ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠬᠤᠷᠠᠯ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ︵ᠲᠣᠭᠤᠷᠢᠭ ᠤᠨ ︽ᠬᠤᠶᠠᠷ ᠢ ᠬᠦᠷᠢᠶᠡᠯᠡᠬᠦ︾ ᠠᠵᠢᠯ ᠤᠨ ᠤᠳᠤᠷᠢᠳᠬᠤ ᠳᠤᠭᠤᠶᠢᠯᠠᠩ︶ ᠤᠨ 2024 ᠣᠨ ᠤ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/7
        12 ᠳ᠋ᠤᠭᠠᠷ ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ᠂ ᠲᠤᠭᠤᠷᠢᠭ ᠤᠨ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠭᠠᠶ ᠯᠢᠶᠠᠨ ᠢᠦᠶ ᠲᠤᠭᠤᠷᠢᠭ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠬᠤᠷᠠᠯ ᠪᠠ ᠲᠤᠭᠤᠷᠢᠭ ᠤᠨ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ︵ᠲᠤᠭᠤᠷᠢᠭ ᠤᠨ ︽ᠬᠤᠶᠠᠷ ᠢ ᠬᠦᠷᠢᠶᠡᠯᠡᠬᠦ︾ ᠠᠵᠢᠯ ᠤᠨ ᠤᠳᠤᠷᠢᠳᠬᠤ ᠳᠤᠭᠤᠶᠢᠯᠠᠩ︶ ᠤᠨ 2024 ᠣᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠠᠵᠢᠯ ᠢ ᠳ᠋ᠦᠩᠨᠡᠨ ᠪᠠᠶᠢᠷᠢᠯᠠᠭᠤᠯᠵᠤ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ ︵ᠠᠵᠢᠯ ᠤᠨ︶ ᠬᠤᠷᠢᠶ᠎ᠠ ᠶᠢᠨ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ᠂ 2024 ᠣᠨ ᠤ ᠪᠦᠬᠦ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ᠂ ᠬᠤᠶᠠᠷ ᠢ ᠬᠦᠷᠢᠶᠡᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠵᠢᠴᠢ 2025 ᠣᠨ ᠤ ᠠᠵᠢᠯ ᠤᠨ ᠲᠤᠬᠢᠷᠠᠭᠤᠯᠤᠯᠳᠠ ᠶᠢ ᠰᠣᠨᠤᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠣᠯᠤᠨ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠲᠤᠰᠬᠠᠢ ᠰᠡᠳᠦᠪᠲᠦ ᠠᠵᠢᠯᠯᠠᠭ᠎ᠠ ᠲᠠᠢ ᠤᠶᠠᠯᠳᠤᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠬᠠᠷᠢᠭᠤᠴᠠᠯᠭ᠎ᠠ ᠡᠭᠦᠷᠭᠡ ᠶᠢ ᠡᠷᠡᠰ ᠡᠭᠦᠷᠭᠡᠯᠡᠬᠦ ᠬᠡᠷᠡᠭᠲᠡᠢ᠃ ᠲᠠᠶᠢᠨ ᠳᠤ ᠪᠡᠯᠡᠳᠬᠡᠬᠦ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠵᠦ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠠᠮᠢᠰᠬᠤᠭ᠎ᠠ ᠪᠠᠨ ᠨᠢᠭᠡᠳᠬᠡᠬᠦ᠂ ᠬᠤᠪᠢ ᠵᠠᠶᠠᠭ᠎ᠠ ᠪᠠᠨ ᠬᠠᠮᠲᠤᠳᠬᠠᠬᠤ᠂ ᠰᠡᠳᠬᠢᠯ ᠵᠢᠷᠦᠬᠡ ᠪᠠᠨ ᠬᠤᠯᠪᠣᠬᠤ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠥᠷᠭᠡᠨ ᠣᠯᠠᠨ ᠡᠷᠦᠬᠡ ᠶᠢᠨ ᠴᠡᠷᠢᠭ ᠪᠣᠯᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠤᠷ ᠲᠣᠭᠲᠠᠭᠤᠨ ᠢ ᠬᠠᠮᠠᠭᠠᠯᠠᠬᠤ᠂ ᠠᠶᠤᠯ ᠭᠠᠮᠰᠢᠭ ᠠᠴᠠ ᠠᠪᠤᠷᠠᠬᠤ᠂ ᠠᠮᠤᠷ ᠠᠮᠤᠭᠤᠯᠠᠩ ᠢ ᠡᠭᠦᠳᠦᠨ ᠪᠠᠶᠢᠭᠤᠯᠬᠤ ᠵᠡᠷᠭᠡ ᠡᠯ᠎ᠡ ᠵᠦᠢᠯ  ᠤᠨ ᠠᠵᠢᠯ ᠳᠤ ᠢᠳᠡᠪᠬᠢᠲᠡᠶ ᠣᠷᠣᠯᠴᠠᠵᠤ᠂ ᠮᠠᠨ ᠤ ᠲᠤᠭᠤᠷᠢᠭ ᠤᠨ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠤᠰᠢᠭᠤᠴᠢ ᠲᠣᠭᠤᠷᠢᠭ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃        ᠲᠣᠭᠤᠷᠢᠭ ᠤᠨ ᠤᠳᠤᠷᠢᠳᠤᠯᠭ᠎ᠠ ᠯᠢ ᠰᠢᠶᠠᠩ᠂ ᠵᠠᠩ ᠰᠢᠶᠦ᠋ᠩ᠂ ᠴᠧᠨ ᠵᠢᠶᠠ ᠵᠢᠶᠦ᠋ᠨ᠂ ᠭᠠᠢ ᠪᠥᠸᠧ᠂ ᠯᠢᠦ ᡁᠢ ᠴᠢᠶᠠᠩ᠂ ᠱᠠᠩ ᠶᠦᠩ ᠵᠧᠨ᠂ ᠰᠦᠩ ᠵᠤᠤ ᠬᠤᠸᠠ᠂ ᠰᠢᠤᠢ ᠳ᠋ᠦᠩ ᠯᠠᠢ᠂ ᠲᠣᠭᠤᠷᠢᠭ ᠤᠨ ᠴᠡᠷᠢᠭ ᠠᠩᠭᠢ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号