1 ᠳ᠋ᠦ᠋ᠭᠡᠷ ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ | ᠯᠦ ᠱᠠᠨ ᠡᠳ᠋ᠯᠡᠩ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠵᠠᠩ ᠰᠢᠶᠤᠤ ᠹᠸᠢ ᠲᠦᠷᠦᠯ | ᠵᠦᠢᠯ ᠤᠨ ᠳᠣᠲᠣᠭᠠᠳᠤ ᠶᠢᠨ ᠵᠠᠰᠠᠵᠤ ᠴᠢᠮᠡᠭᠯᠡᠬᠦ ᠪᠠᠷᠢᠯᠭ᠎ᠠ ᠶᠢᠨ ᠠᠬᠢᠴᠠ ᠪᠣᠯᠤᠨ ᠪᠠᠷᠢᠯᠭ᠎ᠠ ᠶᠢᠨ ᠲᠤᠬᠠᠢ ᠶᠢᠨ | ᠲᠠᠯᠠᠪᠠᠢ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ | ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠴᠠᠢ᠃ | ᠲᠡᠷᠡ᠂ ᠴᠠᠭᠠᠨ ᠰᠠᠷ᠎ᠠ ᠣᠶᠢᠷᠠᠳᠴᠤ ᠪᠠᠶᠢᠭ᠎ᠠ ᠪᠣᠯᠬᠤᠷ᠂ ᠪᠠᠷᠢᠯᠭ᠎ᠠ ᠶᠢᠨ ᠨᠢᠭᠡᠴᠢ ᠠᠵᠢᠯ ᠤᠨ | ᠬᠤᠭᠤᠴᠠᠭᠠᠨ ᠳᠠᠭᠠᠨ ᠠᠶᠤᠯ ᠦᠭᠡᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠠᠮᠠᠷᠬᠠᠨ ᠣᠮᠲᠣᠭᠠᠶᠢᠯᠠᠵᠤ᠂ | ᠠᠵᠢᠯᠳᠠᠨ ᠠᠵᠢᠯᠴᠢᠨ ᠭᠡᠷ ᠲᠡᠭᠡᠨ ᠬᠠᠷᠢᠵᠤ ᠰᠢᠨᠡᠯᠡᠬᠦ ᠰᠡᠳᠭᠢᠯ ᠰᠠᠨᠳᠤᠷᠴᠤ᠂ ᠠᠮᠤᠷ ᠲᠦᠪᠰᠢᠨ ᠤ ᠤᠬᠠᠮᠰᠠᠷ ᠢᠶᠠᠨ | ᠠᠮᠠᠷᠬᠠᠨ ᠰᠤᠯᠠᠷᠠᠨ᠎ᠠ᠂ ᠡᠨᠡ ᠦᠶ᠎ᠡ ᠳᠤ ᠪᠢᠳᠡ ᠨᠡᠩ ᠴᠤ ᠠᠶᠤᠯ ᠦᠭᠡᠢ ᠦᠢᠯᠡᠳᠪᠦᠷᠢᠯᠡᠯ ᠤᠨ ᠬᠥᠪᠴᠢ ᠶᠢ | ᠴᠢᠩᠭᠠᠯᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠬᠤᠷᠢᠭᠯᠠᠬᠤ ᠬᠡᠷᠡᠭᠲᠡᠢ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ︽ᠭᠤᠷᠪᠠ ᠶᠢ ᠬᠠᠮᠢᠶᠠᠷᠴᠤ ᠭᠤᠷᠪᠠ ᠶᠢ | ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠠᠷᠭ᠎ᠠ | ᠬᠡᠮᠵᠢᠶ᠎ᠡ ᠶᠢ ᠨᠠᠷᠢᠯᠢᠬᠵᠢᠭᠤᠯᠤᠨ᠂ ᠰᠠᠯᠠᠭ᠎ᠠ ᠮᠥᠴᠢᠷ ᠤᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠡᠳᠦᠷ ᠲᠤᠲᠤᠮ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠪᠣᠳᠠᠲᠠᠶ ᠠᠳᠬᠤᠵᠤ | ᠂ ᠲᠤᠬᠠᠶ ᠶᠢᠨ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠵᠤ᠂ | ᠡᠯ᠎ᠡ ᠲᠥᠷᠥᠯ ᠤᠨ ᠠᠳᠡᠯ ᠭᠠᠷᠬᠤ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠬᠦ ᠬᠡᠷᠡᠭᠲᠡᠶ᠃ ᠪᠠᠷᠢᠯᠭ᠎ᠠ ᠶᠢᠨ | ᠨᠢᠭᠡᠴᠢ ᠨᠦᠭᠦᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠶᠤᠯ ᠥᠬᠡᠶ | ᠦᠢᠯᠡᠳᠪᠦᠷᠢᠯᠡᠯ ᠤᠨ ᠬᠠᠮᠢᠶ᠎ᠠ ᠪᠥᠬᠦᠶ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠷᠢᠯᠭ᠎ᠠ ᠪᠠᠷᠢᠬᠤ ᠲᠤᠬᠠᠶ ᠶᠢᠨ | ᠲᠠᠯᠠᠪᠤᠷ ᠤᠨ ᠠᠵᠢᠯᠲᠠᠨ ᠤ ᠠᠮᠤᠷ ᠲᠦᠪᠰᠢᠨ ᠤ ᠬᠥᠮᠦᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠵᠦᠢᠯ ᠤᠨ | ᠪᠠᠷᠢᠯᠭ᠎ᠠ ᠪᠠᠷᠢᠬᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ᠂ ᠪᠠᠷᠢᠯᠭ᠎ᠠ ᠪᠠᠷᠢᠬᠤ ᠲᠤᠬᠠᠶ ᠶᠢᠨ ᠲᠠᠯᠠᠪᠤᠷ ᠤᠨ | ᠴᠠᠬᠢᠯᠭᠠᠨ ᠬᠡᠷᠡᠭᠯᠡᠬᠦ᠂ ᠠᠮᠤᠷ ᠲᠦᠪᠰᠢᠨ ᠤ ᠬᠠᠮᠠᠭᠠᠯᠠᠯᠲᠠ ᠵᠡᠷᠭᠡ ᠨᠢ ᠪᠠᠷᠢᠮᠵᠢᠶ᠎ᠠ ᠳᠤ ᠨᠡᠶᠢᠴᠡᠬᠦ ᠶᠢ ᠦᠨᠡᠨ ᠬᠦ | ᠪᠠᠲᠤᠯᠠᠵᠤ᠂ ᠠᠮᠤᠷ ᠲᠦᠪᠰᠢᠨ ᠤ ᠳᠠᠯᠳᠠ ᠬᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠠᠶᠤᠯ ᠥᠬᠡᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ | ᠪᠥᠬᠦ ᠲᠣᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠲᠣᠭᠤᠷᠢᠭ ᠤᠨ ᠤᠳᠤᠷᠢᠳᠤᠯᠭ᠎ᠠ ᠯᠢ ᠰᠢᠶᠠᠩ᠂ ᠯᠢ ᠴᠢᠩ ᠵᠦᠩ᠂ ᠮᠠ ᠪᠢᠨ᠂ ᠰᠦᠨ ᠶᠤᠸᠠᠢ ᠵᠢᠴᠢ | ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ᠃ | |