ᠪᠢᠷ ᠢᠶᠠᠨ ᠠᠪᠴᠤ ᠴᠡᠷᠢᠭ ᠲᠤ ᠮᠣᠷᠳᠠᠵᠤ ᠴᠡᠷᠢᠭ ᠤᠨ ᠬᠤᠸᠠᠷᠠᠨ ᠳᠤ ᠭᠠᠪᠢᠶ᠎ᠠ ᠪᠠᠶᠢᠭᠤᠯᠤᠶ᠎ᠠ— ᠰᠢᠭᠤᠶᠢᠲᠤ ᠵᠡᠭᠡᠯᠢ ᠭᠤᠳᠤᠮᠵᠢ 2025 ᠣᠨ ᠤ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/21
        2025 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠦᠨᠡᠨ ᠬᠦ ᠰᠠᠶᠢᠲᠤᠷ ᠬᠢᠵᠦ᠂ ᠬᠠᠷᠢᠶᠠᠲᠤ ᠲᠣᠭᠤᠷᠢᠭ ᠤᠨ ᠵᠣᠬᠢᠬᠤ ᠨᠠᠰᠤᠨ ᠤ ᠵᠠᠯᠠᠭᠤᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠵᠤ ᠤᠯᠤᠰ ᠲᠠᠭᠠᠨ ᠵᠢᠳᠬᠦᠬᠦ ᠬᠠᠯᠠᠭᠤᠨ ᠰᠡᠳᠬᠢᠯᠭᠡ ᠶᠢ ᠭᠦᠢᠴᠡᠳ ᠬᠥᠭᠵᠢᠭᠡᠵᠦ᠂ ᠬᠠᠷᠢᠶᠠᠲᠤ ᠲᠣᠭᠤᠷᠢᠭ ᠤᠨ ᠳᠣᠲᠣᠷᠠᠬᠢ ᠵᠣᠬᠢᠬᠤ ᠨᠠᠰᠤᠨ ᠤ ᠵᠠᠯᠠᠭᠤᠴᠤᠳ ᠤᠨ ᠢᠳᠡᠪᠬᠢᠲᠡᠶ ᠪᠠᠷ ᠴᠡᠷᠢᠭ ᠲᠤ ᠣᠷᠣᠬᠤ ᠶᠢ ᠵᠣᠷᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠡᠩ ᠣᠯᠠᠨ ᠵᠠᠯᠠᠭᠤᠴᠤᠳ ᠢ ᠴᠡᠷᠢᠭ ᠲᠤ ᠮᠣᠷᠳᠠᠵᠤ᠂ ᠴᠡᠷᠢᠭ ᠤᠨ ᠬᠤᠸᠠᠷᠠᠨ ᠳᠤ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠪᠠ᠃        ᠰᠢᠭᠤᠶᠢᠳᠤ ᠵᠡᠭᠡᠯᠢ ᠭᠤᠳᠤᠮᠵᠢ ᠶᠢᠨ ᠬᠢᠨ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠤᠬᠠᠭᠤᠯᠭ᠎ᠠ ᠬᠢᠪᠡ᠃ ︽ᠰᠦᠯᠵᠢᠶᠡᠨ ᠳᠡᠭᠡᠷ᠎ᠡ︾ ᠰᠦᠯᠵᠢᠶᠡᠨ ᠤ ᠰᠠᠭᠤᠭᠠᠯᠢ ᠠᠷᠠᠳ ᠤᠨ ᠪᠦᠯᠬᠦᠮ ᠵᠡᠷᠭᠡ ᠲᠠᠪᠴᠠᠩ ᠢᠶᠠᠷ ᠳᠠᠮᠵᠢᠭᠤᠯᠤᠨ ᠴᠡᠷᠢᠭ ᠡᠯᠰᠡᠬᠦ ᠮᠡᠳᠡᠭᠡ ᠵᠠᠩᠭᠢ ᠶᠢ ᠥᠷᠭᠡᠨ ᠢᠶᠠᠷ ᠤᠯᠠᠮᠵᠢᠯᠠᠨ ᠲᠠᠷᠬᠠᠭᠠᠵᠤ᠂ ᠴᠡᠷᠢᠭ ᠡᠯᠰᠡᠬᠦ ᠠᠵᠢᠯ ᠢ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ ᠪᠦᠬᠦᠨ ᠳᠤ ᠮᠡᠳᠡᠭᠦᠯᠪᠡ︔ ᠰᠦᠯᠵᠢᠶᠡᠨ ᠭᠠᠳᠠᠨ᠎ᠠ᠂ ᠲᠣᠣᠷᠵᠢᠯᠲᠠᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ LED ᠡᠯᠧᠺᠲᠷᠣᠨ ᠳᠡᠯᠭᠡᠴᠡ ᠶᠢᠨ ᠤᠬᠠᠭᠤᠯᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠷᠢᠶᠠᠲᠤ ᠲᠣᠭᠤᠷᠢᠭ ᠤᠨ ᠰᠠᠭᠤᠭᠠᠯᠢ ᠠᠷᠠᠳ ᠲᠤ ᠴᠡᠷᠢᠭ ᠲᠤ ᠣᠷᠣᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ ᠂ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠡᠭᠦᠨ ᠤ ᠬᠠᠮᠲᠤ᠂ ᠡᠯ᠎ᠡ ᠲᠣᠣᠷᠵᠢᠯᠲᠠᠨ ᠬᠥᠮᠦᠨ ᠠᠮᠠ ᠶᠢᠨ ᠡᠬᠡ ᠲᠠᠩᠰᠠ ᠶᠢ ᠦᠨᠳᠦᠰᠦᠯᠡᠨ᠂ ᠵᠣᠬᠢᠬᠤ ᠨᠠᠰᠤᠨ ᠤ ᠵᠠᠯᠠᠭᠤᠴᠤᠳ ᠢ ᠴᠢᠭᠯᠡᠭᠦᠯᠬᠦ ᠴᠢᠨᠠᠷᠲᠠᠶ ᠪᠠᠷ ᠤᠲᠠᠰᠤ ᠪᠠᠷ ᠬᠠᠷᠢᠯᠴᠠᠬᠤ ᠪᠤᠶᠤ ᠡᠷᠦᠬᠡ ᠳᠤ ᠣᠷᠣᠵᠤ ᠴᠡᠷᠢᠭ ᠲᠤ ᠣᠷᠣᠬᠤ ᠬᠠᠷᠠᠭᠠᠯᠵᠠᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠤᠬᠠᠭᠤᠯᠵᠤ᠂ ᠣᠯᠠᠨ ᠢ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠬᠠᠷᠢᠶᠠᠲᠤ ᠲᠣᠭᠤᠷᠢᠭ ᠤᠨ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠢᠳᠡᠪᠬᠢᠲᠡᠶ ᠣᠷᠣᠯᠴᠠᠬᠤ᠂ ᠡᠬᠡ ᠤᠯᠤᠰ ᠲᠠᠭᠠᠨ ᠬᠦᠴᠦ ᠪᠠᠨ ᠡᠷᠭᠦᠬᠦ ᠢᠳᠡᠪᠬᠢᠵᠢᠯ ᠢ ᠪᠦᠲᠦᠮᠵᠢᠲᠡᠶ ᠳᠡᠭᠡᠭᠰᠢᠯᠡᠭᠦᠯᠪᠡ᠃        ᠲᠣᠰ ᠤᠳᠠᠭᠠᠨ ᠤ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠴᠢᠩᠭᠠᠳᠬᠠᠵᠤ᠂ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠠᠮᠢ ᠪᠡᠶ᠎ᠡ ᠪᠠᠨ ᠵᠣᠷᠢᠭᠤᠯᠬᠤ ᠤᠬᠠᠮᠰᠠᠷᠲᠤ ᠴᠢᠨᠠᠷ ᠪᠠ ᠢᠳᠡᠪᠬᠢᠵᠢᠯ ᠢ ᠬᠥᠭᠵᠢᠭᠡᠪᠡ᠃ ᠰᠢᠭᠤᠶᠢᠲᠤ ᠵᠡᠭᠡᠯᠢ ᠭᠤᠳᠤᠮᠵᠢ ᠶᠢᠨ ᠬᠢᠨ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠣᠯᠠᠨ ᠶᠠᠩᠵᠤ ᠶᠢᠨ ᠴᠡᠷᠢᠭ ᠡᠯᠰᠡᠬᠦ ᠠᠵᠢᠯ ᠤᠨ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ︽ᠴᠡᠷᠢᠭ ᠲᠤ ᠣᠷᠣᠬᠤ ᠢᠷᠠᠭᠤ ᠠᠯᠳᠠᠷᠲᠠᠶ᠂ ᠤᠯᠤᠰ ᠣᠷᠣᠨ ᠢᠶᠠᠨ ᠬᠠᠮᠠᠭᠠᠯᠠᠬᠤ︾ ᠰᠠᠶᠢᠨ ᠰᠠᠶᠢᠬᠠᠨ ᠴᠡᠷᠢᠭ ᠡᠯᠰᠡᠬᠦ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号