ᠣᠶᠢᠷ᠎ᠠ ᠳᠤ᠂ ᠪᠠᠳᠺᠠᠷ ᠰᠦᠮ᠎ᠡ ᠪᠠᠯᠭᠠᠰᠤᠨ ᠵᠡᠮᠳᠡᠭᠴᠦᠳ ᠤᠨ ᠲᠤᠰᠬᠠᠶ ᠲᠤᠰᠢᠶᠠᠯᠲᠤ ᠭᠡᠰᠢᠭᠦᠨ ᠵᠣᠣ | ᠰᠢᠶᠤᠤ ᠵᠢᠤᠸᠠᠨ ᠨᠢᠭᠡᠨ ᠤᠳᠠᠭᠠᠨ ᠤ ︽ᠵᠡᠮᠳᠡᠭᠴᠦᠳ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ︾ ᠪᠠᠷ ᠭᠤᠤᠯ ᠰᠡᠳᠦᠪ ᠪᠣᠯᠭᠠᠭᠰᠠᠨ ᠲᠠᠶᠢᠯᠤᠮᠵᠢ ᠬᠢᠵᠦ᠂ ᠪᠥᠬᠦ ᠪᠠᠯᠭᠠᠰᠤᠨ ᠤ ᠺᠠᠳ᠋ᠷ ᠠᠵᠢᠯᠲᠠᠳ ᠲᠤ | ᠨᠢᠭᠡ ᠤᠳᠠᠭᠠᠨ ᠤ ᠠᠴᠢ ᠬᠤᠯᠪᠣᠭᠳᠠᠯ ᠭᠦᠨᠵᠡᠭᠡᠶ ᠪᠥᠭᠡᠳ ᠰᠡᠩᠬᠡᠷᠡᠭᠦᠯᠬᠦ ᠴᠢᠨᠠᠷᠲᠠᠶ ᠰᠤᠷᠤᠯᠴᠠᠯᠭ᠎ᠠ ᠶᠢᠨ | ᠥᠩᠭᠡᠷᠡᠯᠲᠡ ᠶᠢ ᠠᠪᠴᠢᠷᠠᠭᠰᠠᠨ ᠪᠠᠶᠢᠨ᠎ᠠ᠃ | | ᠵᠤᠤ ᠰᠢᠶᠣᠤ ᠵᠢᠤᠸᠠᠨ ᠳᠣᠬᠢᠶᠠᠨ ᠤ ᠬᠡᠯᠡ ᠪᠠᠷ ᠬᠥᠰᠢᠭᠡ ᠪᠠᠨ ᠰᠡᠬᠦᠪᠡ᠂ ᠡᠶᠢᠮᠦᠷᠬᠦᠦ ᠥᠪᠡᠷᠮᠢᠴᠡ | ᠮᠡᠨᠳᠦᠴᠢᠯᠡᠯ ᠤᠨ ᠠᠷᠭ᠎ᠠ ᠮᠠᠶ᠋ᠢᠭ ᠨᠢ ᠣᠯᠠᠨ ᠤ ᠠᠩᠬᠠᠷᠤᠯ ᠢ ᠲᠠᠲᠠᠵᠤ᠂ ᠣᠯᠠᠨ ᠤ ᠬᠤᠭᠤᠷᠣᠨᠳᠣᠬᠢ ᠵᠠᠶ ᠶᠢ | ᠣᠶᠢᠷᠠᠲᠤᠭᠤᠯᠵᠠᠶ᠃ ᠳᠠᠷᠠᠭ᠎ᠠ ᠨᠢ ᠲᠡᠷᠡ᠂ ᠡᠶᠡᠰᠡᠭᠦᠯᠬᠦ ᠲᠣᠭᠯᠠᠭᠠᠮ ᠢᠶᠠᠷ ᠳᠠᠮᠵᠢᠨ᠂ ᠠᠬᠤᠢ ᠲᠠᠯᠠᠪᠠᠢ ᠶᠢᠨ ᠨᠠᠯᠠᠨ | ᠲᠦᠮᠡᠨ ᠤ ᠬᠠᠯᠠᠭᠤᠨ ᠰᠡᠳᠭᠢᠯ ᠢ ᠠᠮᠵᠢᠯᠲᠠ ᠲᠠᠢ ᠬᠦᠭᠵᠢᠭᠡᠵᠦ᠂ ᠳᠠᠷᠠᠭᠠᠴᠢ ᠶᠢᠨ ᠭᠦᠨᠵᠡᠭᠡᠢ ᠰᠣᠯᠢᠯᠴᠠᠭ᠎ᠠ ᠳᠤ | ᠮᠠᠰᠢ ᠰᠠᠶᠢᠨ ᠰᠠᠭᠤᠷᠢ ᠲᠠᠯᠪᠢᠪᠠ᠃ ᠲᠠᠶᠢᠯᠤᠮᠵᠢ ᠶᠢᠨ ᠠᠭᠤᠯᠭ᠎ᠠ ᠳᠤ ᠨᠡᠶᠢᠭᠡᠮ ᠤᠨ ᠪᠠᠲᠤᠯᠠᠭ᠎ᠠ᠂ ᠡᠷᠡᠭᠦᠯᠵᠢᠯ᠂ | ᠰᠤᠷᠭᠠᠨ ᠬᠥᠮᠦᠵᠢᠯ ᠵᠡᠷᠭᠡ ᠣᠯᠠᠨ ᠲᠥᠷᠥ ᠶᠢᠨ ᠪᠣᠳᠣᠯᠭ᠎ᠠ ᠶᠢᠨ ᠬᠦᠷᠢᠶ᠎ᠡ ᠶᠢ ᠬᠠᠮᠤᠷᠴᠤ᠂ ᠣᠯᠠᠨ ᠳᠤ ᠨᠢᠭᠡᠨ ᠪᠥᠬᠦ | ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠦᠭᠡᠮᠡᠯᠵᠢᠭᠦᠯᠬᠦ ᠦᠢᠯᠡᠴᠢᠯᠡᠭᠡ ᠬᠠᠩᠭᠠᠪᠠ᠃ ᠣᠬᠤᠷᠬᠠᠨ | ᠨᠢᠭᠡ ᠯᠠ ᠴᠠᠭ ᠤᠨ ᠲᠠᠶᠢᠯᠤᠮᠵᠢ ᠳᠤ᠂ ᠤᠯᠠᠨ ᠢᠶᠠᠷ ᠢᠶᠠᠨ ᠵᠡᠮᠳᠡᠭᠴᠦᠳ ᠢ ᠲᠤᠰᠠᠯᠠᠵᠤ ᠵᠡᠮᠳᠡᠭᠴᠦᠳ ᠲᠤ ᠠᠰᠢᠭ | ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠲᠤᠬᠠᠢ ᠪᠦᠬᠦ ᠲᠠᠯ᠎ᠠ ᠶᠢᠨ ᠣᠶᠢᠯᠠᠭᠠᠯᠲᠠ ᠲᠠᠢ ᠪᠣᠯᠪᠠ᠃ | ᠠᠵᠢᠯᠲᠠᠨ ᠯᠢ ᠮᠢᠩ ᠱᠦ᠄ ︽ᠲᠣᠰ ᠤᠳᠠᠭᠠᠨ ᠤ ᠲᠠᠶᠢᠯᠤᠮᠵᠢ ᠪᠠᠷ ᠳᠠᠮᠵᠢᠨ᠂ ᠵᠡᠮᠳᠡᠭᠴᠦᠳ ᠤᠨ ᠣᠯᠠᠨ | ᠶᠠᠩᠵᠤᠲᠤ ᠴᠢᠨᠠᠷ ᠢ ᠤᠬᠠᠵᠤ ᠮᠡᠳᠡᠭᠰᠡᠨ ᠪᠥᠭᠡᠳ ᠵᠡᠮᠳᠡᠭᠴᠦᠳ ᠤᠨ ᠦᠨᠡᠮᠯᠡᠯ ᠢᠶᠠᠷ ᠳᠠᠮᠵᠢᠭᠤᠯᠤᠨ | ᠵᠡᠮᠳᠡᠭᠴᠦᠳ ᠤᠨ ᠲᠥᠷᠥᠯ ᠬᠡᠯᠪᠡᠷᠢ ᠪᠠ ᠵᠡᠷᠭᠡ ᠳᠡᠰ ᠢ ᠬᠡᠷᠬᠢᠨ ᠢᠯᠭᠠᠨ ᠲᠠᠨᠢᠬᠤ ᠶᠢ ᠰᠤᠷᠴᠤ᠂ ᠵᠡᠮᠳᠡᠭᠴᠦᠳ ᠲᠤ | ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠳᠤ ᠮᠥᠨ ᠴᠢᠨᠠᠷ ᠤᠨ ᠬᠠᠪᠰᠤᠷᠤᠯᠭ᠎ᠠ | ᠬᠠᠩᠭᠠᠭᠰᠠᠨ ᠪᠠᠶᠢᠨ᠎ᠠ︾ ᠭᠡᠵᠦ ᠢᠯᠡᠷᠬᠡᠶᠢᠯᠡᠪᠡ᠃ | ᠲᠣᠰ ᠤᠳᠠᠭᠠᠨ ᠤ ᠲᠠᠶᠢᠯᠤᠮᠵᠢ ᠪᠣᠯ ᠪᠠᠳᠺᠠᠷ ᠰᠦᠮ᠎ᠡ ᠪᠠᠯᠭᠠᠰᠤᠨ ᠤ ᠵᠡᠮᠳᠡᠭᠴᠦᠳ ᠤᠨ ᠬᠤᠯᠪᠣᠭᠠᠲᠤ | ᠬᠤᠷᠠᠯ ᠤᠨ ᠮᠡᠳᠡᠯᠭᠡ ᠶᠢᠨ ᠭᠡᠷᠡᠯ ᠢᠶᠠᠷ ᠵᠡᠮᠳᠡᠭᠴᠦᠳ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠵᠠᠮ ᠢ | ᠭᠡᠷᠡᠯᠲᠦᠭᠦᠯᠬᠦ ᠨᠢᠭᠡ ᠤᠳᠠᠭᠠᠨ ᠤ ᠠᠮᠵᠢᠯᠲᠠ ᠲᠠᠢ ᠤᠶᠢᠯᠡᠳᠤᠯᠭᠡ ᠪᠣᠯᠬᠤ ᠪᠥᠭᠡᠳ ᠪᠠᠰᠠ ᠴᠤ ᠪᠠᠯᠭᠠᠰᠤᠨ ᠤ | ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ | ᠠᠬᠢᠭᠤᠯᠬᠤ ᠴᠢᠬᠤᠯᠠ ᠠᠯᠬᠤᠮ ᠪᠣᠯᠤᠨ᠎ᠠ᠃ | |