠦᠪᠯᠡᠨ᠎ᠡ᠃ | ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ | ᠪᠦᠬᠦ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠠᠵᠢᠯ ᠢ ᠨᠢᠭᠡᠳᠦᠯᠲᠡᠶ ᠵᠢᠯᠣᠭᠤᠳᠴᠤ᠂ | ᠪᠦᠷᠢᠯᠳᠦᠬᠦᠨ ᠨᠢᠭᠡᠴᠢ ᠨᠦᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ | ᠬᠠᠮᠵᠢᠯᠴᠠᠨ᠎ᠠ᠃ | — ᠰᠡᠷᠡᠮᠵᠢᠯᠡᠭᠦᠯᠬᠦ ᠳᠣᠬᠢᠶ᠎ᠠ ᠶᠣᠰᠤᠭᠠᠷ᠂ ᠪᠦᠲᠦᠮᠵᠢᠲᠡᠢ ᠴᠤᠤᠷᠢᠶᠠᠳᠣᠨ ᠳᠠᠭᠠᠨ᠎ᠠ᠃ ᠠᠭᠠᠷ ᠮᠠᠨᠳᠠᠯ ᠤᠨ | ᠪᠣᠬᠢᠷᠲᠤᠯ ᠤᠨ ᠡᠬᠢ ᠶᠢ ᠬᠢᠨᠠᠨ ᠡᠵᠡᠮᠳᠡᠬᠦ ᠪᠠᠨ ᠴᠢᠩᠭᠠᠷᠠᠭᠤᠯᠵᠤ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠬᠢᠷᠢ | ᠬᠡᠮᠵᠢᠶ᠎ᠡ ᠪᠠᠨ ᠳᠡᠭᠡᠭᠰᠢᠯᠡᠭᠦᠯᠵᠦ᠂ ᠠᠭᠠᠷ ᠤᠨ ᠶᠠᠰᠤ ᠴᠢᠨᠠᠷ ᠤᠨ ᠨᠥᠬᠦᠴᠡᠯ ᠤᠨ ᠡᠳᠦᠷ ᠲᠤᠲᠤᠮ ᠤᠨ ᠬᠢᠨᠠᠨ | ᠬᠡᠮᠵᠢᠯᠲᠡ ᠶᠢ ᠰᠠᠶᠢᠲᠤᠷ ᠬᠢᠵᠦ᠂ ᠠᠭᠠᠷ ᠤᠨ ᠶᠠᠰᠤ ᠴᠢᠨᠠᠷ ᠤᠨ ᠬᠤᠪᠢᠷᠠᠯᠲᠠ ᠶᠢᠨ ᠬᠠᠨᠳᠤᠰᠢ ᠶᠢ ᠴᠠᠭ ᠲᠤᠬᠠᠶ ᠳᠤᠨᠢ | ᠣᠨᠣᠪᠴᠢᠲᠠᠶ ᠡᠵᠡᠮᠰᠢᠵᠦ᠂ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ | ᠴᠤᠤᠷᠢᠶᠠᠳᠣᠨ ᠲᠠᠭᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠤᠷᠢᠳᠴᠢᠯᠠᠨ ᠰᠡᠷᠡᠮᠵᠢᠯᠡᠬᠦᠯᠬᠦ ᠶᠢᠨ ᠬᠠᠮᠲᠤ | ᠬᠦᠨᠳᠦ ᠪᠣᠬᠢᠷᠲᠤᠯ ᠲᠠᠢ ᠴᠠᠭ ᠠᠭᠤᠷ ᠢ ᠪᠦᠲᠦᠮᠵᠢᠲᠡᠶ ᠠᠷᠭᠠᠴᠠᠭᠠᠨ᠎ᠠ᠃ | — ᠱᠠᠲᠤ ᠬᠤᠪᠢᠶᠠᠨ ᠬᠠᠮᠢᠶᠠᠷᠴᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠣᠨᠣᠪᠴᠢᠲᠠᠢ | ᠪᠠᠭᠠᠰᠬᠠᠨ᠎ᠠ᠃ ᠭᠤᠣᠯᠳᠠᠯᠭ᠎ᠠ ᠪᠣᠯᠬᠤ ᠠᠵᠢᠯ ᠲᠦᠷᠦᠯ ᠤᠨ ᠠᠮᠵᠢᠯᠲᠠ ᠪᠦᠲᠦᠮᠵᠢ ᠶᠢ ᠳᠡᠰ ᠬᠤᠪᠢᠶᠠᠬᠤ ᠶᠢ | ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠭᠠᠳᠠᠭᠰᠢᠯᠠᠭᠤᠯᠤᠯᠲᠠ ᠶᠢ ᠪᠠᠭᠠᠰᠬᠠᠬᠤ ᠵᠥᠷᠢᠶᠡᠴᠢᠯᠡᠭᠰᠡᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠤᠷᠢᠳᠴᠢᠯᠠᠨ | ᠰᠡᠷᠡᠮᠵᠢᠯᠡᠭᠦᠯᠬᠦ ᠬᠤᠭᠤᠴᠠᠭᠠᠨ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ ᠬᠢᠷᠢ | ᠲᠦᠪᠰᠢᠨ ᠤ ᠲᠡᠷᠢᠭᠦᠨ ᠤ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠪᠠᠭᠠᠰᠬᠠᠬᠤ ᠪᠤᠶᠤ | ᠬᠡᠯᠲᠦᠷᠢᠭᠦᠯᠵᠦ ᠪᠣᠯᠤᠨ᠎ᠠ᠂ ᠡᠭᠦᠨ ᠤ ᠤᠯᠠᠮ ᠠᠴᠠ ︽ᠲᠡᠷᠢᠭᠦᠨ ᠤ︾ ᠠᠵᠤ ᠠᠬᠤᠶᠢᠯᠠᠯ ᠢ ᠵᠣᠷᠢᠭᠵᠢᠭᠤᠯᠵᠤ᠂ ︽ | ᠬᠤᠴᠣᠷᠤᠩᠭᠤᠶ︾ ᠠᠵᠤ ᠠᠬᠤᠶᠢᠯᠠᠯ ᠢ ᠱᠠᠭᠠᠷᠳᠠᠵᠤ᠂ ᠠᠵᠢᠯ ᠲᠥᠷᠥᠯ ᠤᠨ ᠵᠠᠰᠠᠯᠲᠠ ᠶᠢᠨ ᠬᠢᠷᠢ ᠲᠦᠪᠰᠢᠨ ᠤ | ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ | ᠨᠢᠭᠡ ᠠᠷᠭ᠎ᠠ ᠪᠣᠳᠣᠯᠭ᠎ᠠ︾ ᠶᠢᠨ ᠬᠡᠷᠡᠭᠵᠢᠭᠦᠯᠬᠦ ᠲᠥᠰᠦᠯ ᠢ ᠨᠠᠷᠢᠯᠢᠭᠵᠢᠭᠤᠯᠤᠨ᠂ ᠠᠳᠠᠯᠢ ᠨᠢᠭᠡᠨ ᠣᠷᠣᠨ ᠪᠦᠰᠡ᠂ | ᠠᠳᠠᠯᠢ ᠨᠢᠭᠡᠨ ᠠᠵᠢᠯ ᠲᠥᠷᠥᠯ᠂ ᠠᠳᠠᠯᠢ ᠠᠮᠵᠢᠯᠲᠠ ᠪᠦᠲᠦᠮᠵᠢ ᠶᠢᠨ ᠬᠢᠷᠢ ᠲᠥᠪᠰᠢᠨ ᠲᠠᠢ ᠠᠵᠤ ᠠᠬᠤᠶᠢᠯᠠᠯ ᠤᠨ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠬᠠᠷᠢᠴᠠᠩᠭᠤᠶ ᠨᠢᠭᠡᠳᠦᠯᠲᠡᠶ | ᠪᠠᠶᠢᠬᠤ ᠶᠢ ᠪᠠᠲᠤᠯᠠᠨ᠎ᠠ᠃ | — ᠠᠵᠢᠯ ᠤᠨ ᠬᠤᠪᠢᠶᠠᠷᠢ ᠪᠠᠨ ᠲᠣᠳᠣᠷᠬᠠᠶᠢᠯᠠᠵᠤ᠂ ᠬᠤᠯᠪᠣᠭᠠᠯᠠᠨ ᠬᠥᠳᠡᠯᠦᠯᠴᠡᠨ᠎ᠡ᠃ ᠡᠯ᠎ᠡ ᠭᠡᠰᠢᠭᠦᠨ | ᠨᠢᠭᠡᠴᠢ ᠵᠣᠬᠢᠴᠠᠯᠳᠤᠨ ᠬᠤᠯᠪᠣᠭᠠᠯᠠᠨ ᠬᠥᠳᠡᠯᠦᠯᠴᠡᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠲᠤᠰ ᠲᠤᠰ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠲᠠᠪᠤᠷᠢᠵᠢᠭᠤᠯᠤᠨ᠎ᠠ᠃ | — ᠮᠡᠳᠡᠭᠡ ᠵᠠᠩᠭᠢ ᠶᠢ ᠢᠯᠡ ᠪᠣᠯᠭᠠᠵᠤ ᠣᠯᠠᠨ ᠨᠡᠶᠢᠲᠡ ᠶᠢ ᠣᠷᠤᠯᠴᠠᠭᠤᠯᠤᠨ᠎ᠠ᠃ ᠮᠡᠳᠡᠭᠡ ᠵᠠᠩᠭᠢ ᠶᠢ | ᠢᠯᠡ ᠪᠣᠯᠭᠠᠬᠤ ᠳᠦᠷᠢᠮ ᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ | ᠣᠷᠤᠯᠴᠠᠬᠤ ᠤᠬᠠᠮᠰᠠᠷ ᠢ ᠳᠡᠭᠡᠭᠰᠢᠯᠡᠭᠦᠯᠦᠨ᠎ᠡ᠃ | ︵ᠲᠠᠪᠤ︶ ᠪᠡᠯᠡᠳᠬᠡᠯ ᠲᠥᠰᠦᠯ ᠤᠨ ᠲᠣᠭᠲᠠᠯᠴᠠᠭ᠎ᠠ | ᠲᠣᠰ ᠪᠡᠯᠡᠳᠬᠡᠯ ᠲᠥᠰᠦᠯ ᠪᠣᠯ ᠰᠢᠭᠤᠶᠢᠲᠤ ᠲᠣᠭᠤᠷᠢᠭ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠲᠣᠭᠲᠠᠯᠴᠠᠭ᠎ᠠ ᠶᠢᠨ ᠴᠢᠬᠤᠯᠠ ᠪᠦᠷᠢᠯᠳᠦᠬᠦᠨ | ᠬᠡᠰᠡᠭ ᠪᠠᠶᠢᠵᠤ᠂ ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠢ ᠶᠡᠷᠦᠩᠬᠡᠶᠢᠯᠡᠨ ᠡᠵᠡᠮᠳᠡᠬᠦ | ᠠᠵᠢᠯ ᠪᠣᠯᠤᠨ᠎ᠠ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ | ︵ᠨᠢᠭᠡ︶ ᠤᠳᠤᠷᠢᠳᠬᠤ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ | ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠬᠤ ᠭᠠᠵᠠᠷ ᠢ ᠪᠠᠶᠢᠭᠤᠯᠵᠤ᠂ ᠶᠡᠷᠦᠩᠬᠡᠶ ᠵᠢᠯᠣᠭᠤᠳᠣᠭᠴᠢ ᠶᠢ ᠵᠠᠰᠠᠭ ᠤᠨ ᠣᠷᠳᠣᠨ ᠤ ᠳᠠᠷᠤᠭ᠎ᠠ | ᠡᠭᠦᠷᠭᠡᠯᠡᠵᠦ᠂ ᠳᠡᠳ᠋ ᠶᠡᠷᠦᠩᠬᠡᠶ ᠵᠢᠯᠣᠭᠤᠳᠣᠭᠴᠢ ᠶᠢ ᠠᠮᠢ ᠠᠬᠤᠶ ᠣᠷᠴᠢᠨ ᠲᠣᠭᠤᠷᠢᠨ ᠤ ᠠᠵᠢᠯ ᠢ ᠬᠤᠪᠢᠳᠠᠨ | ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠡᠭᠦᠷᠭᠡᠯᠡᠨ᠎ᠡ᠃ ᠪᠦᠬᠦ ᠲᠣᠭᠤᠷᠢᠭ ᠤᠨ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ᠂ ᠪᠠᠶᠢᠴᠠᠭᠠᠵᠤ | ᠦᠨᠡᠯᠡᠨ ᠵᠢᠱᠢᠬᠦ ᠵᠡᠷᠭᠡ ᠠᠵᠢᠯ ᠢ ᠵᠢᠯᠣᠭᠤᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ ᠶᠢ ᠬᠠᠷᠢᠭᠤᠴᠠᠨ᠎ᠠ᠃ | ᠵᠢᠯᠣᠭᠤᠳᠬᠤ ᠭᠠᠵᠠᠷ ᠤᠨ ᠳᠣᠤᠷ᠎ᠠ ᠠᠯᠪᠠᠨ ᠭᠡᠷ ᠪᠠ ᠮᠡᠳᠡᠭᠡ ᠵᠠᠩᠭᠢ ᠨᠡᠶᠢᠲᠡᠯᠡᠬᠦ᠂ ᠬᠢᠨᠠᠨ ᠵᠢᠯᠣᠭᠤᠳᠴᠤ | ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ 3 ᠠᠵᠢᠯᠯᠠᠬᠤ ᠳᠤᠭᠤᠶᠢᠯᠠᠩ | ᠪᠠᠶᠢᠭᠤᠯᠤᠨ᠎ᠠ᠃ | ︵ᠬᠤᠶᠠᠷ︶ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠬᠤ ᠭᠠᠵᠠᠷ ᠤᠨ ᠠᠯᠪᠠᠨ ᠭᠡᠷ | ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠬᠤ ᠭᠠᠵᠠᠷ ᠤᠨ ᠠᠯᠪᠠᠨ ᠭᠡᠷ ᠢ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ ᠳᠤ ᠲᠣᠬᠢᠷᠠᠭᠤᠯᠵᠤ᠂ ᠡᠷᠬᠢᠯᠡᠭᠴᠢ ᠶᠢᠨ ᠲᠤᠰᠢᠶᠠᠯ ᠢ ᠠᠮᠢ ᠠᠬᠤᠶ ᠣᠷᠴᠢᠨ ᠲᠣᠭᠤᠷᠢᠨ ᠤ ᠠᠵᠢᠯ ᠢ | ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠬᠠᠪᠰᠤᠷᠭᠠᠨ ᠡᠭᠦᠷᠭᠡᠯᠡᠵᠦ᠂ ᠳᠡᠳ᠋ | ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠪᠢᠳᠠᠨ ᠬᠠᠮᠢᠶᠠᠷᠴᠤ | ᠪᠠᠶᠢᠭ᠎ᠠ ᠳᠡᠳ᠋ ᠡᠷᠬᠢᠯᠡᠭᠴᠢ᠂ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ | ᠳᠠᠷᠤᠭ᠎ᠠ ᠡᠭᠦᠷᠭᠡᠯᠡᠨ᠎ᠡ᠃ | ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠬᠤ ᠭᠠᠵᠠᠷ ᠤᠨ ᠲᠣᠭᠲᠠᠭᠠᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ | ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠬᠦ ᠪᠠ ᠳᠡᠭᠡᠭᠰᠢ ᠮᠡᠳᠡᠭᠦᠯᠬᠦ ᠶᠢ ᠵᠣᠬᠢᠶᠠᠨ ᠪᠠᠶᠢᠭᠤᠯᠤᠨ᠎ᠠ︔ ᠬᠦᠨᠳᠦ | ᠪᠣᠬᠢᠷᠲᠤᠯ ᠲᠠᠢ ᠴᠠᠭ ᠠᠭᠤᠷ ᠢ ᠰᠤᠳᠤᠯᠤᠨ ᠮᠠᠭᠠᠳᠯᠠᠬᠤ᠂ ᠵᠥᠪᠳᠡᠯᠴᠡᠬᠦ ᠵᠢᠴᠢ ᠬᠠᠮᠢᠶ᠎ᠠ ᠪᠦᠬᠦᠢ ᠮᠡᠳᠡᠭᠡ ᠵᠠᠩᠭᠢ | ᠨᠡᠶᠢᠲᠡᠯᠡᠬᠦ ᠪᠠ ᠳᠡᠭᠡᠭᠰᠢ ᠮᠡᠳᠡᠭᠦᠯᠬᠦ ᠶᠢ ᠵᠣᠬᠢᠶᠠᠨ ᠪᠠᠶᠢᠭᠤᠯᠤᠨ᠎ᠠ︔ ᠡᠯ᠎ᠡ ᠭᠡᠰᠢᠭᠦᠨ ᠨᠢᠭᠡᠴᠢ ᠶᠢ ᠰᠢᠮᠳᠠᠭᠤᠯᠤᠨ | ᠵᠢᠯᠣᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ︔ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠠᠵᠢᠯ ᠳᠤ ᠵᠠᠳᠠᠯᠤᠯᠲᠠ ᠬᠢᠵᠦ | ᠳ᠋ᠦᠩᠨᠡᠬᠦ ᠶᠢ ᠵᠣᠬᠢᠶᠠᠨ ᠪᠠᠶᠢᠭᠤᠯᠤᠨ᠎ᠠ︔ ᠡᠯ᠎ᠡ ᠭᠡᠰᠢᠭᠦᠨ ᠨᠢᠭᠡᠴᠢ ᠶᠢᠨ ᠬᠦᠨᠳᠦ ᠪᠣᠬᠢᠷᠲᠤᠯ ᠲᠠᠢ ᠴᠠᠭ ᠠᠭᠤᠷ ᠢ | ᠠᠷᠭᠠᠴᠠᠭᠠᠬᠤ ᠠᠵᠢᠯ ᠢ ᠵᠢᠯᠣᠭᠤᠳᠤᠨ᠎ᠠ︔ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃ | ︵ᠭᠤᠷᠪᠠ︶ ᠮᠡᠳᠡᠭᠡ ᠵᠠᠩᠭᠢ ᠨᠡᠶᠢᠲᠡᠯᠡᠬᠦ ᠳᠣᠭᠤᠶᠢᠯᠠᠩ | ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ ᠠᠮᠢ ᠠᠬᠤᠶ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ ᠢᠶᠠᠷ ᠪᠦᠷᠢᠯᠳᠦᠪᠡ᠃ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠤᠬᠠᠭᠤᠯᠭ᠎ᠠ ᠶᠢᠨ ᠠᠵᠢᠯ ᠢ ᠵᠣᠬᠢᠶᠠᠨ | ᠪᠠᠶᠢᠭᠤᠯᠤᠨ ᠰᠠᠶᠢᠲᠤᠷ ᠬᠢᠬᠦ ᠶᠢ ᠬᠠᠷᠢᠭᠤᠴᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠬᠠᠮᠠᠭᠠᠯᠠᠬᠤ᠂ | ᠰᠠᠨᠠᠭᠠᠴᠢᠯᠠᠬᠤ ᠴᠢᠨᠠᠷᠲᠠᠶ ᠪᠠ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠶᠢ | ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ︔ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠢ | ᠡᠬᠢᠯᠡᠭᠦᠯᠬᠦ ︵ᠬᠦᠴᠦᠨ ᠦᠭᠡᠶ ᠪᠣᠯᠭᠠᠬᠤ︶ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠵᠤ᠂ ᠬᠦᠨᠳᠦ | ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠢ ᠡᠬᠢᠯᠡᠭᠦᠯᠬᠦ ︵ᠬᠦᠴᠦᠨ ᠦᠭᠡᠶ ᠪᠣᠯᠭᠠᠬᠤ︶ ᠮᠡᠳᠡᠭᠳᠡᠯ ᠢ | ᠲᠤᠭᠤᠷᠪᠢᠨ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ | ︵ᠲᠦᠷᠪᠡ︶ ᠬᠢᠨᠠᠨ ᠵᠢᠯᠤᠭᠤᠳᠴᠤ ᠪᠠᠶᠢᠴᠠᠭᠠᠬᠤ ᠳᠤᠭᠤᠶᠢᠯᠠᠩ | ᠲᠤᠭᠤᠷᠢᠭ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠢᠶᠠᠷ ᠲᠦᠷᠦᠭᠦᠯᠡᠭᠦᠯᠦᠨ᠂ | ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ᠂ ᠳᠣᠲᠣᠭᠠᠳᠤ ᠶᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠲᠣᠭᠤᠷᠢᠭ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ᠂ ᠴᠤᠤᠷᠢᠶᠠᠲᠤᠨ ᠳᠠᠭᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠲᠠᠪᠤ︶ ᠪᠠᠴᠢᠮ ᠪᠠᠶᠢᠳᠠᠯ ᠢ ᠠᠷᠭᠠᠴᠠᠭᠠᠬᠤ ᠴᠤᠤᠷᠢᠶᠠᠲᠤᠬᠤ ᠳᠤᠭᠤᠶᠢᠯᠠᠩ | ᠵᠢᠯᠣᠭᠤᠳᠬᠤ ᠭᠠᠵᠠᠷ ᠤᠨ ᠡᠯ᠎ᠡ ᠭᠡᠰᠢᠭᠦᠨ ᠨᠢᠭᠡᠴᠢ ᠠᠴᠠ ᠪᠦᠷᠢᠯᠳᠦᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠵᠤ ᠂ ᠪᠠᠴᠢᠮ ᠪᠠᠶᠢᠳᠠᠯ ᠢ | ᠠᠷᠭᠠᠴᠠᠭᠠᠬᠤ ᠶᠢ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠭᠤᠷᠪᠠ᠂ ᠰᠡᠷᠡᠮᠵᠢᠯᠡᠭᠦᠯᠬᠦ᠂ ᠨᠡᠶᠢᠲᠡᠯᠡᠬᠦ᠂ ᠲᠣᠬᠢᠷᠠᠭᠤᠯᠤᠯᠲᠠ ᠬᠢᠬᠦ᠂ ᠬᠦᠴᠦᠨ ᠥᠬᠡᠶ ᠪᠣᠯᠭᠠᠬᠤ | ︵ᠨᠢᠭᠡ︶ ᠤᠷᠢᠳᠴᠢᠯᠠᠨ ᠰᠡᠷᠡᠮᠵᠢᠯᠡᠭᠦᠯᠬᠦ ᠳᠡᠰ | ︽ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠵᠢᠭᠠᠯᠲᠠ ᠲᠤᠭ᠎ᠠ ︵AQI︶ ᠶᠢᠨ | ᠮᠡᠷᠭᠡᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵HJ633 — 2012︶ ᠤᠨ ᠲᠠᠰ ᠬᠤᠪᠢᠶᠠᠬᠤ | ᠠᠷᠭ᠎ᠠ ᠶᠢ ᠦᠨᠳᠦᠰᠦᠯᠡᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠲᠠᠰ | ᠬᠤᠪᠢᠶᠠᠬᠤ ᠪᠠᠷᠢᠮᠵᠢᠶ᠎ᠠ ᠶᠢᠨ ᠲᠤᠬᠠᠶ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ᠂ ᠪᠥᠬᠦ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠵᠢᠭᠠᠯᠲᠠ ᠲᠤᠭ᠎ᠠ ︵AQI︶ ᠪᠠᠷ | ᠨᠢᠭᠡᠳᠦᠯᠲᠡᠶ ᠤᠷᠢᠳᠴᠢᠯᠠᠨ ᠰᠡᠷᠡᠮᠵᠢᠯᠡᠭᠦᠯᠬᠦ ᠲᠠᠰ ᠬᠤᠪᠢᠶᠠᠬᠤ ᠭᠦᠢᠴᠡᠳᠬᠡᠯ ᠲᠤᠭ᠎ᠠ ᠪᠣᠯᠭᠠᠵᠤ᠂ 24 ᠴᠠᠭ ︵ | ᠪᠠᠶᠢᠭᠠᠯᠢ ᠶᠢᠨ ᠡᠳᠦᠷ ᠠᠯᠤᠰᠯᠠᠵᠤ ᠪᠣᠯᠬᠤ︶ ᠢᠶᠠᠷ ᠶᠡᠷᠦᠩᠬᠡᠶᠢᠯᠡᠨ ᠪᠣᠳᠣᠯᠬᠢᠯᠠᠵᠤ᠂ ᠠᠭᠠᠷ ᠤᠨ ᠶᠠᠰᠤ ᠴᠢᠨᠠᠷ ᠢ | ᠵᠢᠱᠢᠭᠰᠡᠨ ᠦᠷ᠎ᠡ ᠳ᠋ᠦᠩ᠂ ᠠᠭᠠᠷ ᠤᠨ ᠪᠣᠬᠢᠷᠲᠤᠯ ᠤᠨ ᠬᠡᠮᠵᠢᠶ᠎ᠡ ᠪᠠ ᠦᠷᠭᠦᠯᠵᠢᠯᠡᠬᠦ ᠴᠠᠭ ᠢ ᠶᠡᠷᠦᠩᠬᠡᠶᠢᠯᠡᠨ | ᠪᠣᠳᠣᠯᠬᠢᠯᠠᠵᠤ᠂ ᠠᠭᠠᠷ ᠤᠨ ᠬᠦᠨᠳᠦ ᠪᠣᠬᠢᠷᠲᠤᠯ ᠤᠨ ᠰᠡᠷᠡᠮᠵᠢᠯᠡᠭᠦᠯᠦᠯ ᠢ 3 ᠲᠠᠰ ᠬᠤᠪᠢᠶᠠᠵᠤ᠂ ᠳᠣᠤᠷ᠎ᠠ ᠲᠠᠰ ᠠᠴᠠ | ᠳᠡᠭᠡᠳᠦ ᠲᠠᠰ ᠬᠦᠷᠲᠡᠯ᠎ᠡ ᠲᠣᠰ ᠲᠣᠰ ᠰᠢᠷ᠎ᠠ ︵Ⅲ ᠳ᠋ᠤᠭᠠᠷ ᠲᠠᠰ︶᠂ ᠤᠯᠠᠪᠤᠷ ︵Ⅱ ᠳ᠋ᠤᠭᠠᠷ ᠲᠠᠰ︶ ᠪᠠ | ᠤᠯᠠᠭᠠᠨ ︵Ⅰ ᠳ᠋ᠦ᠋ᠭᠡᠷ ᠲᠠᠰ︶ ᠲᠠᠰ ᠢᠶᠠᠷ ᠤᠷᠢᠳᠴᠢᠯᠠᠨ ᠰᠡᠷᠡᠮᠵᠢᠯᠡᠭᠦᠯᠦᠨ᠎ᠡ᠂ ᠲᠠᠰ ᠬᠤᠪᠢᠶᠠᠭᠰᠠᠨ ᠪᠠᠷᠢᠮᠵᠢᠶ᠎ᠠ | ᠨᠢ᠃ | ᠰᠢᠷ᠎ᠠ ᠥᠩᠭᠡ ᠶᠢᠨ ᠰᠡᠷᠡᠮᠵᠢᠯᠡᠭᠦᠯᠦᠯ᠄ ᠲᠥᠰᠦᠭᠡᠯᠡᠭᠰᠡᠨ ᠡᠳᠦᠷ ᠤᠨ AQI ᠨᠢ 200 ᠠᠴᠠ ᠶᠡᠭᠡ | ᠪᠤᠶᠤ ᠡᠳᠦᠷ ᠤᠨ AQI ᠨᠢ 150 ᠠᠴᠠ ᠶᠡᠭᠡ ᠪᠠᠶᠢᠵᠤ 48 ᠴᠠᠭ ᠪᠤᠶᠤ ᠳᠡᠭᠡᠭᠰᠢ ᠦᠷᠭᠦᠯᠵᠢᠯᠡᠬᠦ ᠪᠥᠭᠡᠳ | ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠴᠦ ᠳᠡᠶᠢᠯᠦᠭᠰᠡᠨ ᠥᠬᠡᠶ᠃ | ᠤᠯᠠᠪᠤᠷ ᠥᠩᠭᠡ ᠶᠢᠨ ᠰᠡᠷᠡᠮᠵᠢᠯᠡᠭᠦᠯᠦᠯ᠄ ᠲᠥᠰᠦᠭᠡᠯᠡᠭᠰᠡᠨ ᠡᠳᠦᠷ ᠤᠨ AQI ᠨᠢ 200 ᠠᠴᠠ ᠶᠡᠭᠡ | ᠪᠤᠶᠤ 150 ᠠᠴᠠ ᠶᠡᠭᠡ72 ᠴᠠᠭ ᠦᠷᠭᠦᠯᠵᠢᠯᠡᠬᠦ ᠪᠥᠭᠡᠳ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ | ᠨᠥᠬᠦᠴᠡᠯ ᠳᠤ ᠬᠦᠷᠴᠦ ᠳᠡᠶᠢᠯᠦᠭᠰᠡᠨ ᠥᠬᠡᠶ᠃ | ᠤᠯᠠᠭᠠᠨ ᠥᠩᠭᠡ ᠶᠢᠨ ᠰᠡᠷᠡᠮᠵᠢᠯᠡᠭᠦᠯᠦᠯ᠄ ᠲᠥᠰᠦᠭᠡᠯᠡᠭᠰᠡᠨ ᠡᠳᠦᠷ ᠤᠨ AQI ᠨᠢ 200 ᠠᠴᠠ ᠶᠡᠭᠡ | 72 ᠴᠠᠭ ᠦᠷᠭᠦᠯᠵᠢᠯᠡᠬᠦ ᠪᠤᠶᠤ ᠡᠳᠦᠷ ᠤᠨ AQI ᠨᠢ 300 ᠠᠴᠠ ᠶᠡᠭᠡ 24 ᠴᠠᠭ ᠦᠷᠭᠦᠯᠵᠢᠯᠡᠬᠦ ᠵᠢᠴᠢ | ᠲᠡᠭᠦᠨ ᠠᠴᠠ ᠳᠡᠭᠡᠭᠰᠢ᠃ | ︵ᠬᠤᠶᠠᠷ︶ ᠣᠷᠣᠨ ᠬᠤᠪᠢᠶᠠᠨ ᠬᠠᠮᠢᠶᠠᠷᠬᠤ ᠪᠠ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ | 1. ᠣᠷᠣᠨ ᠬᠤᠪᠢᠶᠠᠨ ᠬᠠᠮᠢᠶᠠᠷᠬᠤ | ᠠᠭᠠᠷ ᠮᠠᠨᠳᠠᠯ ᠢ ᠪᠣᠬᠢᠷᠲᠤᠭᠤᠯᠬᠤ ᠪᠣᠳᠠᠰ ᠤᠨ ᠳᠠᠮᠵᠢᠯᠭ᠎ᠠ ᠶᠢᠨ ᠨᠥᠯᠥᠭᠡ᠂ ᠴᠠᠭ ᠠᠭᠤᠷ ᠭᠠᠵᠠᠷ | ᠵᠦᠢ ᠶᠢᠨ ᠣᠨᠴᠠᠯᠢᠭ ᠵᠡᠷᠭᠡ ᠪᠠᠶᠢᠳᠠᠯ ᠢ ᠦᠨᠳᠦᠰᠦᠯᠡᠨ᠂ ᠪᠤᠭᠤᠲᠤ ᠬᠤᠲᠠ ᠪᠣᠬᠢᠷᠲᠤᠯ ᠢ ᠬᠢᠵᠠᠭᠠᠷᠯᠠᠬᠤ ᠣᠷᠣᠨ | ᠭᠠᠷᠭᠠᠵᠤ᠂ ᠣᠷᠣᠨ ᠪᠦᠰᠡ ᠶᠢᠨ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠬᠡᠷᠡᠭᠵᠢᠭᠦᠯᠪᠡ᠃ ᠣᠷᠣᠨ ᠪᠦᠰᠡ ᠨᠢᠭᠡ | ︵ᠬᠤᠲᠠ ᠶᠢᠨ ᠲᠠᠰ ᠲᠠᠢ ᠨᠢᠭᠡᠳᠦᠯᠲᠡᠶ ᠬᠠᠮᠢᠶᠠᠷᠴᠤ᠂ ᠤᠷᠢᠳᠴᠢᠯᠠᠨ ᠰᠡᠷᠡᠮᠵᠢᠯᠡᠭᠦᠯᠬᠦ ᠶᠢ ᠵᠡᠷᠭᠡ ᠳᠤᠨᠢ ᠡᠬᠢᠯᠡᠭᠦᠯᠬᠦ | ᠪᠤᠶᠤ ᠬᠦᠴᠦᠨ ᠥᠬᠡᠶ ᠪᠣᠯᠭᠠᠨ᠎ᠠ︶᠄ ᠬᠥᠨᠳᠡᠯᠡᠨ ᠲᠣᠭᠤᠷᠢᠭ᠂ ᠴᠢᠩᠱᠠᠨ ᠲᠣᠭᠤᠷᠢᠭ᠂ ᠳ᠋ᠦᠩ ᠾᠧ ᠲᠣᠭᠤᠷᠢᠭ᠂ | ᠵᠢᠦᠶᠤᠸᠠᠨ ᠲᠣᠭᠤᠷᠢᠭ᠂ ᠲᠦᠮᠡᠳ ᠪᠠᠷᠠᠭᠤᠨ ᠬᠤᠰᠢᠭᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠢ ᠪᠠᠭᠲᠠᠭᠠᠨ᠎ᠠ᠃ ᠣᠷᠣᠨ ᠪᠦᠰᠡ ᠬᠤᠶᠠᠷ ︵ᠬᠤᠰᠢᠭᠤ ᠰᠢᠶᠠᠨ ᠲᠣᠭᠤᠷᠢᠭ ᠢᠶᠠᠷ ᠨᠢᠭᠡᠴᠢ ᠪᠣᠯᠭᠠᠨ | ᠲᠣᠰ ᠲᠣᠰ ᠡᠬᠢᠯᠡᠭᠦᠯᠬᠦ ᠪᠤᠶᠤ ᠰᠡᠷᠡᠮᠵᠢᠯᠡᠭᠦᠯᠬᠦ ᠶᠢ ᠬᠦᠴᠦᠨ ᠦᠭᠡᠢ ᠪᠣᠯᠭᠠᠵᠤ ᠪᠣᠯᠣᠨ᠎ᠠ︶᠄ ᠰᠢᠭᠤᠶᠢᠲᠤ | ᠲᠣᠭᠤᠷᠢᠭ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠭᠦᠶᠡᠩ | ᠰᠢᠶᠠᠨ ᠪᠠᠭᠲᠠᠨ᠎ᠠ᠃ ᠰᠢᠭᠤᠶᠢᠲᠤ ᠲᠣᠭᠤᠷᠢᠭ ᠨᠢ ᠰᠤᠳᠤᠯᠤᠨ ᠮᠠᠭᠠᠳᠯᠠᠬᠤ᠂ ᠰᠡᠷᠡᠮᠵᠢᠯᠡᠭᠦᠯᠬᠦ ᠴᠢᠳᠠᠪᠤᠷᠢ | ᠦᠭᠡᠢ ᠠᠴᠠ ᠪᠣᠯᠵᠤ᠂ ᠪᠤᠭᠤᠲᠤ ᠬᠤᠲᠠ ᠶᠢᠨ ᠬᠠᠮᠵᠢᠵᠤ ᠤᠷᠢᠳᠴᠢᠯᠠᠨ ᠮᠠᠳᠡᠭᠡᠯᠡᠭᠰᠡᠨ᠂ ᠵᠥᠪᠳᠡᠯᠴᠡᠭᠰᠡᠨ ᠦᠷ᠎ᠡ | ᠳ᠋ᠦᠩ ᠵᠢᠴᠢ ᠵᠠᠷᠯᠢᠭ ᠢ ᠦᠨᠳᠦᠰᠦᠯᠡᠨ᠂ ᠲᠤᠰ ᠲᠤᠰ ᠡᠬᠢᠯᠡᠭᠦᠯᠬᠦ ᠪᠤᠶᠤ ᠤᠷᠢᠳᠴᠢᠯᠠᠨ ᠰᠡᠷᠡᠮᠵᠢᠯᠡᠭᠦᠯᠬᠦ ᠶᠢ | ᠬᠦᠴᠦᠨ ᠦᠭᠡᠢ ᠪᠣᠯᠭᠠᠬᠤ ᠴᠢᠬᠤᠯᠠᠲᠠᠢ᠃ ᠡᠶᠢᠮᠦ ᠠᠴᠠ᠂ ᠪᠤᠭᠤᠲᠤ ᠬᠤᠲᠠ ᠶᠢᠨ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠨᠢ ᠰᠢᠭᠤᠶᠢᠲᠤ ᠲᠣᠭᠤᠷᠢᠭ ᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠦᠶ᠎ᠡ ᠳᠤ ︵ᠤᠷᠢᠳᠴᠢᠯᠠᠨ ᠰᠡᠷᠡᠮᠵᠢᠯᠡᠭᠦᠯᠵᠦ ᠳᠡᠰ ᠳᠡᠪᠰᠢᠭᠦᠯᠬᠦ᠂ | ᠤᠷᠢᠳᠴᠢᠯᠠᠨ ᠰᠡᠷᠡᠮᠵᠢᠯᠡᠭᠦᠯᠵᠦ ᠳᠡᠰ ᠪᠠᠭᠤᠷᠠᠭᠤᠯᠬᠤ᠂ ᠰᠡᠷᠡᠮᠵᠢᠯᠡᠭᠦᠯᠦᠨ ᠬᠦᠴᠦᠨ ᠥᠬᠡᠢ ᠪᠣᠯᠭᠠᠬᠤ︶᠂ | ᠰᠢᠭᠤᠶᠢᠲᠤ ᠲᠣᠭᠤᠷᠢᠭ ᠵᠣᠬᠢᠴᠠᠩᠭᠤᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠭᠠᠬᠤ ᠶᠢ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | 2. ᠰᠡᠷᠡᠮᠵᠢᠯᠡᠭᠦᠯᠦᠯ ᠨᠡᠶᠢᠲᠡᠯᠡᠬᠦ | ᠪᠤᠭᠤᠲᠤ ᠬᠤᠲᠠ ᠰᠢᠭᠤᠶᠢᠲᠤ ᠲᠣᠭᠤᠷᠢᠭ ᠤᠨ ᠢᠷᠡᠭᠡᠳᠦᠶ ᠶᠢᠨ ᠠᠭᠠᠷ ᠤᠨ ᠶᠠᠰᠤ ᠴᠢᠨᠠᠷ ᠨᠢ | ᠰᠡᠷᠡᠮᠵᠢᠯᠡᠭᠦᠯᠬᠦ ᠨᠥᠬᠦᠴᠡᠯ ᠳᠤ ᠬᠦᠷᠴᠦ ᠮᠡᠳᠡᠬᠦ ᠶᠢ ᠵᠢᠱᠢᠬᠦ ᠦᠶ᠎ᠡ ᠳᠤ᠂ ᠲᠣᠭᠤᠷᠢᠭ ᠤᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠠᠴᠠ ᠤᠷᠢᠳᠴᠢᠯᠠᠨ ᠰᠡᠷᠡᠮᠵᠢᠯᠡᠭᠦᠯᠬᠦ | ᠳᠡᠰ ᠢ 48 ᠴᠠᠭ ᠠᠴᠠ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠨ᠎ᠡ᠃ ᠬᠡᠷᠪᠡ ᠣᠨᠴᠠᠭᠠᠶ | ᠴᠠᠭ ᠠᠭᠤᠷ ᠤᠨ ᠪᠠᠶᠢᠳᠠᠯ ᠳᠤ ᠲᠤᠯᠭᠠᠷᠠᠵᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ | ᠴᠢᠳᠠᠭᠰᠠᠨ ᠥᠬᠡᠶ ᠪᠣᠯ᠂ ᠰᠡᠷᠡᠮᠵᠢᠯᠡᠭᠦᠯᠬᠦ ᠨᠥᠬᠦᠴᠡᠯ ᠢ ᠬᠠᠩᠭᠠᠭᠰᠠᠨ ᠡᠰᠡᠬᠦ ᠶᠢ ᠴᠠᠭ ᠲᠤᠬᠠᠶ ᠳᠤᠨᠢ ᠮᠠᠭᠠᠳᠯᠠᠵᠤ᠂ | ᠰᠡᠷᠡᠮᠵᠢ ᠶᠢᠨ ᠮᠡᠳᠡᠭᠡ ᠵᠠᠩᠭᠢ ᠶᠢ ᠳᠠᠷᠦ᠋ᠢᠬᠠᠨ ᠨᠡᠶᠢᠲᠡᠯᠡᠬᠦ ᠬᠡᠷᠡᠭᠲᠡᠶ᠃ | ᠣᠽᠣᠨ ︵O3︶ ᠤ ᠪᠣᠬᠢᠷᠲᠤᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ ᠮᠡᠳᠡᠭᠡ | ᠵᠠᠩᠭᠢ ᠨᠡᠶᠢᠲᠡᠯᠡᠬᠦ ᠳᠤᠭᠤᠶᠢᠯᠠᠩ ᠴᠠᠭ ᠲᠤᠬᠠᠶ ᠳᠤᠨᠢ ᠨᠡᠶᠢᠭᠡᠮ ᠨᠡᠶᠢᠲᠡ ᠳᠤ ᠡᠷᠡᠭᠦᠯ ᠮᠡᠨᠳᠦ ᠶᠢᠨ ᠰᠠᠨᠠᠭᠤᠯᠤᠮᠵᠢ ᠶᠢᠨ | ᠮᠡᠳᠡᠭᠡ ᠵᠠᠩᠭᠢ ᠨᠡᠶᠢᠲᠡᠯᠡᠬᠦ ᠶᠢᠨ ᠬᠠᠮᠲᠤ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶ ᠪᠣᠯᠤᠨ | ᠠᠽᠣᠲ ᠤᠨ ᠢᠰᠦᠮᠡᠭ ᠪᠣᠳᠠᠰ ︵NOx︶ ᠤᠨ ᠭᠠᠳᠠᠭᠰᠢᠯᠠᠭᠤᠯᠬᠤ ᠡᠬᠢ ᠶᠢᠨ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠡᠯᠡᠰᠦ ᠲᠣᠭᠤᠰᠣ᠂ ᠭᠠᠯᠲᠤ ᠠᠭᠤᠯᠠ᠂ ᠬᠡᠰᠡᠭ ᠭᠠᠵᠠᠷ ᠤᠨ ᠡᠯᠡᠰᠦ | ᠬᠡᠶᠢᠰᠬᠡᠬᠦ᠂ ᠤᠯᠤᠰ ᠤᠨ ᠬᠢᠯᠢ ᠶᠢᠨ ᠭᠠᠳᠠᠨᠠᠬᠢ ᠪᠣᠬᠢᠷᠲᠤᠯ ᠢ ᠳᠠᠮᠵᠢᠭᠤᠯᠬᠤ ᠵᠡᠷᠭᠡ ᠡᠰᠡᠷᠭᠦᠴᠡᠰᠢ ᠥᠬᠡᠶ ᠬᠦᠴᠦᠨ | ᠵᠦᠢᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠲᠤ᠂ ᠮᠡᠳᠡᠭᠡ ᠵᠠᠩᠭᠢ ᠨᠡᠶᠢᠲᠡᠯᠡᠬᠦ ᠳᠤᠭᠤᠶᠢᠯᠠᠩ ᠨᠢ | ᠴᠠᠭ ᠲᠤᠬᠠᠶ ᠳᠤᠨᠢ ᠨᠡᠶᠢᠭᠡᠮ ᠳᠤ ᠡᠷᠡᠭᠦᠯ ᠮᠡᠨᠳᠦ ᠶᠢᠨ ᠰᠠᠨᠠᠭᠤᠯᠤᠮᠵᠢ ᠶᠢᠨ ᠮᠡᠳᠡᠭᠡ ᠵᠠᠩᠭᠢ ᠨᠡᠶᠢᠲᠡᠯᠡᠵᠦ᠂ ᠣᠯᠠᠨ | ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ | ᠠᠪᠴᠤ᠂ ᠪᠠᠶᠢᠳᠠᠯ ᠢ ᠨᠢ ᠦᠵᠡᠵᠦ ᠪᠠᠶᠢᠭᠠᠳ ᠲᠣᠭᠤᠰᠣᠨ ᠤ ᠢᠷᠡᠯᠲᠡ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃ | ︵ᠭᠤᠷᠪᠠ︶ ᠤᠷᠢᠳᠴᠢᠯᠠᠨ ᠰᠡᠷᠡᠮᠵᠢᠯᠡᠭᠦᠯᠬᠦ ᠳᠡᠰ ᠤᠨ ᠲᠣᠬᠢᠷᠠᠭᠤᠯᠤᠯᠲᠠ ᠪᠠ ᠬᠦᠴᠦᠨ ᠦᠭᠡᠢ ᠪᠣᠯᠭᠠᠬᠤ | ᠠᠭᠠᠷ ᠤᠨ ᠶᠠᠰᠤ ᠴᠢᠨᠠᠷ ᠰᠠᠶᠢᠵᠢᠷᠠᠭᠠᠳ ᠵᠣᠬᠢᠴᠠᠩᠭᠤᠶ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠶᠢ | ᠡᠬᠢᠯᠡᠭᠦᠯᠬᠦ ᠪᠠᠷᠢᠮᠵᠢᠶ᠎ᠠ ᠠᠴᠠ ᠳᠣᠷᠣᠭᠰᠢ ᠪᠣᠯᠤᠭᠰᠠᠨ ᠪᠥᠭᠡᠳ ᠵᠢᠱᠢᠯᠲᠡ ᠪᠠᠷ 36 ᠴᠠᠭ ᠠᠴᠠ ᠳᠡᠭᠡᠭᠰᠢ | ᠦᠷᠭᠦᠯᠵᠢᠯᠡᠬᠦ ᠦᠶ᠎ᠡ ᠳᠤ᠂ ᠤᠷᠢᠳᠴᠢᠯᠠᠨ ᠰᠡᠷᠡᠮᠵᠢᠯᠡᠭᠦᠯᠬᠦ ᠳᠡᠰ ᠢ ᠪᠠᠭᠤᠷᠠᠭᠤᠯᠬᠤ ᠪᠤᠶᠤ ᠰᠡᠷᠡᠮᠵᠢᠯᠡᠭᠦᠯᠬᠦ ᠶᠢ | ᠬᠦᠴᠦᠨ ᠥᠬᠡᠶ ᠪᠣᠯᠭᠠᠬᠤ ᠶᠢᠨ ᠬᠠᠮᠲᠤ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠨ᠎ᠡ᠃ | ᠡᠮᠦᠨ᠎ᠡ ᠬᠤᠶᠢᠨ᠎ᠠ ᠬᠤᠶᠠᠷ ᠤᠳᠠᠭ᠎ᠠ ᠬᠦᠨᠳᠦ ᠪᠣᠬᠢᠷᠲᠤᠯ ᠡᠭᠦᠰᠬᠦ ᠶᠠᠪᠤᠴᠠ ᠶᠢ ᠲᠥᠰᠦᠬᠡᠯᠡᠭᠰᠡᠨ | ᠮᠥᠷᠲᠡᠭᠡᠨ ᠠᠯᠤᠰᠯᠠᠬᠤ ᠴᠠᠭ ᠨᠢ 36 ᠴᠠᠭ ᠬᠦᠷᠦᠭᠡᠳᠦᠢ ᠪᠠᠶᠢᠪᠠᠯ᠂ ᠨᠢᠭᠡ ᠤᠳᠠᠭ᠎ᠠ ᠬᠦᠨᠳᠦ ᠪᠣᠬᠢᠷᠲᠤᠭᠰᠠᠨ | ᠶᠠᠪᠤᠴᠠ ᠪᠠᠷ ᠪᠤᠳᠤᠵᠤ᠂ ᠳᠡᠭᠡᠳᠦ ᠱᠠᠲᠤᠨ ᠠᠴᠠ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠦᠨ᠎ᠡ᠃ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠰᠡᠷᠡᠮᠵᠢᠯᠡᠭᠦᠯᠦᠯ ᠢ ᠡᠬᠢᠯᠡᠭᠦᠯᠬᠦ ᠠᠴᠠ ᠡᠮᠦᠨ᠎ᠡ᠂ | ᠠᠭᠠᠷ ᠤᠨ ᠶᠠᠰᠤ ᠴᠢᠨᠠᠷ ᠢ ᠲᠥᠰᠦᠭᠡᠯᠡᠭᠰᠡᠨ ᠦᠷ᠎ᠡ ᠳ᠋ᠦᠩ ᠳᠤ ᠬᠤᠪᠢᠷᠠᠯᠲᠠ ᠭᠠᠷᠴᠤ᠂ ᠰᠡᠷᠡᠮᠵᠢᠯᠡᠭᠦᠯᠬᠦ ᠮᠡᠳᠡᠭᠡ | ᠵᠠᠩᠭᠢ ᠯᠤᠭ᠎ᠠ ᠨᠡᠶᠢᠴᠡᠬᠦ ᠦᠭᠡᠶ ᠪᠣᠯ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠡᠷᠡᠮᠵᠢᠯᠡᠭᠦᠯᠬᠦ ᠳᠡᠰ ᠲᠤ | ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠪᠤᠶᠤ ᠰᠡᠷᠡᠮᠵᠢᠯᠡᠭᠦᠯᠦᠯ ᠢ ᠦᠭᠡᠶᠢᠰᠬᠡᠬᠦ ᠬᠡᠷᠡᠭᠲᠡᠶ᠃ ᠠᠭᠠᠷ ᠤᠨ ᠶᠠᠰᠤ | ᠴᠢᠨᠠᠷ ᠨᠢ ᠨᠡᠩ ᠳᠡᠭᠡᠳᠦ ᠲᠠᠰ ᠤᠨ ᠰᠡᠷᠡᠮᠵᠢᠯᠡᠭᠦᠯᠬᠦ ᠨᠥᠬᠦᠴᠡᠯ ᠳᠤ ᠬᠦᠷᠦᠭᠰᠡᠨ ᠢ ᠲᠥᠰᠦᠭᠡᠯᠡᠬᠦ ᠪᠤᠶᠤ ᠬᠢᠨᠠᠨ | ᠬᠡᠮᠵᠢᠬᠦ ᠦᠶ᠎ᠡ ᠳᠤ᠂ ᠳᠡᠰ ᠳᠡᠪᠰᠢᠭᠦᠯᠬᠦ ᠠᠷᠭ᠎ᠠ ᠬᠡᠮᠵᠢᠶ᠎ᠡ ᠶᠢ ᠦᠳᠲᠡᠷ ᠲᠦᠷᠭᠡᠨ ᠠᠪᠬᠤ ᠬᠡᠷᠡᠭᠲᠡᠶ᠃ | ᠤᠷᠢᠳᠴᠢᠯᠠᠨ ᠰᠡᠷᠡᠮᠵᠢᠯᠡᠭᠦᠯᠬᠦ ᠶᠢ ᠲᠣᠬᠢᠷᠠᠭᠤᠯᠬᠤ᠂ ᠬᠦᠴᠦᠨ ᠥᠬᠡᠶ ᠪᠣᠯᠭᠠᠬᠤ ᠭᠤᠤᠯ ᠴᠣᠭᠴᠠ ᠵᠢᠴᠢ ᠲᠠᠰ | ᠳᠠᠷᠠᠭᠠᠯᠠᠯ ᠨᠢ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ ᠲᠠᠢ ᠠᠳᠠᠯᠢ ᠪᠠᠶᠢᠳᠠᠭ᠃ | ︵ᠲᠦᠷᠪᠡ︶ ᠤᠷᠢᠳᠴᠢᠯᠠᠨ ᠰᠡᠷᠡᠮᠵᠢᠯᠡᠭᠦᠯᠵᠦ ᠬᠢᠨᠠᠨ ᠵᠥᠪᠰᠢᠶᠡᠷᠡᠬᠦ | ᠪᠤᠭᠤᠲᠤ ᠬᠤᠲᠠ ᠶᠢᠨ ᠵᠥᠪᠳᠡᠯᠴᠡᠭᠡᠨ ᠤ ᠰᠢᠭᠤᠶᠢᠲᠤ ᠲᠣᠭᠤᠷᠢᠭ ᠤᠨ ᠰᠡᠷᠡᠮᠵᠢᠯᠡᠭᠦᠯᠬᠦ ᠨᠥᠬᠦᠴᠡᠯ ᠳᠤ | ᠬᠦᠷᠦᠭᠰᠡᠨ ᠦᠶ᠎ᠡ ᠳᠤ᠂ ᠮᠡᠳᠡᠭᠡ ᠵᠠᠩᠭᠢ ᠨᠡᠶᠢᠲᠡᠯᠡᠬᠦ ᠳᠤᠭᠤᠶᠢᠯᠠᠩ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠎ᠡ᠃ | ᠡᠭᠦᠨ ᠳᠤ᠂ ᠰᠢᠷ᠎ᠠ ᠥᠩᠭᠡ ᠶᠢᠨ ᠰᠡᠷᠡᠮᠵᠢᠯᠡᠭᠦᠯᠦᠯ ᠪᠠ ᠤᠯᠠᠪᠤᠷ ᠥᠩᠭᠡ ᠶᠢᠨ ᠰᠡᠷᠡᠮᠵᠢᠯᠡᠭᠦᠯᠦᠯ ᠢ ᠲᠣᠭᠤᠷᠢᠭ ᠤᠨ | ᠬᠦᠨᠳᠦ ᠪᠣᠬᠢᠷᠲᠤᠯ ᠲᠠᠢ ᠴᠠᠭ ᠠᠭᠤᠷ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠤᠭᠤᠳᠤᠭᠴᠢ ᠪᠠᠷ | ᠵᠥᠪᠰᠢᠶᠡᠷᠡᠭᠦᠯᠦᠭᠡᠳ᠂ ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠪᠠᠷ | ᠵᠥᠪᠰᠢᠶᠡᠷᠡᠭᠦᠯᠵᠦ᠂ ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠬᠤ ᠮᠡᠳᠡᠭᠡ ᠵᠠᠩᠭᠢ ᠶᠢ ᠲᠣᠭᠤᠷᠢᠭ ᠤᠨ | ᠵᠢᠯᠣᠭᠤᠳᠬᠤ ᠭᠠᠵᠠᠷ ᠤᠨ ᠠᠯᠪᠠᠨ ᠬᠡᠷ ᠤᠨ ᠳᠡᠳ᠋ ᠡᠷᠬᠢᠯᠡᠭᠴᠢ ᠪᠠᠷ ᠵᠥᠪᠰᠢᠶᠡᠷᠡᠭᠦᠯᠦᠨ᠎ᠡ᠃ | ᠳᠥᠷᠪᠡ᠂ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ | ︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠳᠡᠰ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ | ᠵᠡᠷᠭᠡ ᠳᠡᠰ ᠢ ᠭᠤᠷᠪᠠᠨ ᠳᠡᠰ ᠬᠤᠪᠢᠶᠠᠵᠤ᠂ ᠳᠣᠤᠷ᠎ᠠ ᠠᠴᠠ ᠥᠨᠳᠥᠷ ᠪᠣᠯᠲᠠᠯ᠎ᠠ ᠲᠠᠰ ᠳᠠᠷᠠᠭᠠᠯᠠᠯ ᠢᠶᠠᠷ ᠢᠶᠠᠨ Ⅲ | ᠳ᠋ᠤᠭᠠᠷ ᠲᠠᠰ᠂ Ⅱ ᠳ᠋ᠤᠭᠠᠷ ᠲᠠᠰ᠂ Ⅰ ᠳ᠋ᠦ᠋ᠭᠡᠷ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ | ᠳᠠᠭᠠᠬᠤ᠃ | ᠰᠢᠷ᠎ᠠ ᠥᠩᠭᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠦᠶ᠎ᠡ ᠳᠤ᠂ Ⅲᠳ᠋ᠤᠭᠠᠷ ᠲᠠᠰ ᠤᠨ ᠪᠠᠴᠢᠮ | ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠶᠢ ᠡᠬᠢᠯᠡᠭᠦᠯᠦᠨ᠎ᠡ︔ | ᠤᠯᠠᠪᠤᠷ ᠥᠩᠭᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠦᠶ᠎ᠡ ᠳᠤ᠂ Ⅱᠳ᠋ᠤᠭᠠᠷ ᠲᠠᠰ ᠤᠨ | ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠶᠢ ᠡᠬᠢᠯᠡᠭᠦᠯᠦᠨ᠎ᠡ︔ | ᠤᠯᠠᠭᠠᠨ ᠥᠩᠭᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠦᠶ᠎ᠡ ᠳᠤ᠂ Ⅰᠳ᠋ᠦ᠋ᠭᠡᠷ ᠲᠠᠰ ᠤᠨ | ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠶᠢ ᠡᠬᠢᠯᠡᠭᠦᠯᠦᠨ᠎ᠡ᠃ | ︵ᠬᠤᠶᠠᠷ︶ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠶᠢ ᠡᠬᠢᠯᠡᠭᠦᠯᠬᠦ | ᠪᠤᠭᠤᠲᠤ ᠬᠤᠲᠠ ᠰᠢᠭᠤᠶᠢᠲᠤ ᠲᠣᠭᠤᠷᠢᠭ ᠤᠨ ᠢᠷᠡᠭᠡᠳᠦᠢ ᠶᠢᠨ ᠠᠭᠠᠷ ᠤᠨ ᠶᠠᠰᠤ ᠴᠢᠨᠠᠷ ᠢ | ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠬᠦ ᠶᠢ ᠵᠢᠱᠢᠬᠦ ᠦᠶᠡᠰ᠂ ᠰᠢᠭᠤᠶᠢᠲᠤ ᠲᠣᠭᠤᠷᠢᠭ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠴᠠᠭ | ᠲᠤᠬᠠᠢ ᠳᠤᠨᠢ ᠰᠡᠷᠡᠮᠵᠢ ᠨᠡᠶᠢᠲᠡᠯᠡᠬᠦ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠢ ᠳᠠᠷᠤᠢ | ᠲᠦᠷᠭᠡᠨ ᠵᠣᠬᠢᠴᠠᠩᠭᠤᠢ ᠳᠡᠰ ᠤᠨ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠠᠪᠬᠤ ᠶᠢ ᠵᠣᠬᠢᠶᠠᠨ ᠪᠠᠶᠢᠭᠤᠯᠤᠨ᠎ᠠ᠃ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠬᠤ ᠴᠤᠤᠷᠢᠶᠠᠳᠣᠨ ᠲᠠᠭᠠᠬᠤ ᠠᠷᠭ᠎ᠠ ᠬᠡᠮᠵᠢᠶ᠎ᠡ | 1. ᠶᠡᠷᠦᠩᠬᠡᠶ ᠱᠠᠭᠠᠷᠳᠠᠯᠭ᠎ᠠ | ︵1︶ ᠨᠠᠷᠢᠨ ᠲᠠᠩᠰᠠ ᠶᠢᠨ ᠲᠥᠷᠥᠯ ᠬᠤᠪᠢᠶᠠᠨ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠤᠨ | ᠡᠵᠡᠮᠳᠡᠬᠦ ᠶᠢ ᠬᠡᠷᠡᠭᠵᠢᠭᠦᠯᠦᠨ᠎ᠡ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢ ᠲᠣᠭᠲᠠᠭᠠᠬᠤ ᠶᠢᠨ ᠬᠠᠮᠲᠤ ᠴᠠᠭ | ᠲᠤᠬᠠᠶ ᠳᠤᠨᠢ ᠵᠠᠰᠠᠪᠤᠷᠢ ᠣᠷᠣᠭᠤᠯᠵᠤ᠂ ᠬᠡᠢ ᠪᠠ ᠪᠣᠬᠢᠷᠲᠤᠯ ᠤᠨ ᠡᠬᠢ ᠶᠢ ᠪᠦᠬᠦᠨ ᠢ ᠪᠠᠴᠢᠮ ᠪᠠᠶᠢᠳᠠᠯ ᠢ | ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠳᠤ ᠣᠷᠣᠭᠤᠯᠬᠤ ᠶᠢ | ᠪᠠᠲᠤᠯᠠᠨ᠎ᠠ᠃ ᠪᠣᠬᠢᠷᠲᠤᠯ ᠪᠣᠳᠠᠰ ᠢ ᠬᠢᠵᠠᠭᠠᠷᠯᠠᠬᠤ ᠲᠡᠷᠢᠭᠦᠨ ᠴᠢᠬᠤᠯᠠ ᠱᠠᠭᠠᠷᠳᠠᠯᠭ᠎ᠠ ᠲᠠᠢ ᠤᠶᠠᠯᠳᠤᠭᠤᠯᠤᠨ᠂ | ᠪᠠᠴᠢᠮ ᠪᠠᠶᠢᠳᠠᠯ ᠢ ᠠᠷᠭᠠᠴᠠᠭᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠭᠤᠷᠢ ᠲᠤᠭ᠎ᠠ ᠪᠣᠯᠤᠨ | ᠠᠳᠠᠯᠢ ᠪᠤᠰᠤ ᠰᠡᠷᠡᠮᠵᠢᠯᠡᠭᠦᠯᠬᠦ ᠲᠠᠰ ᠤᠨ ᠠᠵᠤ ᠦᠢᠯᠡᠳᠪᠦᠷᠢ ᠶᠢᠨ ᠢᠷᠡᠯᠲᠡ᠂ ᠲᠣᠭᠤᠰᠣ ᠳᠡᠭᠳᠡᠬᠦ ᠡᠬᠢ ᠰᠤᠷᠪᠤᠯᠵᠢ | ᠂ ᠰᠢᠯᠵᠢᠮᠡᠯ ᠡᠬᠢ ᠰᠤᠷᠪᠤᠯᠵᠢ ᠪᠣᠯᠤᠨ ᠪᠤᠰᠤᠳ ᠪᠣᠬᠢᠷᠲᠤᠯ ᠤᠨ ᠨᠠᠷᠢᠨ ᠬᠠᠭᠤᠳᠠᠰᠤ ᠶᠢᠨ ᠪᠠᠴᠢᠮ ᠪᠠᠶᠢᠳᠠᠯ ᠢ | ᠠᠷᠭᠠᠴᠠᠭᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠬᠢᠨᠠᠮᠠᠭᠠᠶ ᠲᠣᠭᠠᠴᠠᠭ᠎ᠠ ᠬᠢᠵᠦ᠂ | ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ᠂ ᠪᠦᠲᠦᠮᠵᠢᠲᠡᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠵᠤ | ᠂ ᠲᠥᠷᠥᠯ ᠬᠤᠪᠢᠶᠠᠨ ᠵᠠᠰᠠᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠬᠦ ᠬᠡᠷᠡᠭᠲᠡᠶ᠃ ᠵᠠᠷᠴᠢᠮ | ᠳᠡᠭᠡᠷ᠎ᠡ ᠪᠠᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠷᠭ᠎ᠠ ᠬᠡᠮᠵᠢᠶ᠎ᠡ ᠨᠢ ᠭᠤᠣᠯᠳᠠᠭᠤ ᠦᠢᠯᠡᠳᠪᠦᠷᠢᠯᠡᠯ ᠢ ᠨᠢ ᠵᠣᠭᠰᠣᠭᠠᠬᠤ᠂ ᠲᠡᠭᠡᠭᠡᠪᠦᠷᠢ ᠶᠢ ᠵᠣᠭᠰᠣᠭᠠᠬᠤ | ᠬᠡᠰᠡᠭ ᠦᠢᠯᠡᠳᠪᠦᠷᠢᠯᠡᠯ ᠤᠨ ᠱᠤᠭᠤᠮ ᠪᠤᠶᠤ ᠭᠤᠣᠯ ᠪᠣᠯᠬᠤ ᠦᠢᠯᠡᠳᠪᠦᠷᠢᠯᠡᠯ ᠤᠨ ᠠᠵᠢᠯ ᠤᠨ ᠳᠡᠰ ᠳᠠᠷᠠᠭᠠᠯᠠᠯ ︵ | ᠲᠥᠬᠦᠭᠡᠷᠦᠮᠵᠢ︶ ᠢᠶᠠᠷ ᠳᠠᠮᠵᠢᠭᠤᠯᠤᠨ᠎ᠠ᠃ ᠦᠢᠯᠡᠳᠪᠦᠷᠢᠯᠡᠯ ᠢ ᠬᠢᠵᠠᠭᠠᠷᠯᠠᠬᠤ ᠠᠷᠭ᠎ᠠ ᠬᠡᠯᠪᠡᠷᠢ ᠪᠠᠷ ᠪᠣᠬᠢᠷᠳᠠᠯ ᠢ | ᠪᠠᠭᠠᠰᠬᠠᠬᠤ ᠬᠡᠷᠡᠭᠲᠡᠢ᠃ ᠣᠬᠤᠷᠬᠠᠨ ᠬᠤᠭᠤᠴᠠᠭᠠᠨ ᠳᠣᠲᠣᠷ᠎ᠠ ᠦᠢᠯᠡᠳᠪᠦᠷᠢᠯᠡᠯ ᠢᠶᠠᠨ ᠵᠣᠭᠰᠣᠭᠠᠬᠤ ᠳᠤ ᠬᠦᠴᠢᠷᠲᠡᠶ | ᠪᠤᠶᠤ ᠴᠠᠭ ᠬᠤᠭᠤᠴᠠᠭ᠎ᠠ ᠶᠢ ᠤᠷᠲᠤᠳᠬᠠᠬᠤ ᠦᠢᠯᠡᠳᠪᠦᠷᠢᠯᠡᠯ ᠤᠨ ᠠᠵᠢᠯ ᠤᠨ ᠳᠡᠰ ᠳᠠᠷᠠᠭᠠᠯᠠᠯ ᠳᠤ ᠪᠣᠯ | ᠪᠣᠬᠢᠷᠲᠤᠯ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠳᠪᠦᠷᠢᠯᠡᠯ ᠤᠨ ᠳᠠᠭᠠᠭᠠᠴᠠ ᠶᠢ ᠬᠢᠵᠠᠭᠠᠷᠯᠠᠬᠤ᠂ | ᠦᠢᠯᠡᠳᠪᠦᠷᠢᠯᠡᠯ ᠤᠨ ᠲᠥᠯᠥᠪᠯᠡᠭᠡ ᠪᠠᠨ ᠤᠷᠢᠳᠴᠢᠯᠠᠨ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠬᠢᠵᠦ ᠪᠣᠯᠬᠤ᠂ | ᠬᠢᠨᠠᠨ ᠬᠡᠮᠵᠢᠵᠦ ᠪᠣᠯᠬᠤ᠂ ᠬᠢᠨᠠᠨ ᠪᠠᠶᠢᠴᠠᠭᠠᠵᠤ ᠪᠣᠯᠬᠤ︾ ᠶᠢ ᠪᠡᠶᠡᠯᠡᠭᠦᠯᠬᠦ ᠬᠡᠷᠡᠭᠲᠡᠶ᠃ | ︵2︶ ᠳᠡᠰ ᠬᠤᠪᠢᠶᠠᠨ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ | ᠭᠤᠤᠯᠳᠠᠯᠭ᠎ᠠ ᠪᠣᠯᠬᠤ ᠠᠵᠢᠯ ᠲᠥᠷᠥᠯ ᠤᠨ ᠠᠵᠤ ᠠᠬᠤᠶᠢᠯᠠᠯ ᠳᠤ ᠲᠠᠰ ᠲᠥᠷᠥᠯ ᠬᠤᠪᠢᠶᠠᠨ ᠬᠠᠮᠢᠶᠠᠷᠤᠨ | ᠡᠵᠡᠮᠳᠡᠬᠦ ᠶᠢ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ A ᠲᠠᠰ ᠤᠨ | ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠳᠤ ᠵᠠᠷᠴᠢᠮ ᠳᠡᠭᠡᠷ᠎ᠡ ᠪᠠᠨ ᠦᠢᠯᠡᠳᠪᠦᠷᠢᠯᠡᠯ ᠢᠶᠠᠨ ᠵᠣᠭᠰᠣᠭᠠᠬᠤ ᠪᠤᠶᠤ | ᠦᠢᠯᠡᠳᠪᠦᠷᠢᠯᠡᠯ ᠢᠶᠠᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠠᠯᠪᠠᠳᠠᠯᠭ᠎ᠠ ᠪᠠᠷ ᠬᠡᠷᠡᠭᠵᠢᠭᠦᠯᠬᠦ ᠥᠬᠡᠶ︔ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ B ᠲᠠᠰ ᠤᠨ ᠪᠠᠷᠢᠮᠵᠢᠶ᠎ᠠ ᠳᠤ ᠬᠦᠷᠦᠭᠰᠡᠨ ᠠᠵᠤ | ᠠᠬᠤᠶᠢᠯᠠᠯ ᠳᠤ ᠦᠢᠯᠡᠳᠪᠦᠷᠢᠯᠡᠯ ᠢᠶᠠᠨ ᠵᠣᠭᠰᠣᠭᠠᠬᠤ ᠪᠤᠶᠤ ᠦᠢᠯᠡᠳᠪᠦᠷᠢᠯᠡᠯ ᠢᠶᠠᠨ ᠬᠢᠵᠠᠭᠠᠷᠯᠠᠬᠤ ᠠᠷᠭ᠎ᠠ ᠬᠡᠮᠵᠢᠶ᠎ᠡ | ᠠᠪᠬᠤ ᠶᠢ ᠪᠠᠭᠠᠰᠬᠠᠨ᠎ᠠ︔ ᠪᠣᠬᠢᠷᠲᠤᠯ ᠢ ᠵᠠᠰᠠᠬᠤ ᠬᠢᠷᠢ ᠬᠡᠮᠵᠢᠶ᠎ᠡ ᠪᠠᠷ ᠳᠣᠤᠷ᠎ᠠ ᠠᠵᠤ ᠦᠢᠯᠡᠳᠪᠦᠷᠢ ᠶᠢᠨ ᠠᠵᠤ | ᠠᠬᠤᠶᠢᠯᠠᠯ ᠳᠤ ᠦᠢᠯᠡᠳᠪᠦᠷᠢᠯᠡᠯ ᠢᠶᠠᠨ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ | ᠬᠡᠮᠵᠢᠶ᠎ᠡ ᠶᠢᠨ ᠡᠷᠴᠢᠮ ᠢ ᠴᠢᠩᠭᠠᠷᠠᠭᠤᠯᠵᠤ᠂ ᠴᠢᠳᠠᠪᠤᠷᠢ ᠲᠠᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ | ᠠᠭᠤᠷ ᠡᠭᠦᠰᠬᠦ ᠦᠶ᠎ᠡ ᠳᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠠᠪᠬᠤ ᠶᠢ ᠵᠣᠷᠢᠭᠵᠢᠭᠤᠯᠤᠨ᠎ᠠ᠃ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ | ᠬᠤᠯᠪᠣᠭᠳᠠᠭᠰᠠᠨ ᠠᠵᠤ ᠠᠬᠤᠶᠢᠯᠠᠯ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ | ᠬᠤᠲᠠ ᠶᠢᠨ ᠠᠵᠢᠯᠯᠠᠭᠠᠨ ᠤ ᠪᠠᠲᠤᠯᠠᠭ᠎ᠠ ᠶᠢᠨ ᠲᠡᠷᠭᠡ ᠬᠥᠰᠬᠡ ᠶᠢ ᠪᠠᠲᠤᠯᠠᠭ᠎ᠠ ᠶᠢᠨ ᠲᠥᠷᠥᠯ ᠤᠨ ᠨᠠᠷᠢᠨ | ᠳᠠᠩᠰᠠᠨ ᠳᠤ ᠣᠷᠣᠭᠤᠯᠤᠨ ᠪᠠᠲᠤᠯᠠᠭ᠎ᠠ ᠬᠠᠩᠭᠠᠵᠤ᠂ ︽ᠨᠢᠭᠡ ᠯᠡ ᠠᠳᠠᠯᠢ ᠪᠠᠷ ᠱᠠᠭᠠᠷᠳᠠᠬᠤ︾ ᠶᠢ ᠰᠡᠷᠭᠡᠶᠢᠯᠡᠨ | ᠬᠤᠷᠢᠭᠯᠠᠨ᠎ᠠ᠃ ᠵᠠᠷᠴᠢᠮ ᠳᠡᠭᠡᠷ᠎ᠡ ᠪᠠᠨ ᠴᠠᠬᠢᠯᠭᠠᠨ ᠤ ᠦᠢᠯᠡᠳᠪᠦᠷᠢ᠂ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ | ᠭᠦᠸᠧᠯᠦ ᠶᠢᠨ ᠭᠡᠷ᠂ ᠬᠡᠢ ᠳᠤ ᠬᠤᠯᠪᠣᠭᠳᠠᠬᠤ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ ᠦᠢᠯᠡᠳᠪᠦᠷᠢᠯᠡᠯ ᠢ ᠨᠢ | ᠵᠣᠭᠰᠣᠭᠠᠬᠤ ᠠᠷᠭ᠎ᠠ ᠬᠡᠮᠵᠢᠶ᠎ᠡ ᠠᠪᠬᠤ ᠦᠭᠡᠶ᠃ | ︵3︶ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢᠨ | ᠬᠡᠷᠡᠭᠵᠢᠭᠦᠯᠬᠦ ᠲᠥᠰᠥᠯ ᠢ ᠨᠠᠷᠢᠯᠢᠭᠵᠢᠭᠤᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠳᠠᠩᠰᠠᠨ ᠳᠤ ᠣᠷᠣᠭᠤᠯᠤᠭᠰᠠᠨ | ᠠᠵᠤ ᠠᠬᠤᠶᠢᠯᠠᠯ ᠢ ᠵᠢᠯᠣᠭᠤᠳᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢᠨ ᠪᠠᠴᠢᠮ ᠪᠠᠶᠢᠳᠠᠯ ᠢ | ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ | ᠲᠥᠰᠦᠯ ᠳᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠭᠤᠤᠯ ᠪᠣᠯᠬᠤ ᠦᠢᠯᠡᠳᠪᠦᠷᠢᠯᠡᠯ ᠤᠨ ᠤᠷ᠎ᠠ | ᠮᠡᠷᠭᠡᠵᠢᠯ ᠤᠨ ᠴᠤᠪᠤᠷᠠᠯ᠂ ᠭᠤᠤᠯ ᠪᠣᠯᠬᠤ ᠬᠡᠢ ᠳᠤ ᠬᠤᠯᠪᠣᠭᠳᠠᠬᠤ ᠦᠢᠯᠡᠳᠪᠦᠷᠢᠯᠡᠯ ᠤᠨ ᠪᠣᠬᠢᠷᠲᠤᠯ | ᠭᠠᠳᠠᠭᠰᠢᠯᠠᠭᠤᠯᠬᠤ ᠭᠤᠭᠴᠤᠭ᠎ᠠ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠭᠤᠭᠴᠤᠭ᠎ᠠ ᠵᠢᠴᠢ ᠪᠣᠬᠢᠷᠲᠤᠯ | ᠪᠣᠳᠠᠰ ᠭᠠᠳᠠᠭᠰᠢᠯᠠᠭᠤᠯᠬᠤ ᠪᠠᠶᠢᠳᠠᠯ ︵ᠬᠦᠨᠳᠦ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠵᠢᠴᠢ ᠵᠠᠮ | ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ︶ ᠢ ᠪᠠᠭᠲᠠᠭᠠᠬᠤ ᠶᠢᠨ ᠬᠠᠮᠲᠤ ᠠᠳᠠᠯᠢ ᠪᠤᠰᠤ ᠲᠠᠰ ᠤᠨ | ᠤᠷᠢᠳᠴᠢᠯᠠᠨ ᠰᠡᠷᠡᠮᠵᠢᠯᠡᠭᠦᠯᠬᠦ ᠳᠣᠤᠷᠠᠬᠢ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠲᠣᠳᠣᠷᠬᠠᠶ ᠪᠢᠴᠢᠵᠦ᠂ ᠪᠣᠳᠠᠲᠠᠶ ᠵᠣᠭᠰᠣᠭᠠᠬᠤ ︵ᠬᠢᠵᠠᠭᠠᠷᠯᠠᠬᠤ︶ | ᠦᠢᠯᠡᠳᠪᠦᠷᠢᠯᠡᠯ ᠤᠨ ᠱᠣᠭᠤᠮ ᠤᠷᠠᠨ ᠳᠠᠷᠬ᠎ᠠ ᠶᠢᠨ ᠭᠤᠭᠴᠤᠭ᠎ᠠ ᠶᠢ ᠲᠣᠳᠣᠷᠬᠠᠶᠢᠯᠠᠨ᠎ᠠ᠃ ᠣᠨᠴᠠᠭᠠᠢ ᠴᠠᠭ | ᠦᠶ᠎ᠡ ᠳᠤ ᠪᠣᠬᠢᠷᠳᠦᠯ ᠡᠳ᠋ ᠢ ᠭᠠᠳ᠋ᠬᠠᠰᠢᠯᠠᠭᠤᠯᠬᠤ ᠶᠢ ᠴᠠᠭᠠᠵᠠᠯᠠᠬᠤ ᠪᠤᠶᠤ ᠬᠢᠵᠠᠭᠠᠷᠯᠠᠬᠤ ᠱᠠᠭᠠᠷᠳᠠᠯᠭ᠎ᠠ ᠶᠢ ᠪᠣᠬᠢᠷᠳᠦᠯ | ᠡᠳ᠋ ᠢ ᠭᠠᠳ᠋ᠬᠠᠰᠢᠯᠠᠭᠤᠯᠬᠤ ᠵᠦᠪᠰᠢᠶᠡᠷᠡᠯ ᠤᠨ ᠦᠨᠡᠮᠯᠠᠯ ᠳᠤ ᠬᠠᠦᠯᠢ ᠶᠣᠰᠣᠭᠠᠷ ᠣᠷᠣᠭᠤᠯᠥᠨ᠎ᠠ᠃ | ︵4︶ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠵᠤ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠨ᠎ᠠ᠃ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠳᠡᠭᠡᠨ᠂ ᠡᠯ᠎ᠡ ᠭᠡᠰᠢᠭᠦᠨ ᠨᠢᠭᠡᠴᠢ ᠨᠦᠭᠦᠳ ᠲᠤᠰ | ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠲᠤᠰ ᠰᠠᠯᠠᠭ᠎ᠠ ᠮᠥᠴᠢᠷ ᠤᠨ ᠢᠶᠠᠨ ᠪᠠᠴᠢᠮ ᠪᠠᠶᠢᠳᠠᠯ ᠢ | ᠠᠷᠭᠠᠴᠠᠭᠠᠬᠤ ᠶᠢ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ | ᠡᠭᠦᠨ ᠤ ᠬᠠᠮᠲᠤ ᠳᠡᠭᠡᠳᠦ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠤᠨ | ᠲᠣᠮᠢᠯᠠᠭᠰᠠᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠠᠢ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠭᠠᠬᠤ ᠶᠢ | ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ | ᠬᠡᠷᠡᠭᠲᠡᠶ᠃ ᠣᠷᠣᠨ ᠪᠦᠰᠡ ᠶᠢᠨ ᠴᠢᠨᠠᠷᠲᠠᠶ ᠪᠣᠬᠢᠷᠲᠤᠯ ᠲᠠᠢ ᠴᠠᠭ ᠠᠭᠤᠷ ᠡᠭᠦᠰᠬᠦ ᠦᠶ᠎ᠡ ᠳᠤ᠂ ᠪᠠᠴᠢᠮ ᠪᠠᠶᠢᠳᠠᠯ ᠢ | ᠠᠷᠭᠠᠴᠠᠭᠠᠬᠤ ᠶᠢ ᠴᠤᠤᠷᠢᠶᠠᠳᠣᠨ ᠲᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ | ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠬᠡᠷᠡᠭᠯᠡᠨ᠂ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠬᠠᠤᠯᠢ ᠬᠡᠷᠡᠭᠵᠢᠭᠦᠯᠬᠦ ᠳᠤ ᠬᠢᠨᠠᠯᠲᠠ | ᠲᠠᠯᠪᠢᠬᠤ ᠵᠡᠷᠭᠡ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠥᠨᠳᠥᠷ ᠥᠷᠲᠡᠭ ᠲᠠᠢ ᠪᠠᠶᠢᠨ ᠳᠠᠬᠢᠨ ᠡᠭᠦᠰᠬᠦ | ᠭᠤᠤᠯᠳᠠᠯᠭ᠎ᠠ ᠪᠣᠯᠬᠤ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠮᠲᠤᠷᠠᠨ ᠬᠠᠤᠯᠢ ᠬᠡᠷᠡᠭᠵᠢᠭᠦᠯᠬᠦ᠂ | ᠰᠣᠯᠪᠢᠴᠠᠨ ᠬᠠᠤᠯᠢ ᠬᠡᠷᠡᠭᠵᠢᠭᠦᠯᠬᠦ ᠪᠠ ᠦᠢᠯᠡᠳᠪᠦᠷᠢ ᠳᠤ ᠰᠠᠭᠤᠵᠤ ᠬᠢᠨᠠᠯᠲᠠ ᠲᠠᠯᠪᠢᠬᠤ ᠶᠢ ᠥᠷᠨᠢᠭᠦᠯᠵᠦ᠂ ᠣᠷᠣᠨ | ᠪᠦᠰᠡ ᠶᠢᠨ ᠪᠣᠬᠢᠷᠲᠤᠯ ᠢ ᠵᠠᠰᠠᠬᠤ ᠶᠢ ᠬᠠᠮᠵᠢᠯᠴᠠᠭᠤᠯᠬᠤ᠂ ᠠᠷᠭᠠᠴᠠᠭᠠᠨ ᠵᠣᠬᠢᠴᠠᠭᠤᠯᠬᠤ᠂ ᠬᠠᠮᠢᠶᠠᠷᠤᠨ ᠡᠵᠡᠮᠳᠡᠬᠦ ᠶᠢ | ᠬᠠᠮᠵᠢᠯᠴᠠᠬᠤ ᠶᠢ ᠦᠨᠡᠨ ᠬᠦ ᠠᠬᠢᠭᠤᠯᠤᠨ᠎ᠠ᠃ ᠣᠨᠴᠠᠭᠠᠢ ᠴᠠᠭ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠲᠠ ᠶᠢᠨ ᠬᠢᠨ ᠪᠠᠴᠢᠮ ᠪᠠᠶᠢᠳᠠᠯ ᠢ ᠠᠷᠭᠠᠴᠠᠭᠠᠬᠤ ᠶᠢᠨ ᠬᠤᠯᠪᠣᠭᠠᠯᠠᠨ ᠬᠥᠳᠡᠯᠦᠯᠴᠡᠬᠦ ᠱᠠᠭᠠᠷᠳᠠᠯᠭ᠎ᠠ | ᠳᠤᠷᠠᠳᠤᠭᠰᠠᠨ ᠦᠶ᠎ᠡ ᠳᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠯᠪᠠᠨ | ᠬᠡᠷ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠵᠣᠬᠢᠴᠠᠩᠭᠤᠶ ᠪᠠᠴᠢᠮ ᠪᠠᠶᠢᠳᠠᠯ ᠢ | ᠠᠷᠭᠠᠴᠠᠭᠠᠬᠤ ᠠᠷᠭ᠎ᠠ ᠬᠡᠮᠵᠢᠶ᠎ᠡ ᠦᠷᠨᠢᠭᠦᠯᠦᠨ᠎ᠡ᠃ | 2. ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ | 2.1 Ⅲ ᠳ᠋ᠤᠭᠠᠷ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠠᠷᠭ᠎ᠠ | ᠬᠡᠮᠵᠢᠶ᠎ᠡ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠳᠠᠷᠦ᠋ᠢᠬᠠᠨ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠠᠵᠤ ᠠᠬᠤᠶᠢᠯᠠᠯ ᠢ ᠵᠣᠬᠢᠴᠠᠩᠭᠤᠶ ᠲᠠᠰ ᠢ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠠᠪᠬᠤ ᠶᠢ | ᠵᠣᠬᠢᠶᠠᠨ ᠪᠠᠶᠢᠭᠤᠯᠤᠨ᠎ᠠ᠃ ᠡᠭᠦᠨ ᠳᠤ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠪᠠᠭᠲᠠᠬᠤ ᠪᠣᠯᠪᠠᠴᠤ | ᠬᠢᠵᠠᠭᠠᠷᠯᠠᠭᠳᠠᠬᠤ ᠦᠭᠡᠢ᠄ | ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ | ① ᠤᠬᠠᠭᠤᠯᠬᠤ ᠰᠠᠯᠠᠭ᠎ᠠ ᠮᠥᠴᠢᠷ ᠠᠴᠠ ᠲᠧᠯᠸᠢᠰ ᠬᠤᠷᠢᠶ᠎ᠠ᠂ ᠴᠠᠬᠢᠯᠭᠠᠨ ᠬᠤᠯᠪᠣᠭᠠᠨ ᠤ | ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠶᠢ ᠰᠢᠮᠳᠠᠭᠤᠯᠤᠨ ᠵᠢᠯᠣᠭᠤᠳᠴᠤ ᠵᠣᠬᠢᠴᠠᠭᠤᠯᠵᠤ ᠪᠠᠶᠢᠭᠠᠳ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠣᠨ ᠲᠠᠭᠠᠬᠤ ᠣᠷᠣᠨ | ᠪᠦᠰᠡ ᠳᠤ ᠳᠣᠤᠷᠠᠬᠢ ᠮᠡᠲᠦ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠰᠠᠨᠠᠭᠤᠯᠤᠮᠵᠢ ᠨᠡᠶᠢᠲᠡᠯᠡᠬᠦ ᠶᠢ ᠬᠠᠷᠢᠭᠤᠴᠠᠨ᠎ᠠ᠄ | ᠬᠡᠦᠬᠡᠳ᠂ ᠨᠠᠰᠤᠲᠠᠶᠢᠴᠤᠳ ᠪᠠ ᠵᠢᠷᠦᠬᠡ ᠲᠠᠷᠢᠬᠢᠨ ᠤ ᠴᠢᠰᠤᠨ ᠰᠤᠳᠠᠯ᠂ ᠠᠮᠢᠰᠬᠤᠯ ᠤᠨ ᠰᠢᠰᠲ᠋ᠧᠮ ᠵᠡᠷᠭᠡ | ᠡᠪᠡᠳᠴᠢᠨ ᠳᠤ ᠨᠡᠷᠪᠡᠭᠳᠡᠬᠦ ᠠᠮᠠᠷᠬᠠᠨ ᠬᠠᠯᠳᠠᠪᠤᠷᠢᠯᠠᠭᠳᠠᠬᠤ ᠬᠥᠮᠦᠰ ᠠᠯᠢ ᠴᠢᠳᠠᠬᠤ ᠪᠠᠷ ᠭᠡᠷ ᠳᠣᠲᠣᠷ᠎ᠠ ᠪᠠᠶᠢᠵᠤ᠂ | ᠭᠡᠷ ᠤᠨ ᠭᠠᠳᠠᠨᠠᠬᠢ ᠬᠥᠳᠡᠯᠭᠡᠭᠡᠨ ᠠᠴᠠ ᠵᠠᠶᠢᠯᠠᠰᠬᠢᠨ᠎ᠡ︔ ᠡᠩ ᠤᠨ ᠬᠥᠮᠦᠰ ᠭᠡᠷ ᠤᠨ ᠭᠠᠳᠠᠨᠠᠬᠢ ᠠᠵᠢᠯᠯᠠᠭ᠎ᠠ ᠪᠠ | ᠠᠵᠢᠯᠯᠠᠬᠤ ᠴᠠᠭ ᠢ ᠪᠠᠭᠠᠰᠬᠠᠬᠤ ᠪᠤᠶᠤ ᠲᠡᠭᠦᠨ ᠠᠴᠠ ᠵᠠᠶᠢᠯᠠᠰᠬᠢᠵᠦ᠂ ᠦᠨᠡᠬᠡᠷ ᠵᠠᠶᠢᠯᠠᠭᠤᠯᠵᠤ ᠪᠣᠯᠤᠰᠢ ᠦᠭᠡᠢ ᠪᠣᠯ | ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠨ᠎ᠠ᠃ | ② ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠠᠴᠠ ᠰᠤᠷᠤᠭᠴᠢᠳ ᠤᠨ ᠰᠤᠷᠭᠠᠭᠤᠯᠢ ᠳᠤ ᠣᠷᠣᠬᠤ | ᠵᠠᠮ ᠳᠤ ᠪᠠᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠭᠡᠷ ᠤᠨ ᠭᠠᠳᠠᠨᠠᠬᠢ ᠬᠥᠳᠡᠯᠭᠡᠭᠡᠨ ᠢ | ᠪᠠᠭᠠᠰᠬᠠᠬᠤ ᠶᠢ ᠵᠢᠯᠤᠭᠤᠳᠤᠨ᠎ᠠ︔ ᠪᠡᠶ᠎ᠡ ᠶᠢᠨ ᠲᠠᠮᠢᠷ ᠤᠨ ᠬᠢᠴᠢᠶᠡᠯ᠂ ᠬᠢᠴᠢᠶᠡᠯ ᠤᠨ ᠵᠠᠪᠰᠠᠷᠯᠠᠭ᠎ᠠ ᠶᠢᠨ ᠪᠡᠶ᠎ᠡ ᠶᠢᠨ | ᠲᠠᠮᠢᠷ ᠪᠠ ᠭᠡᠷ ᠤᠨ ᠭᠠᠳᠠᠨᠠᠬᠢ ᠪᠤᠰᠤᠳ ᠬᠥᠳᠡᠯᠭᠡᠭᠡᠨ ᠢ ᠵᠣᠭᠰᠣᠭᠠᠨ᠎ᠠ︔ ᠬᠢᠴᠢᠶᠡᠯ ᠵᠣᠭᠰᠣᠬᠤ ᠬᠤᠭᠤᠴᠠᠭᠠᠨ ᠳᠤ | ᠰᠤᠷᠭᠠᠭᠤᠯᠢ ᠨᠢ ᠭᠡᠷ ᠪᠦᠯᠢ ᠶᠢᠨ ᠳᠠᠰᠬᠠᠯ ᠬᠢᠬᠦ᠂ ᠰᠦᠯᠵᠢᠶᠡᠨ ᠤ ᠵᠢᠭᠠᠨ ᠰᠤᠷᠭᠠᠯᠲᠠ ᠶᠢ ᠪᠠᠶᠢᠷᠢᠯᠠᠭᠤᠯᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠤᠨ ᠭᠡᠷ ᠲᠡᠭᠡᠨ ᠰᠤᠷᠤᠯᠴᠠᠬᠤ ᠡᠭᠦᠷᠭᠡ ᠶᠢ ᠰᠠᠶᠢᠲᠤᠷ | ᠲᠣᠬᠢᠷᠠᠭᠤᠯᠤᠨ᠎ᠠ᠃ | ③ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠡᠮᠴᠢᠯᠡᠭᠡᠨ ᠤ ᠪᠠᠶᠢᠭᠤᠯᠤᠮᠵᠢ ᠶᠢᠨ | ᠳᠣᠲᠣᠷ ᠰᠠᠯᠠᠭ᠎ᠠ᠂ ᠠᠮᠢᠰᠬᠤᠯ ᠤᠨ ᠰᠠᠯᠠᠭ᠎ᠠ᠂ ᠲᠦᠷᠭᠡᠨ ᠡᠮᠴᠢᠯᠡᠭᠡ ᠶᠢ ᠨᠡᠮᠡᠨ ᠲᠣᠬᠢᠷᠠᠭᠤᠯᠬᠤ ᠶᠢ ᠬᠢᠨᠠᠨ | ᠵᠢᠯᠣᠭᠤᠳᠴᠤ᠂ ᠡᠮᠴᠢ ᠰᠤᠪᠢᠯᠠᠭᠴᠢ ᠶᠢᠨ ᠬᠦᠴᠦᠨ ᠢ ᠨᠢᠭᠡᠳᠦᠯᠲᠡᠶ ᠲᠥᠯᠥᠪᠯᠡᠨ ᠨᠡᠮᠡᠭᠳᠡᠭᠦᠯᠦᠨ᠎ᠡ᠃ | ︵2︶ ᠰᠠᠨᠠᠭᠠᠴᠢᠯᠠᠭ᠎ᠠ ᠶᠢᠨ ᠴᠢᠨᠠᠷᠲᠠᠢ ᠪᠣᠬᠢᠷᠳᠣᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠷᠭ᠎ᠠ ᠬᠡᠮᠵᠢᠶ᠎ᠡ | ① ᠨᠢᠭᠡᠴᠢ ᠪᠠ ᠣᠯᠠᠨ ᠨᠡᠶᠢᠲᠡ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠠᠭᠤᠯᠤᠭᠰᠠᠨ ᠰᠢᠷ᠂ ᠪᠣᠳᠤᠭ | ᠂ ᠠᠭᠤᠰᠬᠠᠭᠴᠢ ᠵᠡᠷᠭᠡ ᠲᠦᠭᠦᠬᠡᠶ ᠮᠠᠲ᠋ᠧᠷᠢᠶᠠᠯ ᠵᠢᠴᠢ ᠦᠢᠯᠡᠳᠬᠦᠨ ᠬᠡᠷᠡᠭᠯᠡᠬᠦ ᠶᠢ ᠠᠯᠢ ᠴᠢᠳᠠᠬᠤ ᠪᠠᠷ ᠪᠠᠭᠠᠰᠬᠠᠨ᠎ᠠ᠃ | ② ᠣᠯᠠᠨ ᠢ ᠨᠡᠶᠢᠲᠡ ᠶᠢᠨ ᠮᠠᠰᠢᠨ ᠲᠡᠷᠭᠡ ᠪᠤᠶᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠳᠤ | ᠰᠠᠭᠤᠵᠤ ᠭᠠᠳᠠᠭᠰᠢ ᠭᠠᠷᠬᠤ ᠶᠢ ᠵᠣᠷᠢᠭᠵᠢᠭᠤᠯᠤᠨ᠎ᠠ᠃ | ③ ᠲᠡᠷᠭᠡ ᠪᠠᠨ ᠴᠠᠭ ᠲᠤᠬᠠᠶ ᠳᠤᠨᠢ ᠤᠨᠲᠠᠷᠠᠭᠠᠵᠤ᠂ ᠲᠡᠷᠭᠡ ᠬᠥᠰᠬᠡ ᠶᠢᠨ ᠤᠭ ᠣᠷᠣᠨ ᠳᠠᠭᠠᠨ | ᠬᠤᠶᠢᠷᠭᠤᠰᠢᠬᠤ ᠶᠢ ᠪᠠᠭᠠᠰᠬᠠᠨ᠎ᠠ᠃ | ︵3︶ ᠪᠣᠬᠢᠷᠳᠣᠯ ᠢ ᠠᠯᠪᠠᠳᠠᠨ ᠪᠠᠭᠠᠰᠬᠠᠬᠤ ᠠᠷᠭ᠎ᠠ ᠬᠡᠮᠵᠢᠶ᠎ᠡ | ① ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠷᠭ᠎ᠠ ᠬᠡᠮᠵᠢᠶ᠎ᠡ᠃ ᠠᠵᠤ ᠦᠢᠯᠡᠳᠪᠦᠷᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠳᠠᠩᠰᠠ ᠶᠢᠨ ᠶᠣᠰᠣᠭᠠᠷ᠂ | ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠢ ᠠᠬᠤᠶ ᠣᠷᠴᠢᠨ | ᠲᠣᠭᠤᠷᠢᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ︽ᠨᠢᠭᠡ | ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢᠨ ᠪᠠᠴᠢᠮ ᠪᠠᠶᠢᠳᠠᠯ ᠢ ᠠᠷᠭᠠᠴᠠᠭᠠᠬᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ | ᠳᠠᠭᠠᠭᠠᠴᠠ ᠶᠢ ᠪᠠᠭᠤᠷᠠᠭᠤᠯᠬᠤ᠂ ᠦᠢᠯᠡᠳᠪᠦᠷᠢᠯᠡᠯ ᠢ ᠵᠣᠭᠰᠣᠭᠠᠬᠤ᠂ ᠪᠣᠬᠢᠷᠲᠤᠯ ᠢ ᠵᠠᠰᠠᠬᠤ ᠶᠢ ᠴᠢᠩᠭᠠᠳᠬᠠᠬᠤ᠂ | ᠶᠡᠭᠡ ᠬᠡᠮᠵᠢᠶᠡᠨ ᠤ ᠪᠣᠳᠠᠰ ᠤᠨ ᠤᠷᠬᠢᠯ ᠢ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠠᠭᠠᠷ ᠮᠠᠨᠳᠠᠯ ᠤᠨ | ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢᠨ ᠬᠠᠮᠲᠤ ᠭᠤᠣᠯᠳᠠᠯᠭ᠎ᠠ ᠪᠣᠯᠬᠤ ᠠᠭᠠᠷ | ᠮᠠᠨᠳᠠᠯ ᠤᠨ ᠪᠣᠬᠢᠷᠲᠤᠯ ᠤᠨ ᠡᠬᠢ ᠰᠤᠷᠪᠤᠯᠵᠢ ᠶᠢᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠤᠳᠠᠭ᠎ᠠ ᠶᠢ ᠨᠡᠮᠡᠭᠳᠡᠭᠦᠯᠬᠦ ᠬᠡᠷᠡᠭᠲᠡᠢ᠃ ᠪᠠᠲᠤᠯᠠᠭ᠎ᠠ ᠶᠢᠨ ᠲᠥᠷᠥᠯ ᠤᠨ ᠠᠵᠤ ᠠᠬᠤᠶᠢᠯᠠᠯ ᠨᠢ ᠠᠷᠠᠳ ᠤᠨ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ︽ᠢᠯᠴᠢ ᠪᠠᠷ ᠭᠠᠷᠤᠯᠲᠠ ᠪᠠᠨ ᠲᠣᠭᠲᠠᠭᠠᠬᠤ︾ ᠪᠤᠶᠤ | ︽ᠬᠡᠮᠵᠢᠶ᠎ᠡ ᠪᠠᠷ ᠭᠠᠷᠤᠯᠲᠠ ᠪᠠᠨ ᠲᠣᠭᠲᠠᠭᠠᠬᠤ︾ ᠬᠡᠷᠡᠭᠲᠡᠶ᠃ ᠪᠣᠯᠣᠳ ᠲᠡᠮᠦᠷ᠂ ᠢᠯᠴᠢ ᠶᠢᠨ ᠴᠠᠬᠢᠯᠭᠠᠨ᠂ | ᠬᠠᠶᠢᠯᠤᠰᠢ ᠪᠣᠯᠪᠠᠰᠤᠷᠠᠭᠤᠯᠬᠤ᠂ ᠲᠣᠨᠤᠭ ᠲᠥᠬᠦᠭᠡᠷᠦᠮᠵᠢ ᠦᠢᠯᠡᠳᠬᠦ᠂ ᠠᠵᠤ ᠦᠢᠯᠡᠳᠪᠦᠷᠢ ᠶᠢᠨ ᠰᠢᠷᠳᠡᠵᠦ | ᠪᠣᠭᠤᠬᠤ᠂ ᠴᠢᠯᠠᠭᠤᠨ ᠲᠣᠰᠣ ᠬᠢᠮᠢ᠂ ᠴᠢᠳᠬᠤᠨ ᠦᠢᠯᠡᠳᠬᠦ ᠵᠡᠷᠭᠡ ᠠᠵᠤ ᠠᠬᠤᠶᠢᠯᠠᠯ ᠢ ᠬᠠᠮᠢᠶᠠᠷᠤᠨ ᠡᠵᠡᠮᠳᠡᠬᠦ ᠶᠢ | ᠲᠣᠪᠤᠶᠢᠯᠭᠠᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠠᠶᠠᠭᠳᠠᠮᠠᠯ ᠬᠡᠢ ᠶᠢ ᠵᠠᠰᠠᠬᠤ ᠪᠡᠯᠡᠳᠬᠡᠮᠵᠢ ᠶᠢᠨ | ᠠᠵᠢᠯᠯᠠᠭᠠᠨ ᠢ ᠴᠢᠩᠭᠠᠷᠠᠭᠤᠯᠵᠤ᠂ ᠣᠷᠭᠠᠨᠢᠭ ᠠᠭᠤᠰᠬᠠᠭᠴᠢ ᠡᠳ᠋ ᠤᠨ ᠬᠡᠷᠡᠭᠯᠡᠯᠲᠡ ᠶᠢ ᠪᠠᠭᠠᠰᠬᠠᠨ᠂ ᠨᠥᠬᠦᠴᠡᠯ ᠲᠠᠢ | ᠠᠵᠤ ᠠᠬᠤᠶᠢᠯᠠᠯ ᠨᠢ ᠭᠡᠷᠡᠯ ᠬᠢᠮᠢ ᠶᠢᠨ ᠤᠷᠪᠠᠯ ᠤᠨ ᠵᠠᠩᠭᠢᠯᠠᠭ᠎ᠠ ᠶᠢᠨ ᠴᠠᠭ ᠦᠶ᠎ᠡ ︵8 — 18 ᠴᠠᠭ︶ ᠳᠤ | ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠦᠢᠯᠡᠳᠪᠦᠷᠢᠯᠡᠬᠦ ᠶᠢ ᠲᠣᠬᠢᠷᠠᠭᠤᠯᠬᠤ ᠪᠤᠶᠤ ᠦᠢᠯᠡᠳᠪᠦᠷᠢᠯᠡᠯ ᠢ ᠲᠦᠷ | ᠵᠣᠭᠰᠣᠭᠠᠨ᠎ᠠ᠃ ᠭᠤᠣᠯ ᠪᠣᠯᠬᠤ ᠠᠭᠠᠷ ᠮᠠᠨᠳᠠᠯ ᠤᠨ ᠪᠣᠬᠢᠷᠳᠠᠯ ᠤᠨ ᠡᠬᠢ ᠰᠤᠷᠪᠤᠯᠵᠢ ᠳᠤ ᠬᠠᠤᠯᠢ ᠬᠡᠷᠡᠭᠵᠢᠭᠦᠯᠦᠨ | ᠪᠠᠶᠢᠴᠠᠭᠠᠯᠲᠠ ᠬᠢᠬᠦ ᠤᠳᠠᠭ᠎ᠠ ᠪᠠᠨ ᠨᠡᠮᠡᠭᠳᠡᠭᠦᠯᠦᠨ᠎ᠡ᠃ | ② ᠲᠣᠭᠤᠰᠣ ᠳᠡᠭᠳᠡᠬᠦ ᠡᠬᠢ ᠰᠤᠷᠪᠤᠯᠵᠢ ᠶᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ᠃ ᠠᠭᠤᠷᠬᠠᠶ᠂ ᠬᠠᠶᠢᠷ ᠴᠢᠯᠠᠭᠤᠨ ᠮᠠᠲ᠋ᠧᠷᠢᠶᠠᠯ ᠤᠨ ᠦᠢᠯᠡᠳᠪᠦᠷᠢ᠂ ᠴᠢᠯᠠᠭᠤᠨ ᠬᠠᠪᠲᠠᠰᠤ ᠶᠢᠨ | ᠦᠢᠯᠡᠳᠪᠦᠷᠢ ᠵᠡᠷᠭᠡ ᠨᠢ ᠵᠠᠳᠠᠭᠠᠶ ᠠᠵᠢᠯ ᠢᠶᠠᠨ ᠵᠣᠭᠰᠣᠭᠠᠵᠤ᠂ ᠪᠠᠷᠢᠯᠭ᠎ᠠ ᠶᠢᠨ ᠭᠠᠵᠠᠷ ᠨᠢ ᠰᠢᠷᠣᠶ ᠴᠢᠯᠠᠭᠤᠨ ᠤ | ᠠᠵᠢᠯ ᠢ ᠵᠣᠭᠰᠣᠭᠠᠬᠤ ︵ᠪᠠᠷᠢᠯᠭ᠎ᠠ ᠨᠤᠷᠠᠭᠠᠬᠤ᠂ ᠰᠢᠷᠣᠶ ᠴᠢᠯᠠᠭᠤ ᠶᠢ ᠮᠠᠯᠲᠠᠵᠤ ᠭᠠᠷᠭᠠᠬᠤ᠂ ᠡᠭᠡᠭᠦᠯᠦᠨ ᠪᠥᠭᠯᠡᠬᠦ᠂ | ᠲᠠᠯᠠᠪᠠᠶ ᠳᠤ ᠪᠤᠴᠠᠭᠠᠵᠤ ᠲᠡᠭᠡᠭᠡᠪᠦᠷᠢᠯᠡᠬᠦ᠂ ᠴᠣᠬᠤᠶ ᠬᠤᠯᠢᠬᠤ᠂ ᠪᠧᠲ᠋ᠣᠨᠣᠨ ᠮᠠᠯᠲᠠᠬᠤ ᠵᠡᠷᠭᠡ ᠠᠵᠢᠯ ᠢ ᠵᠣᠭᠰᠣᠭᠠᠵᠤ | ᠂ ᠪᠠᠷᠢᠯᠭ᠎ᠠ ᠶᠢᠨ ᠠᠵᠢᠯ ᠤᠨ ᠢᠵᠢ ᠪᠦᠷᠢᠳᠦᠭᠦᠯᠬᠦ ᠵᠠᠮ ᠪᠠ ᠬᠤᠭᠤᠯᠠᠶ ᠶᠢᠨ ᠭᠤᠤ ᠶᠢ ᠮᠠᠯᠲᠠᠵᠤ ᠭᠠᠷᠭᠠᠬᠤ ᠠᠵᠢᠯ ᠢ | ᠵᠣᠭᠰᠣᠭᠠᠬᠤ︶᠂ ᠪᠠᠷᠢᠯᠭ᠎ᠠ ᠶᠢᠨ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠪᠠ ᠬᠠᠶᠢᠷ ᠴᠢᠯᠠᠭᠤᠨ | ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠳᠤ ᠭᠠᠷᠭᠠᠨ ᠶᠠᠪᠤᠭᠤᠯᠬᠤ ᠶᠢ ᠴᠠᠭᠠᠵᠠᠯᠠᠵᠤ᠂ ᠰᠢᠷᠣᠶ ᠴᠢᠯᠠᠭᠤ ᠮᠠᠯᠲᠠᠬᠤ | ᠵᠡᠷᠭᠡ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠢᠶᠠᠷ ᠠᠵᠢᠯᠯᠠᠭᠤᠯᠬᠤ ᠶᠢ ᠵᠣᠭᠰᠣᠭᠠᠬᠤ ᠬᠡᠷᠡᠭᠲᠡᠶ᠃ | ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠳᠦᠷ ᠲᠤᠲᠤᠮ ᠤᠨ ᠵᠠᠮ ᠤᠨ ᠠᠷᠢᠭᠤᠨ ᠴᠡᠪᠡᠷ ᠢ | ᠬᠠᠮᠠᠭᠠᠯᠠᠬᠤ ᠳᠠᠪᠲᠠᠮᠵᠢ ᠤᠳᠠᠭ᠎ᠠ ᠶᠢᠨ ᠰᠠᠭᠤᠷᠢᠨ ᠳᠡᠭᠡᠷ᠎ᠡ᠂ ᠴᠡᠪᠡᠷᠯᠡᠨ ᠱᠦᠭᠦᠷᠳᠡᠬᠦ᠂ ᠤᠰᠤ ᠰᠦᠷᠴᠢᠬᠦ᠂ | ᠰᠦᠷᠴᠢᠬᠦ ᠵᠡᠷᠭᠡ ᠠᠵᠢᠯ ᠤᠨ ᠳᠠᠪᠲᠠᠮᠵᠢ ᠤᠳᠠᠭ᠎ᠠ ᠶᠢ ᠨᠡᠮᠡᠭᠳᠡᠭᠦᠯᠬᠦ ᠬᠡᠷᠡᠭᠲᠡᠶ ︵ᠬᠥᠯᠳᠡᠬᠦ ᠬᠤᠭᠤᠴᠠᠭᠠᠨ ᠳᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠵᠢᠭᠦᠯᠦᠨ᠎ᠡ︶᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ | ᠮᠥᠴᠢᠷ ᠤᠳ ᠵᠠᠮ ᠬᠠᠷᠢᠯᠴᠠᠭᠠᠨ ᠤ ᠪᠠᠷᠢᠯᠭ᠎ᠠ ᠶᠢᠨ ᠪᠠᠷᠢᠯᠭ᠎ᠠ ᠪᠠᠷᠢᠬᠤ ᠪᠠ ᠵᠠᠰᠠᠮᠠᠯ ᠵᠠᠮ ᠤᠨ ᠲᠡᠭᠡᠭᠡᠪᠦᠷᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠵᠠᠰᠠᠮᠠᠯ ᠵᠠᠮ ᠤᠨ | ᠲᠣᠭᠤᠰᠣ ᠳᠡᠭᠳᠡᠬᠦ ᠪᠣᠬᠢᠷᠲᠤᠯ ᠢ ᠰᠡᠷᠭᠡᠶᠢᠯᠡᠨ ᠵᠠᠰᠠᠬᠤ ᠬᠡᠷᠡᠭᠲᠡᠶ᠃ | ᠲᠣᠭᠲᠠᠭᠠᠭᠰᠠᠨ ᠭᠤᠤᠯᠳᠠᠯᠭ᠎ᠠ ᠪᠣᠯᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠷᠠᠳ ᠤᠨ | ᠠᠮᠢᠳᠤᠷᠠᠯ ᠤᠨ ᠢᠨᠵᠧᠨᠧᠷᠢᠩ᠂ ᠪᠠᠴᠢᠮ ᠪᠠᠶᠢᠳᠠᠯ ᠢ ᠠᠷᠭᠠᠴᠠᠭᠠᠵᠣ ᠠᠶᠤᠯ ᠠᠴᠠ ᠠᠪᠤᠷᠠᠨ ᠪᠠᠷᠢᠯᠭ᠎ᠠ ᠪᠠᠷᠢᠬᠤ ᠵᠡᠷᠭᠡ | ᠲᠠᠯ᠎ᠠ ᠪᠠᠷ ᠬᠡᠷᠡᠭᠴᠡᠭᠡ ᠪᠠᠨ ᠦᠨᠳᠦᠰᠦᠯᠡᠨ ᠦᠷᠭᠦᠯᠵᠢᠯᠡᠨ ᠠᠵᠢᠯᠯᠠᠵᠤ ᠪᠣᠯᠤᠨ᠎ᠠ᠂ ᠭᠡᠪᠡᠴᠦ ︽ᠵᠢᠷᠭᠤᠭᠠᠨ ᠵᠠᠭᠤᠨ ᠤ | ᠵᠠᠭᠤ ᠪᠠᠷ︾ ︵ᠪᠠᠷᠢᠯᠭ᠎ᠠ ᠶᠢᠨ ᠭᠠᠵᠠᠷ ᠤᠨ ᠡᠷᠬᠢᠨ ᠲᠣᠭᠤᠷᠢᠨ ᠢ 100% ᠪᠠᠷ ᠬᠦᠷᠢᠶᠡᠯᠡᠨ ᠬᠠᠰᠢᠬᠤ᠂ ᠡᠳ᠋ | ᠮᠠᠲ᠋ᠧᠷᠢᠶᠠᠯ ᠣᠪᠣᠭᠠᠯᠠᠨ ᠲᠠᠯᠪᠢᠬᠤ ᠶᠢ 100% ᠪᠠᠷ ᠪᠦᠷᠬᠦᠭᠦᠯᠬᠦ᠂ ᠣᠷᠣᠵᠤ ᠭᠠᠷᠬᠤ ᠲᠡᠷᠭᠡ ᠬᠥᠰᠬᠡ ᠶᠢ | 100% ᠪᠠᠷ ᠤᠬᠢᠶᠠᠬᠤ᠂ ᠪᠠᠷᠢᠯᠭ᠎ᠠ ᠪᠠᠷᠢᠬᠤ ᠲᠤᠬᠠᠶ ᠶᠢᠨ ᠲᠠᠯᠠᠪᠤᠷ ᠤᠨ ᠵᠠᠮ ᠢ 100% ᠪᠠᠷ ᠬᠠᠲᠠᠭᠤᠷᠠᠭᠤᠯᠬᠤ᠂ | ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠢ 100% ᠪᠠᠷ ᠴᠢᠭᠢᠭᠯᠢᠭ ᠠᠷᠭ᠎ᠠ ᠪᠠᠷ ᠠᠵᠢᠯᠯᠠᠬᠤ᠂ ᠬᠤᠭ | ᠰᠢᠷᠣᠶ ᠶᠢᠨ ᠲᠡᠷᠭᠡ ᠬᠥᠰᠬᠡ ᠶᠢ 100% ᠪᠠᠷ ᠨᠢᠭᠲᠠ ᠪᠢᠲᠡᠭᠦᠮᠵᠢᠯᠡᠨ ᠲᠡᠭᠡᠭᠡᠪᠦᠷᠢᠯᠡᠬᠦ︶ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠨᠢᠴᠦᠭᠦᠨ ᠲᠠᠯᠠᠪᠤᠷ ᠭᠠᠵᠠᠷ ᠢ ᠪᠦᠬᠦᠨ ᠢ ᠪᠦᠷᠬᠦᠵᠦ᠂ ᠤᠰᠤ ᠰᠦᠷᠴᠢᠨ | ᠲᠣᠭᠤᠰᠣ ᠳᠠᠷᠤᠬᠤ ᠤᠳᠠᠭ᠎ᠠ ᠶᠢ ᠨᠡᠮᠡᠭᠳᠡᠭᠦᠯᠬᠦ ᠬᠡᠷᠡᠭᠲᠡᠶ᠃ | ③ ᠰᠢᠯᠵᠢᠮᠡᠯ ᠬᠤᠯᠪᠤᠭᠠᠨ ᠤ ᠢᠷᠡᠯᠲᠡ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠃ ᠦᠢᠯᠡᠳᠪᠦᠷᠢ | ᠠᠭᠤᠷᠬᠠᠶ ᠶᠢᠨ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠢᠯᠭ᠎ᠠ ᠶᠢᠨ ᠭᠠᠵᠠᠷ᠂ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠨᠢᠰᠬᠡᠯ ᠤᠨ ᠪᠠᠭᠤᠳᠠᠯ᠂ ᠲᠡᠮᠦᠷ ᠵᠠᠮ ᠤᠨ ᠪᠠᠷᠠᠭᠠᠨ ᠤ | ᠲᠠᠯᠠᠪᠠᠢ ᠳᠣᠲᠣᠷ᠎ᠠ ᠤᠯᠤᠰ ᠤᠨ ᠬᠤᠶᠠᠳᠤᠭᠠᠷ ᠵᠢᠴᠢ ᠲᠡᠭᠦᠨ ᠠᠴᠠ ᠳᠣᠷᠣᠭᠰᠢᠬᠢ ᠵᠠᠮ ᠬᠠᠷᠢᠯᠴᠠᠭᠠᠨ ᠤ ᠪᠤᠰᠤ | ᠰᠢᠯᠵᠢᠮᠡᠯ ᠮᠠᠰᠢᠨ ᠲᠡᠷᠭᠡ ᠬᠡᠷᠡᠭᠯᠡᠬᠦ ᠶᠢ ᠴᠠᠭᠠᠵᠠᠯᠠᠨ᠎ᠠ︔ ᠵᠠᠷᠴᠢᠮ ᠳᠡᠭᠡᠷ᠎ᠡ ᠪᠠᠨ ᠬᠤᠲᠠ ᠶᠢᠨ ᠠᠵᠢᠯᠯᠠᠭᠠᠨ ᠤ | ᠪᠠᠲᠤᠯᠠᠭ᠎ᠠ ᠶᠢᠨ ᠲᠡᠷᠭᠡ ᠬᠥᠰᠬᠡ ᠪᠠ ᠡᠭᠦᠷᠭᠡ ᠭᠦᠢᠴᠡᠳᠬᠡᠬᠦ ᠣᠨᠴᠠ ᠲᠥᠷᠥᠯ ᠤᠨ ᠲᠡᠷᠭᠡ ᠬᠥᠰᠬᠡ ᠶᠢ ᠭᠠᠷᠭᠠᠪᠠᠯ᠂ | ᠤᠷᠢᠳᠴᠢᠯᠠᠨ ᠰᠡᠷᠡᠮᠵᠢᠯᠡᠭᠦᠯᠬᠦ ᠣᠷᠣᠨ ᠤ ᠳᠣᠲᠣᠷ᠎ᠠ ᠬᠦᠨᠳᠦ ᠬᠡᠯᠪᠡᠷᠢ ᠶᠢᠨ ᠪᠠ ᠳᠤᠮᠳᠠ ᠬᠡᠯᠪᠡᠷᠢ ᠶᠢᠨ ᠴᠠᠶᠢᠶ᠋ᠢᠦ | ᠲᠣᠰᠣᠨ ᠤ ᠪᠠᠷᠠᠭᠠᠨ ᠤ ᠲᠡᠷᠭᠡ ︵ᠰᠢᠲᠠᠮᠠᠬᠠᠶ ᠬᠡᠢ ᠪᠠᠭᠲᠠᠨ᠎ᠠ︶᠂ ᠭᠤᠷᠪᠠᠨ ᠬᠦᠷᠳᠦᠲᠦ ᠮᠠᠰᠢᠨ ᠲᠡᠷᠭᠡ᠂ ᠳᠣᠤᠷ᠎ᠠ | ᠬᠤᠷᠳᠤᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ ᠪᠠ ᠲᠷᠠᠺᠲ᠋ᠣᠷ ᠨᠡᠪᠲᠡᠷᠡᠬᠦ ᠶᠢ ᠴᠠᠭᠠᠵᠠᠯᠠᠨ᠎ᠠ︔ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ | ᠬᠦᠨᠳᠦ ᠪᠣᠬᠢᠷᠲᠤᠯ ᠲᠠᠢ ᠴᠠᠭ ᠠᠭᠤᠷ ᠢᠶᠠᠷ ᠶᠠᠪᠤᠬᠤ ᠶᠢ ᠬᠢᠵᠠᠭᠠᠷᠯᠠᠬᠤ ᠵᠠᠷᠯᠠᠯ ᠢ ᠡᠬᠢᠯᠡᠭᠦᠯᠵᠦ᠂ ᠬᠦᠨᠳᠦ ᠬᠡᠯᠪᠡᠷᠢ᠂ | ᠳᠤᠮᠳᠠ ᠬᠡᠯᠪᠡᠷᠢ ᠶᠢᠨ ᠪᠠᠷᠠᠭᠠᠨ ᠤ ᠲᠡᠷᠭᠡ ᠵᠢᠴᠢ ᠪᠠᠷᠢᠯᠭ᠎ᠠ ᠶᠢᠨ ᠲᠡᠷᠭᠡ ᠵᠡᠷᠭᠡ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠭᠡᠵᠦ᠂ ᠬᠢᠯᠢ ᠪᠠᠷ ᠥᠩᠭᠡᠷᠡᠬᠦ ᠲᠡᠷᠭᠡ ᠬᠥᠰᠬᠡ ᠶᠢ ᠬᠥᠲᠥᠯᠥᠨ | ᠵᠢᠯᠣᠭᠤᠳᠴᠤ ᠪᠠᠶᠢᠭᠠᠳ ᠭᠤᠣᠯ ᠬᠤᠲᠠ ᠶᠢᠨ ᠲᠣᠭᠤᠷᠢᠭ ᠲᠤ ᠶᠠᠪᠤᠭᠤᠯᠬᠤ ᠶᠢ ᠵᠠᠶᠢᠯᠠᠭᠤᠯᠤᠨ᠎ᠠ᠃ | ④ ᠪᠤᠰᠤᠳ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ ᠵᠠᠳᠠᠭᠠᠢ ᠰᠢᠲᠠᠭᠠᠬᠤ᠂ | ᠢᠳᠡᠭᠡᠨ ᠤᠮᠳᠠᠭᠠᠨ ᠤ ᠲᠣᠰᠣᠨ ᠣᠲᠤᠭ᠎ᠠ ᠶᠢ ᠬᠠᠮᠢᠶᠠᠷᠤᠨ ᠡᠵᠡᠮᠳᠡᠬᠦ᠂ ᠬᠤᠸᠠᠷ ᠫᠤᠤᠵᠢᠩ ᠲᠠᠯᠪᠢᠬᠤ ᠶᠢ | ᠴᠠᠭᠠᠵᠠᠯᠠᠬᠤ ᠵᠡᠷᠭᠡ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠤᠰᠤᠳ ᠠᠷᠭ᠎ᠠ ᠬᠡᠮᠵᠢᠶ᠎ᠡ ᠶᠢ ᠠᠪᠬᠤ | ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠲᠠᠷᠢᠮᠠᠯ ᠤᠨ ᠡᠰᠢ ᠰᠦᠷᠡᠯ ᠰᠢᠲᠠᠭᠠᠬᠤ ᠶᠢ | ᠴᠠᠭᠠᠵᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠬᠤᠲᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠮᠣᠳᠣᠨ ᠨᠠᠪᠴᠢ᠂ ᠬᠤᠭ ᠨᠣᠪᠰᠢ ᠶᠢ ᠵᠠᠳᠠᠭᠠᠶ ᠰᠢᠲᠠᠭᠠᠬᠤ ᠶᠢ ᠴᠠᠭᠠᠵᠠᠯᠠᠬᠤ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠤ ᠲᠣᠰᠣᠨ ᠣᠲᠤᠭ᠎ᠠ ᠰᠢᠢᠳᠪᠦᠷᠢᠯᠡᠬᠦ | ᠪᠡᠯᠡᠳᠬᠡᠮᠵᠢ ᠶᠢᠨ ᠬᠡᠪ ᠤᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠨ᠎ᠠ᠃ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠬᠡᠷᠡᠯ ᠬᠢᠮᠢ ᠶᠢᠨ ᠤᠷᠪᠠᠯ ᠤᠨ ᠵᠠᠩᠭᠢᠯᠠᠭ᠎ᠠ ᠶᠢᠨ ᠴᠠᠭ ︵8 — 18 | ᠴᠠᠭ︶ ᠲᠤ ᠭᠠᠳᠠᠷ ᠲᠠᠯ᠎ᠠ ᠶᠢᠨ ᠰᠦᠷᠴᠢᠨ ᠰᠢᠷᠳᠡᠬᠦ᠂ ᠵᠠᠮ ᠤᠨ ᠪᠠᠷᠤᠭᠰᠢᠨ ᠳᠡᠪᠢᠰᠬᠦ᠂ ᠬᠤᠲᠠ ᠶᠢᠨ ᠶᠠᠪᠤᠳᠠᠯ ᠤᠨ | ᠪᠡᠯᠡᠳᠬᠡᠮᠵᠢ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠲᠡᠮᠳᠡᠭ ᠵᠢᠷᠤᠭᠠᠰᠤ ᠰᠢᠷᠳᠡᠬᠦ ᠵᠡᠷᠭᠡ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ᠢ ᠭᠠᠳᠠᠭᠰᠢᠯᠠᠭᠤᠯᠬᠤ ᠠᠵᠢᠯ ᠥᠷᠨᠢᠭᠦᠯᠬᠦ ᠠᠴᠠ ᠵᠠᠶᠢᠯᠠᠰᠬᠢᠬᠦ ᠬᠡᠷᠡᠭᠲᠡᠶ᠃ ᠦᠨᠡᠨ ᠬᠦ ᠪᠠᠷᠢᠯᠭ᠎ᠠ | ᠪᠠᠷᠢᠬᠤ ᠴᠢᠬᠤᠯᠠᠲᠠᠶ ᠪᠣᠯ ᠨᠠᠷᠢᠯᠢᠭᠵᠢᠭᠤᠯᠤᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠤᠰᠤᠨ ᠤ ᠴᠢᠨᠠᠷᠲᠠᠶ ᠰᠢᠷ | ᠵᠡᠷᠭᠡ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠠᠭᠤᠯᠤᠭᠳᠠᠴᠠ ᠲᠠᠢ ᠰᠢᠷ ᠢ ᠬᠡᠷᠡᠭᠯᠡᠨ᠎ᠡ᠃ | 2.2 Ⅱ ᠳ᠋ᠤᠭᠠᠷ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠠᠷᠭ᠎ᠠ | ᠬᠡᠮᠵᠢᠶ᠎ᠡ | Ⅲ ᠳ᠋ᠤᠭᠠᠷ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ | ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠳᠣᠣᠷᠠᠬᠢ ᠮᠡᠲᠦ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠨᠡᠮᠡᠨ᠎ᠡ᠄ | ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ᠃ ᠰᠤᠷᠭᠠᠨ ᠬᠥᠮᠦᠵᠢᠯ ᠤᠨ ᠰᠠᠯᠠᠭ᠎ᠠ | ᠮᠥᠴᠢᠷ ᠤᠳ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠭᠡᠷ ᠤᠨ ᠭᠠᠳᠠᠨᠠᠬᠢ ᠬᠢᠴᠢᠶᠡᠯ ᠵᠢᠴᠢ ᠠᠵᠢᠯᠯᠠᠭ᠎ᠠ ᠶᠢ ᠨᠢ ᠵᠣᠭᠰᠣᠭᠠᠵᠤ᠂ ᠪᠡᠶ᠎ᠡ ᠶᠢᠨ | ᠲᠠᠮᠢᠷ ᠤᠨ ᠰᠢᠯᠭᠠᠯᠲᠠ ᠪᠣᠯᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠭᠡᠷ ᠤᠨ ᠭᠠᠳᠠᠨᠠᠬᠢ ᠠᠵᠢᠯᠯᠠᠭ᠎ᠠ ᠶᠢ | ᠬᠤᠶᠢᠰᠢᠯᠠᠭᠤᠯᠤᠨ ᠬᠢᠬᠦ ᠶᠢ ᠬᠠᠷᠢᠭᠤᠴᠠᠨ᠎ᠠ᠃ | ︵2︶ ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠳᠠᠯ ᠢ ᠪᠠᠭᠠᠰᠬᠠᠬᠤ ᠠᠷᠭ᠎ᠠ ᠬᠡᠮᠵᠢᠶ᠎ᠡ᠃ ᠠᠵᠤ | ᠦᠢᠯᠡᠳᠪᠦᠷᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠳᠠᠩᠰᠠ ᠶᠢᠨ ᠶᠣᠰᠣᠭᠠᠷ᠂ ᠠᠵᠤ ᠠᠬᠤᠶᠢᠯᠠᠯ ᠢ | ᠰᠢᠮᠳᠠᠭᠤᠯᠤᠨ ᠵᠢᠯᠣᠭᠤᠳᠴᠤ ᠪᠠᠶᠢᠭᠠᠳ ᠤᠯᠠᠪᠤᠷ ᠥᠩᠭᠡ ᠶᠢᠨ ᠰᠡᠷᠡᠮᠵᠢᠯᠡᠭᠦᠯᠬᠦ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠠᠵᠤ ᠠᠬᠤᠶᠢᠯᠠᠯ ᠢ | ᠰᠢᠮᠳᠠᠭᠤᠯᠤᠨ ᠵᠢᠯᠣᠭᠤᠳᠴᠤ ᠪᠠᠶᠢᠭᠠᠳ ᠴᠢᠨᠠᠷ ᠰᠠᠶᠢᠲᠠᠶ ᠨᠡᠭᠦᠷᠡᠰᠦ ᠬᠡᠷᠡᠭᠯᠡᠬᠦ ᠬᠠᠷᠢᠴᠠᠯ ᠢ ᠨᠡᠮᠡᠭᠳᠡᠭᠦᠯᠵᠦ᠂ | ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠱᠠᠲᠤ ᠬᠤᠪᠢᠶᠠᠨ ᠡᠭᠡᠯᠵᠢᠯᠡᠨ ᠴᠠᠬᠢᠯᠭᠠᠨ | ᠭᠠᠷᠭᠠᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ | ︵3︶ ᠲᠣᠭᠤᠰᠣ ᠳᠡᠭᠳᠡᠬᠦ ᠡᠬᠢ ᠰᠤᠷᠪᠤᠯᠵᠢ ᠶᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ᠃ ᠪᠠᠷᠢᠯᠭ᠎ᠠ ᠶᠢᠨ ᠭᠠᠵᠠᠷ ᠤᠨ ᠭᠡᠷ ᠤᠨ ᠭᠠᠳᠠᠨ᠎ᠠ ᠰᠦᠷᠴᠢᠨ ᠰᠢᠷᠳᠡᠬᠦ᠂ ᠨᠠᠯᠠᠤ ᠶᠢ ᠬᠠᠮᠠᠭᠠᠯᠠᠨ ᠡᠭᠡᠳᠡᠩ | ᠰᠦᠷᠴᠢᠬᠦ᠂ ᠬᠡᠷᠴᠢᠬᠦ᠂ ᠵᠠᠮ ᠪᠡᠯᠡᠳᠬᠡᠮᠵᠢ ᠶᠢᠨ ᠢᠯᠵᠢᠷᠡᠬᠦ ᠶᠢ ᠰᠡᠷᠭᠡᠶᠢᠯᠡᠬᠦ᠂ ᠵᠠᠮ ᠤᠨ ᠪᠠᠷᠤᠭᠰᠢᠨ ᠳᠡᠪᠢᠰᠬᠦ ᠵᠡᠷᠭᠡ | ᠪᠠᠷᠢᠯᠭ᠎ᠠ ᠶᠢᠨ ᠠᠵᠢᠯ ᠢ ᠵᠣᠭᠰᠣᠭᠠᠬᠤ ᠬᠡᠷᠡᠭᠲᠡᠶ᠃ ᠲᠣᠭᠤᠰᠣ ᠳᠡᠭᠳᠡᠬᠦ᠂ ᠤᠲᠤᠭ᠎ᠠ ᠲᠣᠭᠤᠰᠣ ᠵᠡᠷᠭᠡ ᠭᠤᠤᠯᠳᠠᠯᠭ᠎ᠠ | ᠪᠣᠯᠬᠤ ᠠᠵᠤ ᠠᠬᠤᠶᠢᠯᠠᠯ ᠤᠨ ᠨᠡᠭᠦᠷᠡᠰᠦ᠂ ᠬᠡᠦᠷᠡᠰᠦ᠂ ᠱᠠᠷᠤᠭ᠂ ᠬᠠᠶᠢᠷ ᠴᠢᠯᠠᠭᠤ ᠵᠡᠷᠭᠡ ᠣᠪᠣᠭᠠᠯᠠᠬᠤ ᠲᠠᠯᠠᠪᠠᠶ ᠶᠢ | ᠪᠦᠷᠬᠦᠭᠰᠡᠨ ᠪᠤᠶᠤ ᠲᠠᠰᠤᠷᠠᠯᠲᠠ ᠥᠬᠡᠶ ᠰᠦᠷᠴᠢᠨ ᠨᠣᠷᠭᠠᠭᠰᠠᠨ ᠵᠡᠷᠭᠡ ᠲᠣᠭᠤᠰᠣ ᠬᠤᠷᠢᠭᠯᠠᠬᠤ ᠠᠷᠭ᠎ᠠ ᠬᠡᠮᠵᠢᠶ᠎ᠡ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠶ᠃ ᠪᠠᠷᠢᠯᠭ᠎ᠠ ᠶᠢᠨ ᠭᠠᠵᠠᠷ ᠨᠢ | ᠮᠠᠲ᠋ᠧᠷᠢᠶᠠᠯ ᠤᠨ ᠣᠪᠣᠭ᠎ᠠ᠂ ᠰᠢᠷᠣᠶ ᠶᠢᠨ ᠣᠪᠣᠭ᠎ᠠ ᠳᠤ ᠤᠰᠤ ᠰᠦᠷᠴᠢᠬᠦ ᠪᠠ ᠰᠦᠷᠴᠢᠬᠦ ᠤᠳᠠᠭ᠎ᠠ ᠶᠢ | ᠳᠡᠭᠡᠭᠰᠢᠯᠡᠭᠦᠯᠬᠦ ᠪᠤᠶᠤ ᠪᠦᠷᠬᠦᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠪᠠᠷᠢᠯᠭ᠎ᠠ ᠶᠢᠨ ᠲᠤᠬᠠᠶ ᠶᠢᠨ ᠲᠠᠯᠠᠪᠠᠶ ᠪᠠ | ᠭᠤᠤᠯᠳᠠᠯᠭ᠎ᠠ ᠪᠣᠯᠬᠤ ᠠᠵᠤ ᠠᠬᠤᠶᠢᠯᠠᠯ ᠤᠨ ᠨᠡᠭᠦᠷᠡᠰᠦ᠂ ᠬᠡᠦᠷᠡᠰᠦ᠂ ᠱᠠᠷᠤᠭ᠂ ᠬᠠᠶᠢᠷ ᠴᠢᠯᠠᠭᠤ ᠵᠡᠷᠭᠡ | ᠦᠢᠯᠡᠳᠪᠦᠷᠢᠯᠡᠯ ᠡᠵᠡᠩᠨᠡᠯᠲᠡ ᠶᠢᠨ ᠲᠤᠬᠠᠶ ᠶᠢᠨ ᠲᠠᠯᠠᠪᠤᠷ ᠲᠤ ᠤᠰᠤ ᠰᠦᠷᠴᠢᠨ ᠤᠬᠢᠶᠠᠬᠤ ᠤᠳᠠᠭ᠎ᠠ ᠶᠢ ᠡᠳᠦᠷ | ᠪᠦᠷᠢ 4 ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠥᠬᠡᠶ︔ ᠬᠤᠲᠠ ᠶᠢᠨ ᠵᠠᠮ ᠳᠤ ᠤᠰᠤ ᠰᠦᠷᠴᠢᠨ | ᠤᠬᠢᠶᠠᠬᠤ ᠤᠳᠠᠭ᠎ᠠ ᠶᠢ ᠡᠳᠦᠷ ᠪᠦᠷᠢ 4 ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ ᠰᠥᠨᠢ ᠤᠰᠤ | ᠰᠦᠷᠴᠢᠨ ᠤᠬᠢᠶᠠᠬᠤ ᠠᠵᠢᠯ ᠢ ᠨᠡᠮᠡᠭᠳᠡᠭᠦᠯᠦᠨ᠎ᠡ᠃ | ︵4︶ ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠷᠭ᠎ᠠ ᠬᠡᠮᠵᠢᠶ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠲᠡᠭᠡᠭᠡᠪᠦᠷᠢ ᠶᠢᠨ ᠴᠢᠳᠠᠪᠤᠷᠢ ᠶᠢ ᠨᠡᠮᠡᠭᠳᠡᠭᠦᠯᠬᠦ ᠶᠢ ᠬᠠᠷᠢᠭᠤᠴᠠᠵᠤ᠂ ᠬᠤᠲᠠ ᠶᠢᠨ ᠠᠷᠠᠳ ᠤᠨ | ᠶᠠᠪᠤᠵᠤ ᠰᠠᠭᠤᠬᠤ ᠶᠢ ᠪᠠᠲᠤᠯᠠᠨ᠎ᠠ᠃ ᠠᠭᠤᠷᠬᠠᠶ᠂ ᠨᠡᠭᠦᠷᠡᠰᠦ ᠤᠬᠢᠶᠠᠬᠤ ᠦᠢᠯᠡᠳᠪᠦᠷᠢ᠂ ᠪᠠᠷᠠᠭᠠᠨ ᠤ ᠭᠦᠢᠯᠭᠡᠭᠡ | ᠵᠡᠷᠭᠡ ᠶᠡᠭᠡ ᠬᠡᠮᠵᠢᠶᠡᠨ ᠤ ᠲᠦᠭᠦᠬᠡᠶ ᠮᠠᠲ᠋ᠧᠷᠢᠶᠠᠯ ᠪᠠ ᠦᠢᠯᠡᠳᠬᠦᠨ ᠤ ᠲᠡᠭᠡᠭᠡᠪᠦᠷᠢ ︵ᠡᠳᠦᠷ ᠲᠤᠲᠤᠮ ᠤᠨ ᠲᠡᠷᠭᠡ | ᠬᠥᠰᠬᠡ ᠶᠢᠨ ᠣᠷᠣᠵᠤ ᠭᠠᠷᠬᠤ ᠬᠡᠮᠵᠢᠶ᠎ᠡ 10 ᠮᠠᠰᠢᠨ ᠠᠴᠠ ᠬᠡᠲᠦᠷᠡᠭᠰᠡᠨ︶ ᠶᠢᠨ ᠨᠢᠭᠡᠴᠢ ᠨᠦᠭᠦᠳ ᠤᠯᠤᠰ ᠤᠨ | ᠳᠥᠷᠪᠡᠨ ᠵᠢᠴᠢ ᠲᠡᠭᠦᠨ ᠠᠴᠠ ᠳᠣᠷᠣᠭᠰᠢᠬᠢ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ︵ᠰᠢᠲᠠᠮᠠᠬᠠᠶ ᠬᠡᠢ | ᠪᠠᠭᠲᠠᠨ᠎ᠠ︶ ᠪᠠᠷ ᠲᠡᠭᠡᠭᠡᠪᠦᠷᠢᠯᠡᠬᠦ ᠶᠢ ᠴᠠᠭᠠᠵᠠᠯᠠᠬᠤ ᠬᠡᠷᠡᠭᠲᠡᠶ ︵ᠣᠨᠴᠠ ᠲᠥᠷᠥᠯ ᠤᠨ ᠲᠡᠷᠭᠡ ᠬᠥᠰᠬᠡ᠂ ᠠᠶᠤᠯᠲᠠᠢ | ᠬᠢᠮᠢ ᠶᠢᠨ ᠪᠣᠳᠠᠰ ᠤᠨ ᠲᠡᠷᠭᠡ ᠬᠥᠰᠬᠡ ᠵᠡᠷᠭᠡ ᠪᠠᠭᠲᠠᠬᠤ ᠦᠭᠡᠢ︶ | 2.3 Ⅰ ᠳ᠋ᠦ᠋ᠭᠡᠷ ᠳᠡᠰ ᠤᠨ ᠪᠠᠴᠢᠮ ᠪᠠᠶᠢᠳᠡᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠠᠷᠭ᠎ᠠ | ᠭᠡᠮᠵᠢᠶ᠎ᠠ | Ⅱᠳ᠋ᠤᠭᠠᠷ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ | ᠰᠠᠭᠤᠷᠢᠨ ᠳᠡᠭᠡᠷ᠎ᠡ᠂ ᠳᠣᠤᠷᠠᠬᠢ ᠮᠡᠲᠦ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ | ᠴᠢᠨᠠᠷᠲᠠᠶ ᠠᠷᠭ᠎ᠠ ᠬᠡᠮᠵᠢᠶ᠎ᠡ ᠶᠢ ᠨᠡᠮᠡᠨ᠎ᠡ᠄ | ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ᠃ ᠨᠥᠬᠦᠴᠡᠯ ᠪᠦᠬᠦᠢ ᠬᠡᠦᠬᠡᠳ ᠤᠨ ᠴᠡᠴᠡᠷᠯᠢᠭ | ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠵᠣᠭᠰᠣᠬᠤ ᠶᠢ ᠵᠢᠯᠣᠭᠤᠳᠬᠤ ᠶᠢᠨ ᠬᠠᠮᠲᠤ ᠬᠢᠴᠢᠶᠡᠯ ᠵᠣᠭᠰᠣᠬᠤ | ᠬᠤᠭᠤᠴᠠᠭᠠᠨ ᠳᠠᠬᠢ ᠰᠤᠷᠤᠭᠴᠢᠳ ᠤᠨ ᠰᠤᠷᠤᠯᠭ᠎ᠠ ᠶᠢ ᠵᠦᠢ ᠵᠣᠬᠢᠰᠲᠠᠢ ᠲᠣᠬᠢᠷᠠᠭᠤᠯᠵᠤ᠂ ᠬᠢᠴᠢᠶᠡᠯ ᠵᠣᠭᠰᠤᠵᠤ | ᠰᠣᠷᠤᠯᠭ᠎ᠠ ᠵᠣᠭᠰᠣᠭᠠᠬᠤ ᠦᠭᠡᠢ ᠪᠠᠶᠢᠬᠤ ᠬᠡᠷᠡᠭᠲᠡᠢ᠃ | ︵2︶ ᠪᠣᠬᠢᠷᠳᠠᠯ ᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ᠃ | ① ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠷᠭ᠎ᠠ ᠬᠡᠮᠵᠢᠶ᠎ᠡ᠃ ᠠᠵᠤ ᠦᠢᠯᠡᠳᠪᠦᠷᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠳᠠᠩᠰᠠ ᠶᠢᠨ ᠶᠣᠰᠣᠭᠠᠷ᠂ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ᠃ ᠣᠨ ᠤ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ | ᠲᠥᠯᠥᠪᠯᠡᠭᠡ ᠳᠤ ᠵᠢᠭᠰᠠᠭᠠᠨ ᠣᠷᠣᠭᠤᠯᠤᠭᠰᠠᠨ ᠠᠭᠠᠷ ᠮᠠᠨᠳᠠᠯ ᠤᠨ ᠪᠣᠬᠢᠷ ᠪᠣᠳᠠᠰ ᠭᠠᠳᠠᠭᠰᠢᠯᠠᠭᠤᠯᠬᠤ ᠠᠵᠤ | ᠠᠬᠤᠶᠢᠯᠠᠯ ᠪᠦᠬᠦᠨ ᠢ ᠬᠠᠤᠯᠢ ᠶᠣᠰᠣᠭᠠᠷ ᠦᠢᠯᠡᠳᠪᠦᠷᠢᠯᠡᠬᠦ ᠪᠠᠨ ᠵᠣᠭᠰᠣᠭᠠᠬᠤ ᠬᠡᠷᠡᠭᠲᠡᠶ᠃ | ② ᠰᠢᠯᠵᠢᠮᠡᠯ ᠢᠷᠡᠯᠲᠡ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠃ ᠮᠠᠰᠢᠨᠲᠤ ᠲᠡᠷᠭᠡ ᠶᠢ | ᠬᠠᠮᠢᠶᠠᠷᠤᠨ ᠡᠵᠡᠮᠳᠡᠬᠦ ᠨᠡᠩ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ | 3. ᠮᠡᠳᠡᠭᠡ ᠵᠠᠩᠭᠢ ᠶᠢ ᠢᠯᠡ ᠪᠣᠯᠭᠠᠬᠤ | ︵1︶ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ | ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠳᠤ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ | ᠬᠢᠨᠠᠨ ᠬᠡᠮᠵᠢᠭᠰᠡᠨ ᠲᠤᠭ᠎ᠠ ᠪᠠᠷᠢᠮᠲᠠ᠂ ᠬᠦᠨᠳᠦ ᠪᠣᠬᠢᠷᠲᠤᠯ ᠲᠠᠢ ᠴᠠᠭ ᠠᠭᠤᠷ ᠢ ᠦᠷᠭᠦᠯᠵᠢᠯᠡᠭᠦᠯᠵᠦ ᠮᠡᠳᠡᠬᠦ ᠴᠠᠭ᠂ | ᠳᠠᠯᠳᠠ ᠬᠤᠤᠷ ᠬᠥᠨᠥᠭᠡᠯ ᠵᠢᠴᠢ ᠰᠡᠷᠭᠡᠶᠢᠯᠡᠬᠦ ᠰᠠᠨᠠᠭᠤᠯᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ | ᠠᠬᠢᠴᠠ ᠶᠢᠨ ᠪᠠᠶᠢᠳᠠᠯ ᠵᠡᠷᠭᠡ ᠶᠢ ᠪᠠᠭᠲᠠᠭᠠᠨ᠎ᠠ᠃ | ︵2︶ ᠮᠡᠳᠡᠭᠡ ᠵᠠᠩᠭᠢ ᠶᠢ ᠢᠯᠡ ᠪᠣᠯᠭᠠᠬᠤ ᠬᠡᠯᠪᠡᠷᠢ | ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠰᠢᠯᠵᠢᠮᠡᠯ ᠮᠡᠳᠡᠭᠡ ᠬᠤᠯᠪᠣᠭ᠎ᠠ | ᠵᠡᠷᠭᠡ ᠠᠷᠭ᠎ᠠ ᠵᠠᠮ ᠢᠶᠠᠷ ᠮᠡᠳᠡᠭᠡ ᠵᠠᠩᠭᠢ ᠨᠡᠶᠢᠲᠡᠯᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ | ᠪᠠᠶᠢᠳᠠᠯ ᠤᠨ ᠮᠡᠳᠡᠭᠡᠯᠡᠯ᠂ ᠲᠤᠰᠬᠠᠶ ᠮᠡᠷᠭᠡᠵᠢᠯᠲᠡᠨ ᠰᠤᠷᠪᠤᠯᠵᠢᠯᠠᠨ ᠶᠠᠷᠢᠯᠴᠠᠬᠤ ᠵᠡᠷᠭᠡ ᠬᠡᠯᠪᠡᠷᠢ ᠪᠠᠷ ᠨᠡᠶᠢᠭᠡᠮ ᠳᠤ | ᠨᠡᠶᠢᠲᠡᠯᠡᠨ᠎ᠡ᠃ | ︵3︶ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠶᠢ ᠵᠣᠭᠰᠣᠭᠠᠬᠤ | ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠶᠢ | ᠴᠤᠤᠷᠢᠶᠠᠳᠤᠨ ᠳᠠᠭᠠᠬᠤ ᠠᠵᠢᠯ ᠠᠶᠠᠨᠳᠠᠭᠠᠨ ᠳᠠᠭᠤᠰᠤᠨ᠎ᠠ᠃ | 4. ᠳ᠋ᠦᠩᠨᠡᠨ ᠦᠨᠡᠯᠡᠬᠦ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ | ᠦᠨᠡᠯᠡᠨ ᠵᠢᠱᠢᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠶᠢ 5 | ᠠᠵᠢᠯᠯᠠᠬᠤ ᠡᠳᠦᠷ ᠤᠨ ᠳᠣᠲᠣᠷ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ | ᠠᠷᠭᠠᠴᠠᠭᠠᠬᠤ ᠶᠢ ᠴᠤᠤᠷᠢᠶᠠᠳᠤᠨ ᠳᠠᠭᠠᠬᠤ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠲᠤᠭᠤᠷᠢᠭ ᠤᠨ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ | ᠮᠡᠳᠡᠭᠦᠯᠦᠨ ᠬᠦᠷᠭᠡᠬᠦ ᠬᠡᠷᠡᠭᠲᠡᠶ᠃ ᠦᠨᠡᠯᠡᠨ ᠵᠢᠱᠢᠭᠰᠡᠨ ᠮᠡᠳᠡᠭᠦᠯᠦᠯᠲᠡ ᠳᠤ ᠪᠠᠴᠢᠮ ᠪᠠᠶᠢᠳᠠᠯ ᠢ ᠠᠷᠭᠠᠴᠠᠭᠠᠬᠤ ᠶᠢ | ᠴᠤᠤᠷᠢᠶᠠᠳᠤᠨ ᠳᠠᠭᠠᠬᠤ ᠲᠠᠰ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠂ | ᠣᠷᠣᠰᠢᠵᠤ ᠪᠠᠶᠢᠭ᠎ᠠ ᠠᠰᠠᠭᠤᠳᠠᠯ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠶᠢ ᠪᠠᠭᠲᠠᠭᠠᠬᠤ ᠶᠢᠨ ᠬᠠᠮᠲᠤ | ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠶ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠠᠷᠤᠳᠠᠯ ᠤᠨ ᠪᠠᠳᠤᠯᠠᠭ᠎ᠠ | ᠵᠠᠰᠠᠭ ᠤᠨ ᠣᠷᠳᠣᠨ ᠠᠴᠠ ᠡᠳ᠋ ᠤᠨ ᠬᠦᠴᠦᠨ ᠤ ᠳᠠᠭᠠᠭᠠᠵᠤ ᠳᠡᠶᠢᠯᠬᠦ ᠬᠡᠪᠴᠢᠶᠡᠨ ᠳᠣᠲᠣᠷ᠎ᠠ᠂ ᠪᠡᠯᠡ | ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠬᠢᠨᠠᠨ | ᠰᠢᠨᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ | ᠲᠤᠰᠠᠯᠠᠬᠤ᠂ ᠬᠢᠨᠠᠯᠲᠠ ᠲᠠᠯᠪᠢᠨ ᠪᠠᠶᠢᠴᠠᠭᠠᠬᠤ ᠵᠢᠴᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ | ᠠᠵᠢᠯᠯᠠᠭᠠᠨ ᠪᠠ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠮᠡᠷᠭᠡᠵᠢᠯ ᠤᠨ ᠳᠡᠮᠵᠢᠯᠭᠡ ᠪᠠ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ ᠵᠡᠷᠭᠡ ᠡᠯ᠎ᠡ ᠵᠦᠢᠯ ᠤᠨ ᠠᠵᠢᠯ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ | ᠬᠡᠷᠡᠭᠲᠡᠶ᠃ | ︵ᠬᠤᠶᠠᠷ︶ ᠠᠮᠤᠷ ᠲᠦᠪᠰᠢᠨ ᠤ ᠪᠠᠲᠤᠯᠠᠭ᠎ᠠ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠦᠢᠯᠡᠳᠪᠦᠷᠢᠯᠡᠯ ᠢ ᠵᠣᠭᠰᠣᠭᠠᠬᠤ ︵ᠬᠢᠵᠠᠭᠠᠷᠯᠠᠬᠤ︶ ᠠᠷᠭ᠎ᠠ | ᠬᠡᠮᠵᠢᠶ᠎ᠡ ᠶᠢ ᠡᠬᠢᠯᠡᠭᠦᠯᠬᠦ ᠠᠴᠠ ᠡᠮᠦᠨ᠎ᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠮᠢ ᠠᠬᠤᠶ ᠣᠷᠴᠢᠨ | ᠲᠣᠭᠤᠷᠢᠨ ᠤ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠦᠢᠯᠡᠳᠪᠦᠷᠢᠯᠡᠯ ᠢᠶᠠᠨ | ᠵᠣᠭᠰᠣᠭᠠᠬᠤ ︵ᠬᠢᠵᠠᠭᠠᠷᠯᠠᠬᠤ︶ ᠠᠵᠤ ᠠᠬᠤᠶᠢᠯᠠᠯ ᠤᠨ ᠠᠮᠤᠷ ᠲᠦᠪᠰᠢᠨ ᠤ ᠲᠦᠭᠰᠢᠭᠦᠷᠢ ᠶᠢᠨ ᠵᠡᠷᠭᠡ ᠳᠡᠰ ᠢ | ᠬᠠᠤᠯᠢ ᠶᠣᠰᠣᠭᠠᠷ ᠲᠣᠭᠲᠠᠭᠠᠵᠤ᠂ ᠲᠦᠭᠰᠢᠭᠦᠷᠢ ᠪᠠᠷ ᠨᠡᠯᠢᠶᠡᠳ ᠶᠡᠭᠡ ᠠᠵᠤ ᠠᠬᠤᠶᠢᠯᠠᠯ ᠳᠤ ᠳᠠᠯᠳᠠ ᠬᠡᠮ ᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢᠯᠡᠯ ᠢᠶᠠᠨ | ᠵᠣᠭᠰᠣᠭᠠᠬᠤ ︵ᠬᠢᠵᠠᠭᠠᠷᠯᠠᠬᠤ︶ ᠬᠤᠭᠤᠴᠠᠭᠠᠨ ᠤ ᠠᠮᠤᠷ ᠲᠦᠪᠰᠢᠨ᠂ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠪᠠ ᠣᠷᠴᠢᠨ ᠲᠣᠭᠤᠷᠢᠨ ᠤ ᠪᠣᠬᠢᠷᠲᠤᠯ ᠤᠨ ᠬᠡᠷᠡᠭ | ᠭᠠᠷᠬᠤ ᠠᠴᠠ ᠵᠠᠶᠢᠯᠠᠰᠬᠢᠬᠦ ᠬᠡᠷᠡᠭᠲᠡᠶ᠃ | ︵ᠭᠤᠷᠪᠠ︶ ᠴᠢᠳᠠᠪᠤᠷᠢ ᠶᠢᠨ ᠪᠠᠲᠤᠯᠠᠭ᠎ᠠ | ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠬᠦᠴᠦᠨ ᠢ | ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠰᠢᠨᠵᠢᠬᠦ ᠪᠠᠭᠠᠵᠢ ᠲᠥᠬᠦᠭᠡᠷᠦᠮᠵᠢ᠂ | ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ ᠵᠠᠭᠪᠤᠷ ᠵᠡᠷᠭᠡ ᠵᠥᠭᠡᠯᠡᠨ ᠬᠠᠲᠠᠭᠤ ᠬᠡᠷᠡᠭᠰᠡᠯ ᠤᠨ ᠲᠣᠬᠢᠷᠠᠭᠤᠯᠤᠯᠲᠠ ᠶᠢ | ᠲᠡᠭᠦᠯᠳᠡᠷᠵᠢᠭᠦᠯᠦᠨ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ᠂ ᠴᠠᠭ ᠠᠭᠤᠷ ᠤᠨ ᠨᠥᠬᠦᠴᠡᠯ ᠢ | ᠲᠥᠰᠦᠭᠡᠯᠡᠬᠦ ᠵᠡᠷᠭᠡ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠰᠤᠳᠤᠯᠤᠯ ᠢ ᠴᠢᠩᠭᠠᠳᠬᠠᠨ᠎ᠠ᠃ | ︵ᠲᠦᠷᠪᠡ︶ ᠤᠯᠤᠯᠴᠠᠭᠠᠨ ᠤ ᠪᠠᠳᠤᠯᠠᠭ᠎ᠠ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ | ᠳᠦᠷᠢᠮ ᠢ ᠪᠠᠶᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ | ᠬᠠᠷᠢᠭᠤᠴᠠᠯᠭᠠᠲᠠᠨ ᠪᠣᠯᠤᠨ ᠬᠤᠯᠪᠣᠭᠠᠴᠢᠨ ᠢ ᠲᠣᠳᠣᠷᠬᠠᠶᠢᠯᠠᠵᠤ᠂ 24 ᠴᠠᠭ ᠤᠨ ᠴᠢᠮᠡᠭᠡ ᠬᠤᠯᠪᠣᠭᠠᠨ ᠤ ᠰᠠᠭᠠᠳ | ᠦᠭᠡᠶ ᠨᠡᠪᠲᠡᠷᠡᠬᠦ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢ ᠪᠣᠯᠤᠨ ᠵᠠᠷᠯᠢᠭ ᠢ ᠴᠠᠭ | ᠲᠤᠬᠠᠶ ᠳᠤᠨᠢ ᠪᠦᠲᠦᠮᠵᠢᠲᠡᠶ ᠳᠠᠮᠵᠢᠭᠤᠯᠬᠤ ᠶᠢ ᠪᠠᠲᠤᠯᠠᠬᠤ ᠬᠡᠷᠡᠭᠲᠡᠶ᠃ | ᠵᠢᠷᠭᠤᠭ᠎ᠠ᠂ ᠪᠡᠯᠡᠳᠬᠡᠯ ᠲᠥᠰᠦᠯ ᠤᠨ ᠬᠠᠮᠢᠶᠠᠷᠤᠯᠲᠠ | ︵ᠨᠢᠭᠡ︶ ᠪᠡᠯᠡᠳᠭᠡᠯ ᠲᠦᠰᠦᠯ ᠤᠨ ᠤᠬᠠᠭᠤᠯᠭ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮ ᠵᠠᠭᠤᠴᠢᠯᠠᠭᠤᠷ ᠵᠡᠷᠭᠡ ᠰᠣᠨᠢᠨ ᠮᠡᠳᠡᠭᠡᠨ ᠤ | ᠵᠠᠭᠤᠴᠢᠯᠠᠭᠤᠷ ᠵᠢᠴᠢ ᠮᠡᠳᠡᠭᠡ ᠵᠠᠩᠭᠢ ᠶᠢᠨ ᠰᠦᠯᠵᠢᠶ᠎ᠡ ᠶᠢ ᠭᠦᠢᠴᠡᠳ ᠠᠰᠢᠭᠯᠠᠨ᠂ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠡᠷᠡᠭᠦᠯ ᠮᠡᠨᠳᠦ ᠶᠢᠨ ᠬᠠᠮᠠᠭᠠᠯᠠᠯᠲᠠ ᠶᠢᠨ | ᠠᠷᠭ᠎ᠠ ᠬᠡᠮᠵᠢᠶ᠎ᠡ ᠵᠡᠷᠭᠡ ᠶᠢ ᠥᠷᠭᠡᠨ ᠢᠶᠠᠷ ᠤᠬᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠯᠪᠣᠭᠳᠠᠯ | ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠶᠠᠷᠢᠶ᠎ᠠ ᠬᠡᠯᠡᠯᠴᠡᠭᠡ ᠶᠢ ᠵᠥᠪ ᠢᠶᠠᠷ | ᠬᠥᠲᠥᠯᠥᠨ ᠵᠢᠯᠣᠭᠤᠳᠬᠤ ᠬᠡᠷᠡᠭᠲᠡᠶ᠃ | ︵ᠬᠤᠶᠠᠷ︶ ᠪᠣᠯᠪᠠᠰᠤᠷᠠᠯ ᠰᠣᠷᠢᠯᠲᠠ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ | ᠪᠣᠯᠪᠠᠰᠤᠷᠠᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ᠂ ᠪᠣᠯᠪᠠᠰᠤᠷᠠᠭᠤᠯᠬᠤ ᠲᠥᠯᠥᠪᠯᠡᠭᠡ | ᠲᠣᠭᠲᠠᠭᠠᠵᠤ᠂ ᠪᠣᠯᠪᠠᠰᠤᠷᠠᠯ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠶ᠃ 3 | ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠠᠳᠠᠭ ᠲᠠᠭᠠᠨ 1 ᠤᠳᠠᠭ᠎ᠠ ᠥᠷᠨᠢᠭᠦᠯᠵᠦ᠂ ᠬᠦᠨᠳᠦ | ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠠᠵᠢᠯ ᠤᠨ ᠴᠢᠭᠯᠡᠭᠦᠯᠦᠯᠲᠦ ᠴᠢᠨᠠᠷ ᠪᠠ ᠪᠦᠲᠦᠮᠵᠢᠲᠦ ᠴᠢᠨᠠᠷ ᠢ | ᠳᠡᠭᠡᠭᠰᠢᠯᠡᠭᠦᠯᠬᠦ ᠬᠡᠷᠡᠭᠲᠡᠶ᠃ | ︵ᠭᠤᠷᠪᠠ︶ ᠤᠷᠢᠳᠴᠢᠯᠠᠭᠰᠠᠨ ᠲᠥᠰᠦᠯ ᠤᠨ ᠳᠠᠩᠰᠠᠯᠠᠭᠤᠯᠤᠯᠲᠠ | ᠲᠣᠰ ᠪᠡᠯᠡᠳᠬᠡᠯ ᠲᠥᠰᠦᠯ ᠢ ᠨᠡᠶᠢᠭᠡᠮ ᠳᠤ ᠨᠡᠶᠢᠲᠡᠯᠡᠬᠦ ᠶᠢᠨ ᠬᠠᠮᠲᠤ ᠪᠤᠭᠤᠲᠤ ᠬᠤᠲᠠ ᠶᠢᠨ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ | ᠮᠡᠳᠡᠭᠦᠯᠦᠨ ᠳᠠᠩᠰᠠᠯᠠᠭᠤᠯᠤᠨ᠎ᠠ᠃ ᠡᠯ᠎ᠡ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ | ᠤᠯᠤᠰ ᠤᠨ ᠬᠠᠮᠢᠶ᠎ᠠ ᠪᠥᠬᠦᠶ ᠮᠡᠷᠭᠡᠵᠢᠯ ᠤᠨ ᠵᠢᠷᠤᠮᠵᠢᠯ ᠪᠠ ᠲᠣᠰ ᠪᠡᠯᠡᠳᠬᠡᠯ ᠲᠥᠰᠦᠯ ᠤᠨ ᠱᠠᠭᠠᠷᠳᠠᠯᠭ᠎ᠠ ᠶᠢ | ᠦᠨᠳᠦᠰᠦᠯᠡᠨ᠂ ᠲᠣᠰ ᠰᠠᠯᠠᠭ᠎ᠠ ᠮᠥᠴᠢᠷ ᠤᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ | ᠲᠤᠰᠬᠠᠶ ᠬᠡᠷᠡᠭᠵᠢᠭᠦᠯᠬᠦ ᠲᠥᠰᠦᠯ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠵᠤ᠂ ᠲᠥᠰᠦᠯ ᠳᠤ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠦᠨᠡᠨ ᠬᠦ ᠬᠡᠷᠡᠭᠵᠢᠭᠦᠯᠵᠦ ᠪᠣᠯᠬᠤ᠂ ᠰᠢᠨᠵᠢᠯᠡᠬᠦ ᠤᠬᠠᠭᠠᠨᠴᠢ ᠪᠥᠭᠡᠳ | ᠪᠦᠲᠦᠮᠵᠢᠲᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ | ᠳᠣᠯᠤᠭ᠎ᠠ᠂ ᠬᠠᠷᠢᠭᠤᠴᠠᠯᠭ᠎ᠠ ᠨᠡᠬᠡᠮᠵᠢᠯᠡᠬᠦ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ | ᠠᠵᠢᠯ ᠨᠢ ᠬᠦᠴᠦᠨ ᠦᠭᠡᠢ ᠪᠠᠶᠢᠪᠠᠯ᠂ ᠰᠠᠬᠢᠯᠭ᠎ᠠ ᠪᠠᠲᠤ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠬᠤᠭᠤᠴᠠᠭᠠᠨ ᠳᠤ ᠳᠠᠯᠳᠠᠭᠤᠷ ᠭᠠᠳᠠᠭᠰᠢᠯᠠᠭᠤᠯᠵᠤ | ᠬᠤᠯᠠᠭᠠᠶᠢᠯᠠᠭᠰᠠᠨ᠂ ᠣᠯᠠᠨᠲᠠ ᠪᠠᠶᠢᠴᠠᠭᠠᠭᠰᠠᠨ ᠪᠠ ᠪᠠᠶᠢᠴᠠᠭᠠᠵᠤ ᠭᠠᠷᠭᠠᠭᠰᠠᠨ ᠠᠵᠤ ᠠᠬᠤᠶᠢᠯᠠᠯ ᠢ ᠬᠠᠤᠯᠢ | ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠶᠢ ᠨᠢ ᠵᠣᠭᠰᠣᠭᠠᠵᠤ᠂ ᠬᠠᠤᠯᠢ ᠶᠣᠰᠣᠭᠠᠷ ᠰᠢᠢᠳᠬᠡᠨ | ᠲᠣᠷᠭᠠᠬᠤ ᠠᠴᠠ ᠭᠠᠳᠠᠨ᠎ᠠ᠂ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠦᠨ ᠤ ᠬᠠᠤᠯᠢ | ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠣᠷᠣᠰᠢᠵᠤ᠂ ᠪᠠᠴᠢᠮ ᠪᠠᠶᠢᠳᠠᠯ ᠢ ᠠᠷᠭᠠᠴᠠᠭᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠥᠬᠡᠶ ︵ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠭᠤᠴᠠᠯᠭ᠎ᠠ ᠠᠴᠠ ᠵᠠᠶᠢᠯᠠᠭᠰᠠᠨ ᠪᠠᠭᠲᠠᠨ᠎ᠠ︶ | ᠪᠤᠶᠤ ᠵᠣᠬᠢᠬᠤ ᠠᠮᠵᠢᠯᠲᠠ ᠪᠦᠲᠦᠮᠵᠢ ᠶᠢᠨ ᠲᠠᠰ ᠬᠤᠪᠢᠶᠠᠬᠤ ᠱᠠᠭᠠᠷᠳᠠᠯᠭ᠎ᠠ ᠳᠤ ᠥᠯᠥ ᠬᠦᠷᠦᠭᠰᠡᠨ ᠠᠮᠵᠢᠯᠲᠠ | ᠪᠦᠲᠦᠮᠵᠢ ᠶᠢᠨ ᠲᠠᠰ ᠬᠤᠪᠢᠶᠠᠭᠰᠠᠨ ᠠᠵᠤ ᠠᠬᠤᠶᠢᠯᠠᠯ ᠢ ᠬᠠᠮᠢᠶ᠎ᠠ ᠪᠥᠬᠦᠶ ᠲᠠᠰ ᠳᠠᠷᠠᠭᠠᠯᠠᠯ ᠤᠨ ᠶᠣᠰᠣᠭᠠᠷ ᠲᠠᠰ | ᠪᠠᠭᠤᠷᠠᠭᠤᠯᠤᠨ ᠰᠢᠢᠳᠪᠦᠷᠢᠯᠡᠨ᠎ᠡ᠃ | ᠨᠠᠢᠮᠠ᠂ ᠳᠠᠭᠠᠯᠳᠤᠭᠤᠯᠤᠯ ᠳᠦᠷᠢᠮ | ᠲᠣᠰ ᠪᠡᠯᠡᠳᠬᠡᠯ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ | ᠬᠤᠭᠤᠴᠠᠭ᠎ᠠ ᠨᠢ 5 ᠵᠢᠯ ᠪᠣᠯᠤᠨ᠎ᠠ᠃ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠳᠠᠷᠤᠮᠠᠯᠯᠠᠨ ᠲᠠᠷᠬᠠᠭᠠᠭᠰᠠᠨ ︽ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ᠪᠡᠯᠡᠳᠬᠡᠯ ᠲᠥᠰᠦᠯ︾ ︵ᠰᠢᠭᠤᠶᠢᠲᠤ ᠵᠠᠰᠠᠭ | ᠠᠯᠪᠠᠨ ᠬᠡᠷ ︵2020︶ 42 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | ᠳᠠᠭᠠᠯᠳᠤᠭᠤᠯᠤᠯ᠄ | 1. ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠬᠤ ᠭᠠᠵᠠᠷ ᠤᠨ ᠭᠡᠰᠢᠭᠦᠨ ᠤ ᠨᠡᠷᠡᠰ | 2. ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠬᠤ ᠭᠠᠵᠠᠷ ᠤᠨ ᠭᠡᠰᠢᠭᠦᠨ ᠨᠢᠭᠡᠴᠢ ᠵᠢᠴᠢ ᠡᠭᠦᠷᠭᠡ ᠬᠠᠷᠢᠭᠤᠴᠠᠯᠭ᠎ᠠ | 3. ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠭᠠᠬᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠴᠢᠮᠡᠭᠡ ᠬᠤᠯᠪᠣᠭᠠᠨ ᠤ ᠲᠡᠮᠳᠡᠭᠯᠡᠯ | 4. ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠤᠷᠢᠳᠴᠢᠯᠠᠭᠰᠠᠨ | ᠮᠡᠳᠡᠭᠡᠨ ᠤ ᠵᠥᠪᠳᠡᠯᠴᠡᠬᠦ ᠰᠠᠨᠠᠯ ᠤᠨ ᠬᠦᠰᠦᠨᠦᠭᠲᠦ | 5. ᠰᠢᠭᠤᠶᠢᠲᠦ ᠲᠤᠭᠤᠷᠢᠭ ᠤᠨ ᠬᠦᠨᠲᠦ ᠪᠤᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠭᠦ | ᠮᠡᠲᠡᠭᠡ ᠵᠠᠩᠬᠢ ᠶᠢ ᠨᠡᠶᠢᠲᠡᠯᠡᠬᠦ ︵ᠬᠦᠴᠦᠨ ᠦᠭᠡᠢ ᠪᠣᠯᠭᠠᠬᠤ︶ ᠬᠢᠨᠠᠨ ᠵᠥᠪᠰᠢᠶᠡᠷᠡᠬᠦ ᠬᠦᠰᠦᠨᠦᠭᠲᠦ | | ᠳᠠᠭᠠᠯᠳᠤᠭᠤᠯᠤᠯ 1 | ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠬᠤ ᠭᠠᠵᠠᠷ ᠤᠨ ᠭᠡᠰᠢᠭᠦᠨ ᠤ ᠨᠡᠷᠡᠰ | ᠶᠡᠷᠦᠩᠬᠡᠶ ᠵᠢᠯᠤᠭᠤᠳᠤᠭᠴᠢ᠄ ᠵᠠᠩ ᠰᠢᠶᠤᠤ ᠹᠸᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ | ᠳᠡᠳ᠋ ᠶᠡᠷᠦᠩᠬᠡᠶ ᠵᠢᠯᠣᠭᠤᠳᠣᠭᠴᠢ᠄ ᠶᠠᠨ ᠵᠢᠶᠠ ᠸᠧᠶ ᠲᠣᠭᠤᠷᠢᠭ ᠤᠨ ᠳᠡᠳ᠋ ᠳᠠᠷᠤᠭ᠎ᠠ | ᠭᠡᠰᠢᠭᠦᠨ᠄ ᠴᠧᠨ ᠶᠦᠩ ᠫᠢᠩ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠪᠤᠭᠤᠲᠤ ᠶᠢᠨ ᠰᠢᠭᠤᠶᠢᠲᠤ ᠠᠵᠤ ᠠᠬᠤᠶ ᠶᠢᠨ | ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠤᠨ | ᠨᠠᠮ ᠤᠨ ᠡᠭᠦᠷ ᠤᠨ ᠱᠦᠵᠢ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ | ᠵᠤᠤ ᠸᠧᠶ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠯᠢ ᠯᠢ ᠨᠠ ᠲᠤᠭᠤᠷᠢᠭ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ | ᠶᠠᠩ ᠲᠤᠤ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠴᠦ᠋ ᠰᠢᠶᠠᠩ ᠢᠦᠶ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠸᠧᠶ ᠪᠥᠸᠧ ᠰᠢᠭᠤᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠢ ᠪᠦᠦ ᠵᠥᠩ ᠳ᠋ᠠ ᠼᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠵᠠᠩ ᠫᠠᠨ ᠳ᠋ᠠ ᠹᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠯᠢ ᠪᠥᠸᠧ ᠪᠠᠶ ᠬᠤ᠋ ᠭᠸᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠵᠠᠩ ᠰᠢ ᠴᠢᠩ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠶᠦᠨ ᠴᠧᠩ ᠽᠧ ᠵᠢᠪᠬᠤᠯᠠᠩᠲᠤ ᠰᠤᠮᠤ ᠶᠢᠨ ᠳᠠᠷᠤᠭ᠎ᠠ | ᠴᠢ ᠰᠢᠶᠤᠤ ᠸᠧᠶ ᠪᠠᠳᠺᠠᠷ ᠵᠣᠣ ᠪᠠᠯᠭᠠᠰᠤᠨ ᠤ ᠳᠠᠷᠤᠭ᠎ᠠ | ᠰᠦᠨ ᠪᠥᠸᠧ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠵᠢᠶᠠ ᠯᠢ ᠮᠢᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ | ᠵᠧᠩ ᠯᠢ ᠮᠢᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶᠠᠨ ᠤ ᠳᠠᠷᠤᠭ᠎ᠠ | ᠶᠠᠩ ᠸᠧᠶ ᠬᠤᠸᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ | ᠳᠠᠷᠤᠭ᠎ᠠ | ᠰᠢᠶᠤᠤ ᠹᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠸᠠᠩ ᠯᠢ ᠮᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠯᠢ ᠰᠢᠨ ᠮᠢᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠶᠠᠩ ᠲᠥᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶᠠᠨ ᠤ | ᠳᠠᠷᠤᠭ᠎ᠠ | ᠰᠦᠩ ᠬᠠᠶ ᠵᠢᠶᠦ᠋ᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠰᠦᠨ ᠵᠢᠶᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠶᠠᠩ ᠵᠧᠨ ᠺᠦᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠵᠠᠩ ᠴᠢ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ | ᠰᠦᠨ ᠵᠢᠶᠠᠨ ᠭᠦᠸᠧ ᠲᠤᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ | ᠳᠠᠷᠤᠭ᠎ᠠ | ᠯᠢᠦᠶ ᠶᠠᠨ ᠨᠠ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ | ᠵᠧᠤ ᠵᠢᠶᠦ᠋ᠨ ᠰᠢᠭᠤᠶᠢᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠠᠵᠤ ᠠᠬᠤᠶᠢᠯᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠬᠢᠯᠡᠭᠴᠢ | ᠵᠢᠯᠣᠭᠤᠳᠬᠤ ᠭᠠᠵᠠᠷ ᠤᠨ ᠠᠯᠪᠠᠨ ᠬᠡᠷ ᠢ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ ᠳᠤ ᠪᠠᠶᠢᠷᠢᠯᠠᠭᠤᠯᠵᠤ᠂ ᠡᠷᠬᠢᠯᠡᠭᠴᠢ ᠶᠢᠨ ᠲᠤᠰᠢᠶᠠᠯ ᠢ ᠠᠮᠢ ᠠᠬᠤᠶ ᠣᠷᠴᠢᠨ ᠲᠣᠭᠤᠷᠢᠨ ᠢ | ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠬᠠᠪᠰᠤᠷᠭᠠᠨ ᠡᠭᠦᠷᠭᠡᠯᠡᠵᠦ᠂ ᠳᠡᠳ᠋ | ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ᠂ | ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠡᠭᠦᠷᠭᠡᠯᠡᠨ᠎ᠡ᠃ ᠪᠠᠴᠢᠮ | ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠵᠢᠯᠲᠠᠨ ᠬᠡᠷᠪᠡ ᠬᠤᠪᠢᠷᠠᠯᠲᠠ ᠭᠠᠷᠪᠠᠯ᠂ ᠭᠡᠰᠢᠭᠦᠨ ᠨᠢᠭᠡᠴᠢ | ᠶᠢᠨ ᠵᠣᠬᠢᠬᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯᠲᠠᠨ ᠥᠪᠡᠰᠦᠪᠡᠨ ᠨᠥᠬᠦᠪᠦᠷᠢᠯᠡᠵᠦ᠂ | ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠥᠪᠡᠰᠦᠪᠡᠨ ᠲᠣᠬᠢᠷᠠᠭᠤᠯᠤᠯᠲᠠ ᠬᠢᠵᠦ᠂ ᠠᠰ ᠲᠤᠨᠢ ᠪᠢᠴᠢᠭ | ᠮᠠᠲ᠋ᠧᠷᠢᠶᠠᠯ ᠶᠠᠪᠤᠭᠤᠯᠬᠤ ᠦᠭᠡᠢ᠃ | | ᠳᠠᠭᠠᠯᠳᠤᠭᠤᠯᠤᠯ2 | ᠰᠢᠭᠤᠶᠢᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠬᠤ ᠭᠠᠵᠠᠷ ᠤᠨ ᠭᠡᠰᠢᠭᠦᠨ ᠨᠢᠭᠡᠴᠢ ᠵᠢᠴᠢ ᠡᠭᠦᠷᠭᠡ ᠬᠠᠷᠢᠭᠤᠴᠠᠯᠭ᠎ᠠ | | | ᠳᠠᠭᠠᠯᠳᠤᠭᠤᠯᠤᠯ3 | | ᠳᠠᠭᠠᠯᠳᠤᠭᠤᠯᠤᠯ4 | | ᠳᠠᠭᠠᠯᠳᠤᠭᠤᠯᠤᠯ5 | | | | | | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠡᠭᠡ ᠶᠠᠪᠤᠳᠠᠯ ᠤᠨ | ᠲᠡᠮᠳᠡᠭᠯᠡᠯ | ︵2024 ᠣᠨ ᠤ 7 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ︶ | | 7 ᠳ᠋ᠤᠭᠠᠷ ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠡᠷᠦᠬᠡ ᠳᠤ ᠣᠷᠣᠬᠤ ᠠᠵᠢᠯᠯᠠᠭ᠎ᠠ ᠥᠷᠨᠢᠭᠦᠯᠪᠡ᠃ | 7 ᠳ᠋ᠤᠭᠠᠷ ᠰᠠᠷ᠎ᠠ ᠶᠢᠨ 6 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2024 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ᠃ | 7 ᠳ᠋ᠤᠭᠠᠷ ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ | ᠬᠤᠷᠢᠶᠠᠨ ᠤ ᠪᠠᠶᠢᠩᠭᠤ ᠶᠢᠨ ᠬᠤᠷᠢᠶᠠᠨ ᠤ 120 ᠳ᠋ᠤᠭᠠᠷ ᠤᠳᠠᠭ᠎ᠠ ᠶᠢᠨ ᠬᠤᠷᠠᠯ ᠵᠢᠴᠢ ᠲᠤᠭᠤᠷᠢᠭ ᠤᠨ ᠨᠠᠮ ᠤᠨ | ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ | ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | 7 ᠳ᠋ᠤᠭᠠᠷ ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠶ ᠯᠢᠶᠠᠨ ᠢᠦᠶ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ | ᠬᠤᠷᠢᠶᠠᠨ ᠤ ᠪᠠᠶᠢᠩᠭᠤ ᠶᠢᠨ ᠬᠤᠷᠢᠶᠠᠨ ᠤ 119 ᠳ᠋ᠦ᠋ᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠪᠥᠬᠦ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠲᠤᠰᠬᠠᠶ ᠰᠡᠳᠦᠪ ᠢᠶᠠᠷ ᠰᠤᠳᠤᠯᠤᠨ | ᠪᠠᠶᠢᠷᠢᠯᠠᠭᠤᠯᠪᠠ᠃ | 7 ᠳ᠋ᠤᠭᠠᠷ ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠤᠭᠤᠷᠢᠭ ᠤᠨ ᠳᠠᠷᠤᠭ᠎ᠠ ᠵᠠᠩ ᠰᠢᠶᠤᠤ ᠹᠸᠢ ᠪᠥᠬᠦ ᠲᠤᠭᠤᠷᠢᠭ ᠤᠨ ᠭᠤᠤᠯᠳᠠᠯᠭ᠎ᠠ ᠪᠣᠯᠬᠤ ᠡᠭᠦᠷᠭᠡ ᠶᠢ | ᠠᠬᠢᠭᠤᠯᠤᠭᠰᠠᠨ ᠪᠠᠶᠢᠳᠠᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠢᠪᠠ᠃ | 7 ᠳ᠋ᠤᠭᠠᠷ ᠰᠠᠷ᠎ᠠ ᠶᠢᠨ 12 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠤᠭᠤᠷᠢᠭ ᠤᠨ ᠳᠠᠷᠤᠭ᠎ᠠ ᠵᠠᠩ ᠰᠢᠶᠤᠤ ᠹᠸᠢ ᠭᠤᠤᠯᠳᠠᠯᠭ᠎ᠠ ᠪᠣᠯᠬᠤ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ | 7 ᠳ᠋ᠤᠭᠠᠷ ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠶ ᠯᠢᠶᠠᠨ | ᠢᠦᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 121 ᠳ᠋ᠦ᠋ᠭᠡᠷ ᠤᠳᠠᠭᠠᠨ ᠤ ︵ᠥᠷᠭᠡᠳᠬᠡᠭᠰᠡᠨ︶ | ᠬᠤᠷᠠᠯ ᠢ ᠡᠷᠭᠢᠯᠡᠨ ᠬᠤᠷᠠᠯᠳᠤᠭᠤᠯᠪᠠ᠃ | 7 ᠳ᠋ᠤᠭᠠᠷ ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠶ ᠯᠢᠶᠠᠨ | ᠢᠦᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 122 ᠳ᠋ᠤᠭᠠᠷ ᠤᠳᠠᠭᠠᠨ ᠤ ᠬᠤᠷᠠᠯ ᠵᠢᠴᠢ | ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠷᠠᠯ ᠢ ᠡᠷᠭᠢᠯᠡᠨ | ᠬᠤᠷᠠᠯᠳᠤᠭᠤᠯᠪᠠ᠃ | 7 ᠳ᠋ᠤᠭᠠᠷ ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2024 ᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 7 ᠳ᠋ᠤᠭᠠᠷ ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠪᠦᠯᠬᠦᠮ ᠳᠠᠭᠠᠭᠤᠯᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ | 8 ᠳ᠋ᠤᠭᠠᠷ ᠰᠠᠷ᠎ᠠ ᠶᠢᠨ 13 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠠᠶᠤᠯ ᠦᠭᠡᠢ ᠦᠢᠯᠡᠳᠪᠦᠷᠢᠯᠡᠯ ᠪᠣᠯᠤᠨ | ᠭᠤᠣᠯ ᠴᠠᠭᠳᠠᠬᠤ ᠦᠶᠡᠷ ᠢ ᠰᠡᠷᠭᠡᠶᠢᠯᠡᠬᠦ ᠪᠠᠶᠢᠴᠠᠭᠠᠯᠲᠠ ᠶᠢ ᠥᠷᠨᠢᠭᠦᠯᠦᠭᠰᠡᠨ ᠪᠥᠭᠡᠳ ᠵᠢᠪᠬᠤᠯᠠᠩᠲᠤ ᠰᠤᠮᠤᠨ ᠳᠤ | ᠬᠦᠷᠴᠦ ᠪᠠᠶᠢᠴᠠᠭᠠᠨ ᠰᠤᠳᠤᠯᠤᠯᠲᠠ ᠬᠢᠪᠡ᠃ | 8 ᠳ᠋ᠤᠭᠠᠷ ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠪᠥᠬᠦ ᠲᠣᠭᠤᠷᠢᠭ ᠤᠨ ᠴᠠᠬᠢᠯᠭᠠᠨ ᠬᠦᠴᠦᠨ ᠤ | ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ | ᠪᠥᠭᠡᠳ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ᠃ | 8 ᠳ᠋ᠤᠭᠠᠷ ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠴᠢᠩ ᠱᠠᠨ ᠲᠣᠰᠬᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠪᠠᠶᠢᠴᠠᠭᠠᠨ | ᠰᠤᠳᠤᠯᠤᠯᠲᠠ ᠬᠢᠪᠡ᠃ | 8 ᠳ᠋ᠤᠭᠠᠷ ᠰᠠᠷ᠎ᠠ ᠶᠢᠨ 23 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠪᠠ ᠠᠮᠢ ᠠᠬᠤᠶ ᠣᠷᠴᠢᠨ ᠨᠥᠬᠦᠴᠡᠯ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠳᠤ ᠲᠤᠰᠬᠠᠶ ᠰᠡᠳᠦᠪ ᠢᠶᠠᠷ ᠲᠣᠬᠢᠷᠠᠭᠤᠯᠤᠯᠲᠠ ᠬᠢᠪᠠ᠃ | 8 ᠳ᠋ᠤᠭᠠᠷ ᠰᠠᠷ᠎ᠠ ᠶᠢᠨ 26 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠶ ᠪᠠᠶᠢᠴᠠᠭᠠᠨ ᠦᠵᠡᠬᠦ ᠳᠤᠭᠤᠶᠢᠯᠠᠩ ᠢ ᠳᠠᠭᠠᠭᠤᠯᠤᠨ᠂ | ᠮᠢᠩ ᠶᠠᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ | ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠢ ᠬᠠᠮᠲᠤ ᠪᠠᠷ ᠪᠠᠶᠢᠴᠠᠭᠠᠨ ᠦᠵᠡᠪᠡ᠃ | 8 ᠳ᠋ᠤᠭᠠᠷ ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠬᠡᠷ ᠪᠠᠶᠢᠰᠢᠩ ᠲᠤᠰᠢᠶᠠᠬᠤ ᠠᠵᠢᠯ ᠪᠠ ᠠᠰᠠᠭᠤᠳᠠᠯ ᠲᠠᠢ ᠠᠰᠠᠷ ᠢ | ᠰᠢᠢᠳᠪᠦᠷᠢᠯᠡᠬᠦ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠪᠠ᠃ | 8 ᠳ᠋ᠤᠭᠠᠷ ᠰᠠᠷ᠎ᠠ ᠶᠢᠨ 28 ᠤ ᠡᠳᠦᠷ᠂ ᠰᠢᠭᠤᠶᠢᠲᠤ ᠲᠣᠭᠤᠷᠢᠭ ᠠᠷᠪᠠᠨ ᠳᠥᠷᠪᠡᠳᠦᠭᠡᠷ ᠬᠤᠭᠤᠴᠠᠭᠠᠨ ᠤ | ᠲᠤᠭᠤᠷᠢᠭ ᠤᠨ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | 8 ᠳ᠋ᠤᠭᠠᠷ ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 124 ᠳ᠋ᠤᠭᠡᠷ ᠤᠳᠠᠭ᠎ᠠ ᠶᠢᠨ ᠬᠤᠷᠠᠯ ᠵᠢᠴᠢ | ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2024 ᠣᠨ ᠤ 2 ᠳ᠋ᠤᠭᠠᠷ | ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | 9 ᠳ᠋ᠦ᠋ᠭᠡᠷ ᠰᠠᠷ᠎ᠠ ᠶᠢᠨ 13 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠰᠤᠷᠭᠠᠨ ᠬᠥᠮᠦᠵᠢᠯ ᠢ ᠬᠥᠭᠵᠢᠭᠦᠯᠦᠨ | ᠮᠠᠨᠳᠤᠭᠤᠯᠬᠤ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ᠃ | 9 ᠳ᠋ᠦ᠋ᠭᠡᠷ ᠰᠠᠷ᠎ᠠ ᠶᠢᠨ 14 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠳᠤᠭᠤᠶᠢᠯᠠᠩ ᠳᠠᠭᠠᠭᠤᠯᠤᠨ ᠠᠶᠤᠯ ᠦᠭᠡᠢ ᠦᠢᠯᠡᠳᠪᠦᠷᠢᠯᠡᠯ ᠪᠣᠯᠤᠨ | ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠪᠠ᠃ | 9 ᠳ᠋ᠦ᠋ᠭᠡᠷ ᠰᠠᠷ᠎ᠠ ᠶᠢᠨ 24 ᠤ ᠡᠳᠦᠷ᠂ ᠰᠢᠭᠤᠶᠢᠲᠤ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ︽ | ᠭᠠᠵᠠᠷ ᠰᠢᠷᠣᠶ ᠶᠢᠨ ᠬᠠᠩᠭᠠᠯᠭ᠎ᠠ ᠶᠢ ᠳᠡᠭᠡᠭᠰᠢᠯᠡᠭᠦᠯᠵᠦ ᠭᠠᠵᠠᠷ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ | ᠬᠦᠴᠦᠨ ᠢ ᠨᠡᠮᠡᠷᠢᠯᠡᠬᠦ︾ ᠲᠤᠰᠬᠠᠶ ᠰᠡᠳᠦᠪᠲᠦ ᠵᠥᠪᠯᠡᠬᠦ ᠠᠵᠢᠯ ᠤᠨ ᠰᠤᠷᠤᠯᠴᠠᠯᠭ᠎ᠠ ᠪᠣᠯᠪᠠᠰᠤᠷᠠᠯ ᠤᠨ ᠬᠤᠷᠠᠯ | ᠬᠤᠷᠠᠯᠳᠤᠭᠤᠯᠪᠠ᠃ | 9 ᠳ᠋ᠦ᠋ᠭᠡᠷ ᠰᠠᠷ᠎ᠠ ᠶᠢᠨ 25 ᠤ ᠡᠳᠦᠷ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ | ᠶᠣᠰᠣᠯᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠥᠪᠯᠡᠷᠡᠩᠭᠦᠶ ᠡᠭᠡᠯᠵᠢᠯᠡᠨ ᠪᠣᠯᠪᠠᠰᠤᠷᠠᠭᠤᠯᠬᠤ ᠠᠩᠭᠢ ᠶᠢᠨ | ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ | 9 ᠳ᠋ᠦ᠋ᠭᠡᠷ ᠰᠠᠷ᠎ᠠ ᠶᠢᠨ 27 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ | ᠭᠤᠣᠯ ᠳᠤᠭᠤᠶᠢᠯᠠᠩ 2024 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ | ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠣᠶᠢᠯᠠᠭᠠᠬᠤ ᠶᠢᠨ ᠬᠠᠮᠲᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ | ᠲᠠᠯᠪᠢᠵᠠᠢ᠃ | 9 ᠳ᠋ᠦ᠋ᠭᠡᠷ ᠰᠠᠷ᠎ᠠ ᠶᠢᠨ 28 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 127 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | 9 ᠳ᠋ᠦ᠋ᠭᠡᠷ ᠰᠠᠷ᠎ᠠ ᠶᠢᠨ 28 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠠᠵᠢᠯ ᠢ ᠰᠤᠳᠤᠯᠤᠨ | ᠪᠠᠶᠢᠷᠢᠯᠠᠭᠤᠯᠪᠠ᠃ | | | | | | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠤᠨ ᠤ 3 ᠳ᠋ᠤᠭᠠᠷ ᠬᠤᠭᠤᠴᠠᠭ᠎ᠠ | ᠨᠠᠶᠢᠷᠠᠭᠤᠯᠤᠨ ᠳᠠᠷᠤᠮᠠᠯᠯᠠᠭᠰᠠᠨ ᠨᠢᠭᠡᠴᠢ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ | ᠬᠡᠪᠯᠡᠯ ᠤᠨ ᠦᠶᠡᠯᠡᠯ ᠤᠨ ᠬᠤᠭᠤᠴᠠᠭ᠎ᠠ᠄ ᠤᠯᠠᠷᠢᠯ ᠤᠨ ᠰᠡᠳᠭᠦᠯ | |