ᠰᠢᠢᠳᠪᠦᠷᠢᠯᠡᠭᠳᠡᠬᠦᠢ ᠰᠡᠳᠬᠢᠬᠦᠶ ᠶᠢ ᠪᠣᠶ ᠪᠣᠯᠭᠠᠵᠤ ᠣᠷᠣᠨ ᠪᠦᠰᠡ ᠶᠢᠨ ᠪᠠᠬᠢᠯᠡᠯᠲᠡ ᠶᠢ ᠡᠪᠳᠡᠬᠦ — ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠣᠭᠤᠷᠢᠭ ᠤᠨ ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢ ᠳᠠᠭᠠᠭᠤᠯᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠬᠦᠷᠴᠦ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2025/1/6
        ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠴᠢᠳᠠᠪᠤᠷᠢ ᠶᠢ ᠨᠠᠩ ᠰᠠᠶᠢᠲᠤᠷ ᠳᠡᠭᠡᠭᠰᠢᠯᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠰᠣᠯᠢᠯᠴᠠᠭ᠎ᠠ ᠬᠥᠭᠵᠢᠯᠲᠡ ᠶᠢ ᠢᠳᠡᠪᠬᠢᠲᠡᠶ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠦ᠋ ᠲᠢᠩ ᠪᠦᠯᠬᠦᠮ ᠳᠠᠭᠠᠭᠤᠯᠤᠨ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠦᠷᠴᠦ ᠲᠣᠭᠤᠷᠢᠨ ᠦᠵᠡᠭᠰᠡᠨ ᠪᠥᠭᠡᠳ ᠶᠠᠷᠢᠯᠴᠠᠨ ᠰᠣᠯᠢᠯᠴᠠᠪᠠ᠂ ᠮᠠᠨ ᠤ ᠲᠣᠪᠴᠢᠶ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠳᠤᠭᠤᠶᠢᠯᠠᠩ ᠤᠨ ᠠᠵᠢᠯᠲᠠᠳ ᠪᠠ ᠪᠠᠳᠭᠡᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠰᠢᠭᠤᠶᠢᠲᠤ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠰᠤᠷᠤᠯᠴᠠᠯᠭ᠎ᠠ ᠶᠢᠨ ᠰᠠᠭᠤᠳᠠᠯ ᠤᠨ ᠬᠤᠷᠠᠯ ᠳᠤ ᠣᠷᠣᠯᠴᠠᠪᠠ᠃
图片6.png
        ᠲᠣᠰ ᠤᠳᠠᠭᠠᠨ ᠤ ᠠᠵᠢᠯᠯᠠᠭ᠎ᠠ ᠳᠤ᠂ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠮ ᠤᠨ ᠳᠡᠯᠭᠡᠭᠦᠷ᠂ ᠬᠢᠲᠠᠳ ᠡᠮᠨᠡᠯᠭᠡ ᠶᠢᠨ ᠰᠠᠯᠠᠭ᠎ᠠ᠂ ᠠᠮᠠᠨ ᠬᠥᠨᠳᠡᠶ ᠶᠢᠨ ᠰᠠᠯᠠᠭ᠎ᠠ᠂ ᠡᠮᠡᠭᠲᠡᠶ ᠶᠢᠨ ᠰᠠᠯᠠᠭ᠎ᠠ᠂ ᠵᠡᠭᠦᠦ ᠲᠥᠭᠡᠨᠡᠯᠭᠡ ᠶᠢᠨ ᠹᠢᠽᠢᠺ ᠵᠠᠰᠠᠯ ᠤᠨ ᠡᠷᠡᠭᠦᠯᠵᠢᠯ ᠤᠨ ᠰᠠᠯᠠᠭ᠎ᠠ᠂ ᠬᠡᠲᠦ ᠳᠠᠭᠤᠨ ᠰᠠᠯᠠᠭ᠎ᠠ᠂ ᠰᠠᠴᠤᠷᠠᠭ ᠤᠨ ᠰᠠᠯᠠᠭ᠎ᠠ ᠵᠡᠷᠭᠡ ᠰᠠᠯᠠᠭ᠎ᠠ ᠲᠠᠰᠤᠭ ᠢ ᠲᠣᠭᠤᠷᠢᠨ ᠦᠵᠡᠪᠡ᠃ ᠲᠤᠰ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠮ ᠤᠨ ᠳᠡᠯᠭᠡᠭᠦᠷ ᠤᠨ ᠠᠵᠢᠯ ᠤᠨ ᠬᠠᠮᠢᠶᠠᠷᠤᠯᠲᠠ ᠶᠢᠨ ᠳᠦᠷᠢᠮ᠂ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠤᠭᠰᠠᠨ ᠪᠠᠶᠢᠳᠠᠯ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ᠂ ᠡᠮ ᠡᠮᠨᠡᠯᠭᠡ ᠶᠢᠨ ᠳᠠᠭᠠᠳᠬᠠᠯ ᠤᠨ ᠲᠤᠰᠬᠠᠢ ᠲᠤᠰᠢᠶᠠᠯᠲᠠᠨ ᠢ ᠲᠣᠬᠢᠷᠠᠭᠤᠯᠬᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠢ ᠪᠠᠷ ᠲᠣᠬᠢᠷᠠᠭᠤᠯᠵᠤ ᠬᠡᠷᠡᠭᠵᠢᠭᠦᠯᠦᠭᠰᠡᠨ ᠪᠠᠶᠢᠳᠠᠯ᠂ ᠡᠮ ᠤᠨ ᠵᠣᠷ ᠤᠨ ᠬᠠᠮᠢᠶᠠᠷᠤᠯᠲᠠ ᠶᠢᠨ ᠠᠷᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠨᠠᠷᠢᠨ ᠭᠦᠨᠵᠡᠭᠡᠢ ᠶᠠᠷᠢᠯᠴᠠᠨ ᠰᠣᠯᠢᠯᠴᠠᠵᠤ᠂ ᠲᠤᠰ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠤᠢᠢᠷ᠎ᠠ ᠶᠢᠨ ᠵᠢᠯ ᠤᠨ ᠬᠥᠭᠵᠢᠯᠲᠡ ᠶᠢᠨ ᠪᠠᠶᠢᠳᠠᠯ᠂ ᠤᠨᠴᠠᠯᠢᠬᠳᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠡᠮ ᠤᠨ ᠵᠦᠢᠯᠡᠰ ᠢ ᠨᠠᠷᠢᠯᠢᠭ ᠲᠦᠷᠦᠯ ᠬᠤᠪᠢᠶᠠᠨ ᠬᠠᠮᠢᠶᠠᠷᠬᠤ ᠠᠷᠭ᠎ᠠ ᠵᠡᠷᠭᠡ ᠲᠠᠯ᠎ᠠ ᠪᠠᠷ ᠨᠠᠷᠢᠨ ᠨᠢᠭᠲᠠ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠲᠠᠢ ᠠᠵᠢᠯ ᠤᠨ ᠰᠣᠯᠢᠯᠴᠠᠭ᠎ᠠ ᠪᠣᠯᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠪᠡ᠃
图片7.png
        ᠲᠣᠰ ᠤᠳᠠᠭᠠᠨ ᠤ ᠰᠣᠯᠢᠯᠴᠠᠭ᠎ᠠ ᠰᠤᠷᠤᠯᠴᠠᠯᠭ᠎ᠠ ᠪᠠᠷ ᠳᠡᠮᠵᠢᠨ᠂ ᠮᠠᠨ ᠤ ᠲᠣᠭᠤᠷᠢᠭ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠳ ᠲᠣᠰ ᠤᠳᠠᠭᠠᠨ ᠤ ᠰᠤᠷᠤᠯᠴᠠᠯᠭ᠎ᠠ ᠪᠠᠷ ᠠᠵᠢᠯ ᠤᠨ ᠰᠡᠳᠬᠢᠮᠵᠢ ᠪᠠᠨ ᠥᠷᠭᠡᠳᠬᠡᠵᠦ᠂ ᠬᠤᠶᠢᠰᠢᠳᠠ ᠨᠡᠪᠲᠡᠷᠡᠯᠴᠡᠭᠡ ᠪᠠ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠪᠠᠷᠢᠮᠵᠢᠶ᠎ᠠ ᠲᠠᠢ ᠬᠠᠷᠢᠴᠠᠭᠤᠯᠤᠨ ᠵᠥᠷᠢᠶ᠎ᠡ ᠶᠢ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠨ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠦᠨ᠎ᠡ ᠭᠡᠵᠦ ᠢᠯᠡᠳᠭᠡᠪᠡ᠃ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠶᠠᠪᠤᠴᠠ ᠳᠠᠬᠢ ᠪᠠᠶᠢᠴᠠᠭᠠᠬᠤ ᠠᠷᠭ᠎ᠠ ᠮᠠᠶᠢᠭ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ᠲᠥᠪᠯᠡᠷᠡᠭᠦᠯᠦᠨ ᠬᠤᠳᠠᠯᠳᠤᠨ ᠠᠪᠬᠤ ᠬᠡᠮᠵᠢᠶ᠎ᠡ᠂ ᠡᠮ ᠡᠮᠨᠡᠯᠭᠡ ᠶᠢᠨ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢᠨ ᠨᠠᠶᠢᠲᠠᠪᠤᠷᠢᠵᠢᠭᠤᠯᠤᠯᠲᠠ ᠪᠠ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ ᠴᠢᠩᠭᠠᠳᠭᠠᠵᠤ᠂ ᠵᠢᠯᠣᠭᠤᠳᠬᠤ ᠦᠢᠯᠡᠴᠢᠯᠡᠭᠡᠨ ᠤ ᠠᠵᠢᠯ ᠢ ᠰᠠᠢᠲᠤᠷ ᠬᠢᠵᠦ᠂ ᠬᠠᠷᠢᠶ᠎ᠠ ᠲᠣᠭᠤᠷᠢᠭ ᠤᠨ ᠠᠷᠠᠳ ᠢᠷᠭᠡᠳ ᠲᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠬᠠᠩᠭᠠᠨ᠎ᠠ᠃ 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号