ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ | ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠰᠢᠭᠤᠶᠢᠲᠤ ᠵᠡᠭᠡᠯᠢ | ᠭᠤᠳᠤᠮᠵᠢ ᠶᠢᠨ ᠵᠡᠮᠳᠡᠭᠴᠦᠳ ᠤᠨ ᠲᠤᠰᠬᠠᠶ ᠵᠥᠪᠯᠡᠯ ᠠᠴᠠ ᠨᠥᠬᠦᠴᠡᠯ ᠳᠤ ᠨᠡᠶᠢᠴᠡᠬᠦ ᠵᠡᠮᠳᠡᠭᠴᠦᠳ ᠲᠤ ᠬᠤᠶᠠᠷ | ᠵᠦᠢᠯ ᠤᠨ ᠨᠥᠬᠦᠪᠥᠷᠢ ᠶᠢ ᠬᠢᠨᠠᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠪᠡ᠃ | ᠠᠵᠢᠯᠲᠠᠳ ᠨᠢᠭᠡᠳ ᠨᠢᠭᠡ ᠪᠠᠷ ᠡᠷᠦᠬᠡ ᠳᠤ ᠣᠷᠣᠵᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ | ᠵᠡᠮᠳᠡᠭᠴᠦᠳ ᠤᠨ ᠦᠨᠡᠮᠯᠡᠯ ᠵᠡᠷᠭᠡ ᠡᠯ᠎ᠡ ᠵᠦᠢᠯ ᠤᠨ ᠭᠡᠷᠡᠴᠢᠯᠡᠬᠦ ᠮᠠᠲ᠋ᠧᠷᠢᠶᠠᠯ ᠤᠨ ᠤᠤᠯ ᠵᠦᠢᠯ ᠢ ᠬᠢᠨᠠᠨ | ᠬᠠᠷᠭᠤᠭᠤᠯᠬᠤ ᠶᠢᠨ ᠬᠠᠮᠲᠤ ᠵᠡᠮᠳᠡᠭᠴᠦᠳ ᠤᠨ ᠠᠮᠢᠳᠤᠷᠠᠯ ᠤᠨ ᠪᠠᠶᠢᠳᠠᠯ᠂ ᠭᠡᠷ ᠪᠦᠯᠢ ᠳᠤ ᠲᠤᠯᠭᠠᠷᠠᠵᠤ ᠪᠠᠶᠢᠭ᠎ᠠ | ᠭᠤᠣᠯ ᠬᠦᠴᠢᠷᠳᠡᠯ ᠢ ᠣᠶᠢᠯᠠᠭᠠᠵᠤ᠂ ᠲᠡᠳᠡᠨ ᠤ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ ᠥᠭᠪᠡ᠃ | ᠲᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠵᠡᠮᠳᠡᠭᠴᠦᠳ ᠤᠨ ᠪᠠᠲᠤᠯᠠᠭ᠎ᠠ ᠶᠢᠨ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢ ᠨᠠᠷᠢᠯᠢᠭ | ᠤᠨᠤᠪᠴᠢᠲᠠᠢ ᠲᠠᠷᠬᠠᠭᠠᠬᠤ ᠶᠢ ᠦᠨᠡᠨ ᠬᠦ ᠪᠠᠲᠤᠯᠠᠵᠤ᠂ ᠪᠤᠷᠤᠭᠤ ᠲᠠᠷᠬᠠᠭᠠᠬᠤ ᠥᠬᠡᠶ᠂ ᠣᠷᠬᠢᠭᠳᠠᠭᠤᠯᠬᠤ ᠥᠬᠡᠶ | ᠪᠠᠶᠢᠬᠤ ᠶᠢ ᠪᠡᠶᠡᠯᠡᠭᠦᠯᠵᠦ᠂ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠥᠬᠦᠴᠡᠯ ᠳᠤ | ᠨᠡᠶᠢᠴᠡᠬᠦ ᠵᠡᠮᠳᠡᠭᠴᠦᠳ ᠨᠢᠭᠡᠪᠦᠷᠢ ᠶᠢᠨ ᠭᠠᠷ ᠲᠤ ᠨᠠᠶᠢᠳᠠᠪᠤᠷᠢᠵᠢᠭᠤᠯᠤᠨ᠎ᠠ᠃ | |