ᠤᠶᠠᠩᠭᠠᠲᠤ ᠰᠠᠶᠢᠬᠠᠨ ᠳᠠᠭᠤᠨ ᠡᠭᠡᠰᠢᠭ ᠢᠶᠠᠷ ᠬᠠᠭᠤᠴᠢᠨ ᠵᠢᠯ ᠢᠶᠠᠨ ᠦᠳᠡᠵᠦ᠂ ᠭᠤᠶᠤ ᠰᠠᠶᠢᠬᠠᠨ | ᠪᠥᠵᠢᠭ ᠤᠨ ᠳᠦᠷᠢ ᠪᠠᠷ ᠰᠢᠨ᠎ᠡ ᠵᠢᠯ ᠢᠶᠠᠨ ᠤᠭᠳᠤᠨ᠎ᠠ᠃ ᠣᠶᠢᠷ᠎ᠠ ᠳᠤ᠂ ᠰᠢᠨ ᠸᠠᠩ ᠨᠡᠶᠢᠭᠡᠮ ᠲᠣᠭᠤᠷᠢᠭ ᠤᠨ | ᠨᠠᠮ ᠤᠨ ᠡᠭᠦᠷ ᠦᠢᠯᠡᠴᠢᠯᠡᠭᠡᠨ ᠤ ᠬᠠᠮᠢᠶᠠᠷᠤᠯᠲᠠ ᠶᠢᠨ ᠨᠠᠮ ᠤᠨ ᠡᠭᠦᠷ ᠯᠦᠭᠡ ᠬᠠᠮᠲᠤᠷᠠᠨ ᠲᠠᠪᠤᠳᠤᠭᠠᠷ | ᠬᠤᠭᠤᠴᠠᠭᠠᠨ ᠤ ︽ᠰᠡᠳᠬᠢᠯ ᠢ ᠳᠤᠯᠠᠭᠠᠴᠠᠭᠤᠯᠬᠤ ᠨᠠᠮ ᠤᠨ ᠪᠠᠶᠢᠭᠤᠯᠤᠯᠲᠠ ᠶᠢᠨ ᠬᠤᠪᠢᠰᠬᠠᠯᠲᠤ ᠴᠤᠭᠯᠠᠭᠠᠨ︾ | ᠭᠡᠬᠦ ᠭᠤᠤᠯ ᠰᠡᠳᠦᠪᠲᠦ ᠠᠵᠢᠯᠯᠠᠭ᠎ᠠ ᠡᠷᠭᠢᠯᠡᠵᠦ᠂ ᠪᠥᠬᠦ ᠨᠠᠮ ᠤᠨ ᠭᠡᠰᠢᠭᠦᠳ᠂ ᠢᠳᠡᠪᠬᠢᠲᠡᠳ 30 ᠭᠠᠷᠤᠶ ᠬᠥᠮᠦᠨ | ᠨᠢᠭᠡ ᠲᠠᠩᠬᠢᠮ ᠳᠤ ᠴᠤᠭᠯᠠᠷᠠᠵᠤ᠂ ᠰᠢᠨ᠎ᠡ ᠵᠢᠯ ᠤᠨ ᠬᠦᠷᠴᠦ ᠢᠷᠡᠬᠦ ᠶᠢ ᠬᠠᠮᠲᠤ ᠪᠠᠷ ᠤᠭᠲᠤᠪᠠ᠃ | ᠠᠵᠢᠯᠯᠠᠭ᠎ᠠ ᠡᠬᠢᠯᠡᠮᠡᠭᠴᠡ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ | ᠬᠤ᠋ ᠶᠢᠩ ᠪᠥᠬᠦ ᠨᠠᠮ ᠤᠨ ᠭᠡᠰᠢᠭᠦᠳ ᠢ ᠳᠠᠭᠠᠭᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ | ᠢ ᠬᠠᠮᠲᠤ ᠪᠠᠷ ᠰᠤᠷᠤᠯᠴᠠᠵᠤ᠂ ᠲᠡᠷᠡ ᠬᠡᠪ ᠢᠶᠠᠷ ᠨᠢ ᠰᠤᠷᠤᠯᠴᠠᠵᠤ᠂ ᠲᠦᠷᠢᠮ ᠲᠣᠭᠲᠠᠭᠠᠯ ᠳᠠᠷᠠᠭᠠᠯᠠᠨ ᠬᠡᠰᠡᠭ | ᠳᠠᠷᠠᠭᠠᠯᠠᠨ ᠬᠠᠷᠢᠴᠠᠭᠤᠯᠤᠨ ᠰᠤᠷᠤᠯᠴᠠᠬᠤ ᠪᠠᠷ ᠳᠠᠮᠵᠢᠭᠤᠯᠤᠨ᠂ ᠨᠠᠮ ᠤᠨ ᠭᠡᠰᠢᠭᠦᠳ ᠤᠨ ᠨᠠᠮ ᠤᠨ ᠲᠦᠷᠢᠮ ᠤᠨ | ᠤᠨᠤᠯ ᠤᠨ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠤᠨ ᠲᠤᠬᠠᠶ ᠣᠶᠢᠯᠠᠭᠠᠯᠲᠠ ᠶᠢ | ᠭᠦᠨᠵᠡᠭᠡᠶᠢᠷᠡᠭᠦᠯᠵᠦ᠂ ᠪᠥᠬᠦ ᠨᠠᠮ ᠤᠨ ᠭᠡᠰᠢᠭᠦᠳ ᠢ ᠨᠠᠩ ᠤᠬᠠᠮᠰᠠᠷ ᠠᠴᠠ ᠪᠠᠨ ᠨᠠᠮ ᠤᠨ ᠲᠦᠷᠢᠮ ᠢ ᠰᠤᠷᠤᠯᠴᠠᠵᠤ᠂ | ᠨᠠᠮ ᠤᠨ ᠲᠦᠷᠢᠮ ᠢ ᠵᠢᠷᠤᠮᠯᠠᠨ᠂ ᠨᠠᠮ ᠤᠨ ᠲᠦᠷᠢᠮ ᠢ ᠲᠤᠭᠤᠰᠢᠯᠠᠭᠤᠯᠵᠤ᠂ ᠨᠠᠮ ᠤᠨ ᠲᠦᠷᠢᠮ ᠢ ᠬᠠᠮᠠᠭᠠᠯᠠᠬᠤ ᠶᠢ | ᠤᠯᠠᠮ ᠨᠢᠭᠡ ᠠᠯᠬᠤᠮ ᠬᠥᠲᠥᠯᠦᠨ ᠵᠢᠯᠤᠭᠤᠳᠪᠠ᠃ | ︽ᠯᠧᠢ ᠹᠧᠩ ᠠᠴᠠ ᠲᠠᠭᠠᠨ ᠰᠤᠷᠤᠯᠴᠠᠵᠤ ᠰᠠᠶᠢᠬᠠᠨ ᠳᠠᠭᠤᠷᠢᠶᠠᠯ ᠪᠣᠯᠭᠠᠶ᠎ᠠ᠂ ᠬᠤᠪᠢᠰᠬᠠᠯ ᠳᠤ ᠦᠨᠡᠨᠴᠢ | ᠨᠠᠮ ᠳᠤ ᠪᠠᠨ ᠦᠨᠡᠨᠴᠢ ᠪᠠᠶᠢᠶ᠎ᠠ ᠁︾ ᠭᠡᠬᠦ ᠬᠤᠪᠢᠰᠬᠠᠯᠲᠤ ᠰᠣᠩᠭᠤᠳᠠᠭ ᠳᠠᠭᠤᠤ ︽ᠯᠧᠢ ᠹᠧᠩ ᠠᠴᠠ ᠲᠠᠭᠠᠨ | ᠰᠤᠷᠤᠯᠴᠠᠵᠤ ᠰᠠᠶᠢᠬᠠᠨ ᠳᠠᠭᠤᠷᠢᠶᠠᠯ ᠪᠣᠯᠭᠠᠶ᠎ᠠ ︾ ᠨᠢ ᠠᠵᠢᠯᠯᠠᠭ᠎ᠠ ᠶᠢᠨ ᠬᠥᠰᠢᠭᠡ ᠶᠢ ᠠᠯᠭᠤᠷ ᠢᠶᠠᠷ ᠰᠡᠬᠦᠪᠡ︔ ︽ | ᠵᠣᠯ ᠵᠢᠷᠭᠠᠯ ᠲᠠᠢ ᠰᠢᠨ ᠸᠠᠩ ᠲᠠ ᠪᠢᠳᠡᠨ ᠢ ᠢᠳᠡᠭᠡᠨ᠎ᠡ᠂ ᠰᠠᠶᠢᠨ ᠰᠠᠶᠢᠬᠠᠨ ᠠᠮᠢᠳᠤᠷᠠᠯ ᠣᠯᠠᠨ ᠳᠤ ᠲᠦᠰᠢᠭᠯᠡᠨ᠎ᠡ︾ | ᠭᠡᠬᠦ ᠭᠤᠷᠪᠠᠨ ᠪᠠᠳᠠᠭ ᠬᠠᠭᠠᠰ ᠭᠤᠶᠢᠲᠠ ᠰᠠᠶᠢᠬᠠᠨ ᠢᠯᠡᠷᠡᠪᠡ︔ ︽ᠶᠡᠭᠡ ᠳᠤᠮᠳᠠᠳᠤ ᠤᠯᠤᠰ︾ ᠭᠡᠬᠦ ᠳᠠᠭᠤᠤ ᠨᠢ | ᠡᠬᠡ ᠤᠯᠤᠰ ᠤᠨ ᠠᠭᠤᠯᠠ ᠤᠰᠤᠨ ᠤ ᠥᠩᠭᠡ ᠦᠵᠡᠮᠵᠢ ᠶᠢ ᠮᠠᠭᠲᠠᠨ ᠳᠠᠭᠤᠯᠠᠵᠠᠶ︔ ᠰᠢᠯᠦᠭ ︽ᠶᠠᠭᠤ ᠶᠢ ᠬᠤᠸᠠ | ᠰᠢᠶᠠ ᠭᠡᠬᠦ᠂ ᠶᠠᠭᠤ ᠶᠢ ᠳᠤᠮᠳᠠᠳᠤ ᠤᠯᠤᠰ ᠭᠡᠬᠦ ᠪᠤᠢ︾᠂ ︽ᠨᠠᠮ ᠤᠨ ᠲᠤᠭ ᠤᠨ ᠮᠠᠭᠲᠠᠭᠠᠯ︾᠂ ︽ᠨᠢᠭᠡ | ᠳᠠᠭᠤᠤ︾ ᠪᠠᠷ ᠨᠠᠮ ᠤᠨ ᠭᠡᠰᠢᠭᠦᠳ ᠬᠠᠮᠤᠭ ᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠬᠡ ᠤᠯᠤᠰ ᠢᠶᠠᠨ | ᠬᠠᠶᠢᠷᠠᠯᠠᠬᠤ ᠪᠠ ᠮᠠᠭᠲᠠᠨ ᠰᠠᠶᠢᠰᠢᠶᠠᠪᠠ᠃ ᠠᠬᠤᠢ ᠲᠠᠯᠠᠪᠠᠢ ᠶᠢᠨ ᠤᠤᠬᠠᠶᠢᠯᠠᠬᠤ ᠳᠠᠭᠤᠨ ᠪᠠᠶᠢᠨ ᠳᠠᠬᠢᠨ | ᠴᠤᠤᠷᠢᠶᠠᠲᠤᠵᠤ᠂ ᠪᠦᠬᠦ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠠ ᠮᠠᠭᠲᠠᠭᠠᠯ | ᠰᠠᠶᠢᠰᠢᠶᠠᠯ ᠢ ᠤᠯᠪᠠ᠃ | ︽ᠡᠨᠡ ᠵᠢᠯ᠂ ᠨᠡᠶᠢᠭᠡᠮ ᠲᠣᠭᠤᠷᠢᠭ ᠤᠨ ᠡᠷᠬᠢᠯᠡᠭᠰᠡᠨ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠨᠢ ᠪᠦᠷ ᠮᠠᠰᠢ ᠪᠠᠶᠠᠯᠢᠭ᠂ ᠭᠤᠶᠢᠳᠠ ᠰᠠᠶᠢᠬᠠᠨ ᠪᠠᠶᠢᠵᠤ᠂ ᠮᠠᠨ ᠤ ᠠᠬᠠᠮᠠᠳ ᠨᠠᠮ ᠤᠨ ᠭᠡᠰᠢᠭᠦᠳ ᠤᠨ | ᠰᠡᠳᠬᠢᠯ ᠢ ᠮᠠᠰᠢ ᠳᠤᠯᠠᠭᠠᠬᠠᠨ ᠰᠠᠨᠠᠭᠳᠠᠭᠤᠯᠪᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡ ᠵᠢᠯ ᠤᠨ ᠲᠤᠷᠰᠢ | ᠮᠠᠨ ᠤ ᠠᠬᠠᠮᠠᠳ ᠨᠠᠮ ᠤᠨ ᠭᠡᠰᠢᠭᠦᠳ ᠢ ᠬᠠᠯᠠᠮᠵᠢᠯᠠᠵᠤ ᠬᠠᠶᠢᠷᠠᠯᠠᠭᠰᠠᠨ ᠳᠤ ᠣᠨᠴᠠᠭᠠᠶᠢᠯᠠᠨ ᠲᠠᠯᠠᠷᠬᠠᠵᠤ ᠪᠠᠶᠢᠨ᠎ᠠ᠃ | ᠬᠤᠶᠢᠰᠢᠳᠠ ᠪᠢᠳᠡ ᠪᠠᠰᠠ ᠵᠠᠯᠠᠭᠤ ᠨᠠᠮ ᠤᠨ ᠭᠡᠰᠢᠭᠦᠳ ᠠᠴᠠ ᠢᠯᠡᠭᠦᠬᠡᠨ ᠰᠤᠷᠤᠯᠴᠠᠵᠤ᠂ ᠤᠳᠤᠷᠢᠳᠤᠯᠭ᠎ᠠ ᠠᠴᠠ | ᠢᠯᠡᠭᠦᠬᠡᠨ ᠰᠤᠷᠤᠯᠴᠠᠵᠤ᠂ ᠨᠡᠶᠢᠭᠡᠮ ᠲᠣᠭᠤᠷᠢᠭ ᠤᠨ ᠠᠵᠢᠯ ᠢ ᠤᠯᠠᠮ ᠨᠢᠭᠡ ᠳᠡᠭᠳᠡᠷ ᠲᠤ ᠭᠠᠷᠭᠠᠬᠤ ᠪᠠᠷ ᠬᠠᠮᠲᠤ ᠪᠠᠷ | ᠴᠢᠷᠮᠠᠶᠢᠨ᠎ᠠ︾ ᠭᠡᠵᠦ ᠨᠡᠶᠢᠭᠡᠮ ᠲᠣᠭᠤᠷᠢᠭ ᠤᠨ ᠠᠬᠠᠮᠠᠳ ᠨᠠᠮ ᠤᠨ ᠭᠡᠰᠢᠭᠦᠨ ᠶᠣᠣ ᠰᠦᠸᠧ ᠵᠦ ᠬᠡᠯᠡᠪᠡ᠃ | ᠨᠠᠮ ᠤᠨ ᠭᠡᠰᠢᠭᠦᠳ ᠨᠡᠶᠢᠭᠡᠮ ᠲᠣᠭᠤᠷᠢᠭ ᠤᠨ ᠥᠩᠭᠡᠷᠡᠭᠰᠡᠨ ᠨᠢᠭᠡ ᠵᠢᠯ ᠤᠨ ᠠᠵᠢᠯ ᠤᠨ ᠣᠯᠤᠭᠰᠠᠨ ᠠᠮᠵᠢᠯᠲᠠ | ᠪᠣᠯᠤᠨ ᠣᠷᠣᠰᠢᠵᠤ ᠪᠠᠶᠢᠭ᠎ᠠ ᠬᠦᠷᠦᠯᠴᠡᠬᠦ ᠦᠭᠡᠶ ᠲᠠᠯ᠎ᠠ ᠶᠢᠨ ᠲᠤᠬᠠᠶ ᠨᠡᠯᠢᠶᠡᠳ ᠭᠦᠨᠵᠡᠭᠡᠶ ᠰᠣᠯᠢᠯᠴᠠᠭ᠎ᠠ ᠪᠠ | ᠶᠠᠷᠢᠯᠴᠠᠭ᠎ᠠ ᠬᠢᠵᠡᠶ᠃ ᠡᠭᠦᠨ ᠤ ᠬᠠᠮᠲᠤ᠂ ᠤᠯᠠᠨ ᠢᠶᠠᠷ ᠢᠶᠠᠨ ᠪᠠᠰᠠ ᠤᠶᠤᠨ ᠤᠬᠠᠭᠠᠨ ᠢᠶᠠᠨ ᠲᠥᠪᠯᠡᠷᠡᠭᠦᠯᠵᠦ᠂ | ᠥᠪᠡᠷ ᠥᠪᠡᠷ ᠤᠨ ᠰᠠᠨᠠᠯ ᠢᠶᠠᠨ ᠶᠠᠷᠢᠵᠤ᠂ ᠰᠢᠨ᠎ᠡ ᠨᠢᠭᠡ ᠵᠢᠯ ᠤᠨ ᠨᠡᠶᠢᠭᠡᠮ ᠲᠣᠭᠤᠷᠢᠭ ᠤᠨ ᠬᠥᠭᠵᠢᠯᠲᠡ ᠶᠢᠨ | ᠲᠤᠬᠠᠢ ᠬᠠᠮᠲᠤᠪᠠᠷ ᠶᠠᠷᠢᠯᠴᠠᠵᠤ᠂ ᠨᠡᠶᠢᠭᠡᠮ ᠲᠣᠭᠤᠷᠢᠭ ᠤᠨ ᠢᠷᠡᠬᠦ ᠵᠢᠯ ᠤᠨ ᠠᠵᠢᠯ ᠳᠤ ᠤᠷᠤᠭᠰᠢᠯᠠᠯᠲᠠ ᠶᠢᠨ | ᠴᠢᠭᠯᠡᠯ ᠢ ᠲᠣᠳᠣᠷᠬᠠᠢ ᠵᠢᠭᠠᠵᠤ ᠥᠭᠴᠡᠢ᠃ | ᠠᠵᠢᠯᠯᠠᠭ᠎ᠠ ᠳᠤ ᠪᠠᠰᠠ ᠤᠤᠯ ᠤᠨ ᠳ᠋ᠠ ᠹᠠ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠯᠢᠦ | ᠯᠢᠶᠠᠩ ᠮᠧᠢ ᠶᠢ ᠤᠷᠢᠵᠤ ᠤᠯᠠᠨ ᠳᠤ ᠠᠮᠢᠳᠤᠯᠢᠭ ᠲᠤᠷᠰᠢᠯᠭ᠎ᠠ ᠬᠤᠪᠢᠶᠠᠯᠴᠠᠪᠠ᠃ ᠯᠢᠦ ᠡᠷᠬᠢᠯᠡᠭᠴᠢ ᠥᠪᠡᠷ ᠤᠨ | ᠲᠤᠷᠰᠢᠯᠭ᠎ᠠ ᠲᠠᠢ ᠪᠠᠨ ᠤᠶᠠᠯᠳᠤᠭᠤᠯᠵᠤ᠂ ᠥᠪᠡᠷ ᠤᠨ ᠰᠢᠢᠳᠪᠦᠷᠢᠯᠡᠵᠦ ᠦᠩᠭᠡᠷᠡᠭᠰᠡᠨ᠂ ᠲᠤᠯᠭᠠᠷᠠᠵᠤ | ᠦᠩᠭᠡᠷᠡᠭᠰᠡᠨ ᠪᠣᠲᠠᠲᠤ ᠬᠡᠷᠡᠭ ᠤᠨ ᠵᠢᠱᠢᠶ᠎ᠡ ᠪᠠᠨ ᠣᠷᠤᠭᠤᠯᠵᠤ᠂ ᠤᠯᠠᠨ ᠵᠢᠯ ᠤᠨ ᠲᠤᠷᠰᠢ ᠦᠨᠳᠦᠰᠦᠨ ᠱᠠᠲᠤᠨ ᠤ | ᠠᠵᠢᠯ ᠤᠨ ᠳᠤᠮᠳᠠ ᠬᠤᠷᠠᠮᠳᠤᠭᠤᠯᠤᠭᠰᠠᠨ ᠲᠤᠷᠰᠢᠯᠭ᠎ᠠ ᠪᠠᠨ ᠶᠠᠷᠢᠵᠤ᠂ ᠤᠯᠠᠨ ᠲᠦᠮᠡᠨ ᠤ ᠠᠵᠢᠯ ᠢ ᠰᠠᠶᠢᠲᠤᠷ ᠬᠢᠬᠦ | ᠦᠨᠳᠦᠰᠦᠨ ᠠᠷᠭ᠎ᠠ ᠪᠣᠯᠤᠨ ᠵᠠᠪᠠᠯ ᠪᠦᠷᠢᠯᠳᠦᠭᠦᠯᠬᠦ ᠴᠢᠳᠠᠪᠤᠷᠢ ᠪᠠᠨ ᠨᠠᠮ ᠤᠨ ᠭᠡᠰᠢᠭᠦᠨ ᠺᠠᠳ᠋ᠷ ᠨᠢᠭᠡᠪᠦᠷᠢ ᠳᠤ | ᠬᠤᠪᠢᠶᠠᠯᠴᠠᠵᠤ᠂ ᠠᠳᠡ ᠪᠠᠶᠢᠭ᠎ᠠ ᠨᠠᠮ ᠤᠨ ᠭᠡᠰᠢᠭᠦᠨ ᠺᠠᠳ᠋ᠷᠴᠤᠳ ᠲᠤ ᠪᠠᠭ᠎ᠠ ᠪᠤᠰᠤ ᠠᠰᠢᠭ ᠬᠦᠷᠲᠡᠭᠡᠪᠡ᠃ | ᠠᠵᠢᠯᠯᠠᠭ᠎ᠠ ᠶᠢᠨ ᠡᠴᠦᠰ ᠲᠤ᠂ ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ | ᠤᠯᠠᠨ ᠢ ᠳᠠᠭᠠᠭᠤᠯᠤᠨ ᠥᠩᠭᠡᠷᠡᠭᠰᠡᠨ ᠤ ᠵᠢᠵᠢᠭ ᠰᠠᠵᠢᠭ ᠵᠦᠢᠯ ᠤᠳ ᠢ ᠡᠷᠭᠢᠴᠡᠭᠦᠯᠵᠦ᠂ ᠨᠠᠮ ᠤᠨ ᠭᠡᠰᠢᠭᠦᠳ ᠲᠠᠢ | ᠬᠠᠮᠲᠤ 2024 ᠣᠨ ᠤ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠭᠤᠣᠯ ᠰᠡᠳᠦᠪᠲᠦ ᠨᠠᠮ ᠤᠨ ᠡᠳᠦᠷ ᠤᠨ | ᠭᠤᠶᠢᠳᠠ ᠰᠠᠶᠢᠬᠠᠨ ᠭᠡᠷᠡᠯ ᠵᠢᠷᠤᠭ ᠢ ᠡᠷᠭᠢᠴᠡᠭᠦᠯᠪᠡ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠨᠠᠮ ᠤᠨ | ᠡᠭᠦᠷ ᠢ ᠲᠥᠯᠥᠭᠡᠯᠡᠨ ᠤᠯᠠᠨ ᠳᠤ ᠰᠢᠨ᠎ᠡ ᠵᠢᠯ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠵᠦ᠂ | ᠨᠢᠭᠡ ᠵᠢᠯ ᠤᠨ ᠲᠤᠷᠰᠢ ᠨᠠᠮ ᠤᠨ ᠭᠡᠰᠢᠭᠦᠳ ᠤᠨ ᠨᠡᠶᠢᠭᠡᠮ ᠲᠣᠭᠤᠷᠢᠭ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ | ᠲᠠᠯᠠᠷᠬᠠᠵᠤ᠂ ᠨᠡᠶᠢᠭᠡᠮ ᠲᠣᠭᠤᠷᠢᠭ ᠤᠨ ᠨᠠᠮ ᠤᠨ ᠡᠭᠦᠷ ᠰᠢᠨ᠎ᠡ ᠨᠢᠭᠡ ᠵᠢᠯ ᠳᠤ ᠦᠷᠭᠦᠯᠵᠢᠯᠡᠨ ᠨᠡᠶᠢᠭᠡᠮ | ᠲᠣᠭᠤᠷᠢᠭ ᠤᠨ ᠪᠦᠬᠦ ᠭᠡᠰᠢᠭᠦᠳ ᠢ ᠳᠠᠭᠠᠭᠤᠯᠤᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ | ᠤᠷᠤᠭᠰᠢᠯᠠᠵᠤ᠂ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠨ᠂ ᠰᠠᠭᠤᠭᠠᠯᠢ ᠠᠷᠠᠳ ᠵᠡᠷᠭᠡ ᠳᠤ ᠨᠡᠩ ᠰᠠᠶᠢᠨ | ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ ᠭᠡᠵᠦ ᠢᠯᠡᠳᠬᠡᠪᠡ᠃ | ᠲᠣᠰ ᠤᠳᠠᠭᠠᠨ ᠤ ᠠᠵᠢᠯᠯᠠᠭ᠎ᠠ ᠨᠢ ᠪᠣᠯᠪᠠᠰᠤᠨ ᠡᠶ᠎ᠡ ᠵᠣᠬᠢᠴᠠᠩᠭᠤᠶ᠂ ᠪᠠᠶᠠᠷ ᠪᠠᠶᠠᠰᠬᠤᠯᠠᠩᠲᠤ ᠰᠢᠨ᠎ᠡ | ᠵᠢᠯ ᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠥᠬᠡᠶ᠂ ᠨᠡᠶᠢᠭᠡᠮ ᠲᠣᠭᠤᠷᠢᠭ | ᠪᠣᠯᠤᠨ ᠨᠠᠮ ᠤᠨ ᠭᠡᠰᠢᠭᠦᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠡᠳᠬᠢᠯ ᠨᠢᠭᠡᠳᠦᠨ ᠨᠠᠮ ᠤᠨ | ᠲᠦᠯᠦᠭᠡ ᠵᠢᠳᠭᠦᠬᠦ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ | ᠪᠠᠶᠢᠳᠠᠯ ᠢ ᠢᠯᠡᠷᠡᠭᠦᠯᠪᠡ᠂ ᠨᠡᠩ ᠴᠦ ᠨᠠᠮ ᠤᠨ ᠭᠡᠰᠢᠭᠦᠨ ᠪᠣᠯᠤᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠤᠭᠤᠷᠣᠨᠳᠣᠬᠢ ᠨᠢᠭᠲᠠᠷᠠᠯ ᠤᠨ ᠬᠦᠴᠦᠨ ᠪᠣᠯᠤᠨ ᠳᠠᠶᠢᠴᠢᠨ ᠬᠦᠴᠦᠨ ᠢ ᠴᠢᠩᠭᠠᠳᠬᠠᠪᠠ᠃ | ᠰᠢᠨ᠎ᠡ ᠨᠢᠭᠡ ᠵᠢᠯ ᠳᠤ᠂ ᠨᠡᠶᠢᠭᠡᠮ ᠲᠣᠭᠤᠷᠢᠭ ᠤᠨ ᠬᠢᠨ ᠨᠠᠮ ᠤᠨ ᠭᠡᠰᠢᠭᠦᠨ ᠤ ᠬᠠᠮᠢᠶᠠᠷᠤᠯᠲᠠ ᠪᠣᠯᠤᠨ ᠨᠡᠶᠢᠭᠡᠮ | ᠲᠣᠭᠤᠷᠢᠭ ᠤᠨ ᠵᠠᠰᠠᠯᠲᠠ ᠶᠢᠨ ᠰᠢᠨ᠎ᠡ ᠠᠷᠭ᠎ᠠ ᠵᠠᠮ ᠢ ᠦᠷᠭᠦᠯᠵᠢᠯᠡᠨ ᠰᠦᠪᠡᠭᠴᠢᠯᠡᠵᠦ᠂ ᠥᠷᠭᠡᠨ ᠤᠯᠠᠨ ᠨᠠᠮ ᠤᠨ | ᠭᠡᠰᠢᠭᠦᠨ ᠤ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠪᠠᠶᠢᠭᠤᠯᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ | ᠬᠥᠭᠵᠢᠭᠡᠵᠦ᠂ ᠨᠡᠩ ᠤᠯᠠᠨ ᠨᠠᠮ ᠤᠨ ᠭᠡᠰᠢᠭᠦᠨ ᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ | ᠵᠣᠷᠢᠭᠵᠢᠭᠤᠯᠵᠤ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤᠪᠠᠷ ᠡᠷᠡᠯᠬᠡᠭᠯᠡᠨ | ᠤᠷᠤᠭᠰᠢᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠰᠡᠳᠬᠢᠯ ᠲᠠᠯᠪᠢᠨ ᠰᠠᠶᠢᠲᠤᠷ ᠦᠢᠯᠡᠴᠢᠯᠡᠵᠦ᠂ | ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯ ᠤᠨ | ᠲᠦᠷᠦᠭᠳᠡᠯ ᠪᠣᠯᠤᠨ ᠬᠠᠷᠢᠶᠠᠯᠠᠭᠳᠠᠬᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | |