12 ᠳ᠋ᠤᠭᠠᠷ ᠰᠠᠷ᠎ᠠ ᠶᠢᠨ 28 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 135 ᠳ᠋ᠤᠭᠠᠷ ᠤᠳᠠᠭ᠎ᠠ ᠶᠢᠨ ᠬᠤᠷᠠᠯ ᠵᠢᠴᠢ | ᠲᠤᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠡᠰᠢᠭᠦᠳ ᠤᠨ | ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠵᠢᠴᠢ ᠰᠢᠭᠤᠶᠢᠲᠤ ᠲᠣᠭᠤᠷᠢᠭ ᠤᠨ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠤᠳᠠᠭ᠎ᠠ ᠶᠢᠨ ᠪᠦᠬᠦᠳᠡ ᠬᠤᠷᠠᠯ ᠵᠢᠴᠢ ᠪᠦᠬᠦ | ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠢᠭᠡ | ᠴᠤᠬᠴᠠᠵᠢᠭᠤᠯᠤᠨ ᠰᠤᠷᠤᠯᠴᠠᠨ ᠣᠶᠢᠯᠠᠭᠠᠵᠤ᠂ ᠨᠡᠪᠳᠡᠷᠡᠳᠡᠯ᠎ᠠ ᠡᠵᠡᠮᠰᠢᠵᠦ᠂ ᠰᠢᠰᠲ᠋ᠧᠮ ᠲᠠᠢ ᠲᠥᠪᠯᠡᠷᠡᠭᠦᠯᠦᠨ | ᠨᠠᠶᠢᠳᠠᠪᠤᠷᠢᠵᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠲᠠᠢ ᠬᠠᠷᠢᠴᠠᠭᠤᠯᠤᠨ ᠵᠢᠯ ᠤᠨ ᠡᠴᠦᠰ ᠤᠨ | ᠳᠠᠶᠢᠯᠠᠯᠳᠤᠭᠠᠨ ᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠢᠷᠡᠬᠦ ᠵᠢᠯ ᠤᠨ ᠮᠠᠨ ᠤ | ᠲᠣᠭᠤᠷᠢᠭ ᠤᠨ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠦᠨᠡᠨ ᠬᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠭᠦᠯ ᠳᠡᠭᠡᠷ᠎ᠡ ᠨᠡᠶᠢᠲᠡᠯᠡᠭᠰᠡᠨ | ᠴᠢᠬᠤᠯᠠ ᠰᠡᠳᠭᠦᠯ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠤᠶ᠎ᠠ︾ ᠭᠡᠬᠦ | ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠦᠷᠭᠦᠯᠵᠢᠯᠡᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠰᠤᠷᠲᠠᠯ | ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ | ᠲᠠᠪᠤᠳᠤᠭᠠᠷ᠂ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ ᠠᠵᠢᠯ ᠤᠨ | ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠰᠡᠭᠦᠯᠴᠢ ᠶᠢᠨ ᠬᠠᠭᠠᠰ ᠠᠵᠢᠯ︾ ᠢ | ᠰᠠᠶᠢᠲᠤᠷ ᠬᠢᠵᠦ᠂ ᠨᠢᠭᠡ ᠤᠳᠠᠭᠠᠨ ᠤ ᠴᠡᠭᠴᠡᠯᠡᠨ ᠰᠠᠶᠢᠵᠢᠷᠠᠭᠤᠯᠤᠯᠲᠠ ᠨᠢ ᠣᠷᠳᠣ ᠬᠤᠭᠤᠴᠠᠭ᠎ᠠ ᠪᠠᠷ ᠪᠦᠲᠦᠮᠵᠢᠲᠡᠶ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠡ ᠵᠢᠯ ᠤᠨ ᠮᠠᠨ ᠤ ᠲᠤᠭᠤᠷᠢᠭ ᠤᠨ | ᠥᠭᠡᠷᠡᠴᠢᠯᠡᠯᠲᠡ ᠶᠢᠨ ᠠᠵᠢᠯ ᠤᠨ ᠦᠷ᠎ᠡ ᠪᠦᠲᠦᠮᠵᠢ ᠶᠢ ᠭᠦᠨᠵᠡᠭᠡᠢ ᠳ᠋ᠦᠩᠨᠡᠵᠦ᠂ ᠭᠠᠵᠠᠷ ᠣᠷᠣᠨ ᠤ ᠣᠨᠴᠠᠯᠢᠭ ᠲᠠᠢ | ᠥᠭᠡᠷᠡᠴᠢᠯᠡᠯᠲᠡ ᠶᠢᠨ ᠨᠡᠷᠡᠲᠦ ᠲᠡᠮᠳᠡᠭ ᠢ ᠡᠭᠦᠳᠴᠦ᠂ ᠶᠡᠷᠦᠩᠬᠡᠶᠢᠯᠡᠨ ᠵᠣᠬᠢᠴᠠᠭᠤᠯᠬᠤ ᠪᠠ ᠲᠤᠬᠢᠷᠠᠭᠤᠯᠤᠨ | ᠵᠢᠯᠣᠭᠤᠳᠬᠤ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ | ᠠᠵᠢᠯ ᠤᠨ ᠬᠠᠮᠲᠤᠷᠠᠯ ᠤᠨ ᠬᠦᠴᠦᠨ ᠢ ᠪᠤᠢ ᠪᠣᠯᠭᠠᠵᠤ᠂ ᠥᠭᠡᠷᠡᠴᠢᠯᠡᠯᠲᠡ ᠶᠢᠨ ︽ᠪᠣᠳᠠᠲᠤ ᠦᠵᠡᠮᠵᠢ ᠶᠢᠨ ᠵᠢᠷᠤᠭ︾ | ᠢ ᠬᠠᠮᠲᠤᠪᠠᠷ ᠵᠢᠷᠤᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠢᠭᠤᠶᠢᠲᠤ ᠲᠣᠭᠤᠷᠢᠭ ᠤᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ | ᠵᠢᠯ ᠤᠨ ᠠᠵᠢᠯ ᠢᠶᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠢᠷᠡᠬᠦ ᠵᠢᠯ ᠤᠨ ᠭᠤᠤᠯᠳᠠᠯᠭ᠎ᠠ ᠪᠣᠯᠬᠤ ᠡᠭᠦᠷᠭᠡ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ | ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠠᠨ ᠤ ᠲᠤᠭᠤᠷᠢᠭ ᠤᠨ ᠴᠢᠨᠠᠷ ᠰᠠᠶᠢᠲᠠᠶ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠳᠤ ᠬᠦᠴᠦᠷᠬᠡᠭ ᠶᠡᠭᠡ ᠬᠥᠳᠡᠯᠭᠡᠭᠦᠷ ᠪᠠ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ | ᠬᠡᠷᠡᠭᠲᠡᠶ ᠭᠡᠵᠦ ᠴᠢᠬᠤᠯᠠᠴᠢᠯᠠᠪᠠ᠃ | |