ᠬᠠᠭᠤᠴᠢᠨ ᠠᠭᠤᠷᠬᠠᠢ ᠶᠢᠨ ᠲᠣᠭᠤᠷᠢᠭ→ᠰᠢᠨ᠎ᠠ ᠵᠡᠭᠡᠯᠢ ᠲᠤᠭᠤᠷᠢᠭ   ᠬᠢᠴᠢᠶᠡᠩᠭᠦᠶᠢᠯᠡᠨ ᠬᠦᠰᠡᠭᠡᠷᠡᠢ︕
ᠨᠡᠶᠢᠲᠡᠯᠡᠭᠰᠡᠨ ᠴᠠᠭ᠄
2025/1/7
        ᠡᠷᠲᠡᠨ ᠤ ᠵᠡᠭᠡᠯᠢ ᠭᠤᠳᠤᠮᠵᠢ ᠳᠤ ᠲᠡᠤᠬᠡ᠂ ᠬᠥᠮᠦᠨ ᠨᠡᠶᠢᠭᠡᠮ᠂ ᠠᠷᠠᠳ ᠤᠨ ᠵᠠᠩ ᠦᠢᠯᠡ ᠵᠡᠷᠭᠡ ᠣᠯᠠᠨ ᠬᠦᠴᠦᠨ ᠵᠦᠢᠯ ᠢ ᠠᠴᠢᠶᠠᠯᠠᠵᠤ ᠪᠠᠶᠢᠳᠠᠭ᠂ ᠡᠨᠡ ᠪᠣᠯ ᠬᠥᠮᠦᠰ ᠤᠨ ᠰᠡᠳᠬᠢᠯ ᠳᠤ ᠦᠯᠡᠳᠡᠭᠡᠭᠰᠡᠨ ᠨᠤᠲᠤᠭ ᠤᠨ ᠵᠣᠪᠠᠨᠢᠯ ᠪᠠ ᠢᠮ ᠲᠡᠮᠳᠡᠭ ᠮᠥᠨ᠃ ᠬᠠᠭᠤᠴᠢᠨ ᠵᠡᠭᠡᠯᠢ᠂ ᠡᠷᠲᠡᠨ ᠤ ᠪᠠᠷᠢᠯᠭ᠎ᠠ ᠶᠢ ᠬᠠᠮᠠᠭᠠᠯᠠᠨ ᠰᠡᠯᠪᠢᠨ ᠵᠠᠰᠠᠵᠤ᠂ ᠬᠤᠲᠠ ᠶᠢᠨ ᠪᠦᠲᠦᠴᠡ ᠵᠦᠢ ᠶᠢ ᠦᠯᠡᠳᠡᠭᠡᠭᠰᠡᠨ ᠮᠥᠷᠲᠡᠭᠡᠨ ᠬᠤᠲᠠ ᠶᠢᠨ ᠲᠡᠦᠬᠡ ᠶᠢᠨ ᠰᠤᠳᠠᠰᠤ ᠪᠠ ᠬᠥᠮᠦᠨ ᠨᠡᠶᠢᠭᠡᠮ ᠤᠨ ᠳᠤᠷᠠᠰᠤᠮᠵᠢ ᠶᠢ ᠦᠯᠡᠳᠡᠭᠡᠭᠰᠡᠨ ᠪᠠᠶᠢᠨ᠎ᠠ᠃        ᠰᠢᠭᠤᠶᠢᠲᠤ ᠲᠣᠭᠤᠷᠢᠭ ᠲᠤ ᠡᠶᠢᠮᠦ ᠨᠢᠭᠡᠨ ᠣᠨᠴᠠᠯᠢᠭᠲᠤ ᠲᠡᠦᠬᠡ ᠰᠣᠶᠣᠯ ᠤᠨ ᠵᠡᠭᠡᠯᠢ ᠲᠣᠭᠤᠷᠢᠭ ᠪᠠᠶᠢᠨ᠎ᠠ᠃        ᠲᠡᠷᠡ ᠪᠣᠯ ᠵᠠᠭᠤ ᠭᠠᠷᠤᠢ ᠵᠢᠯ ᠤᠨ ᠡᠮᠦᠨᠡᠬᠢ ᠡᠮᠦᠨᠡᠲᠦ ᠤᠮᠠᠷᠠᠲᠤ ᠶᠢᠨ ᠠᠷᠠᠯᠵᠢᠶ᠎ᠠ ᠬᠤᠳᠠᠯᠳᠤᠭᠠᠨ ᠤ ᠬᠦᠢᠰᠦ ᠪᠠ ᠥᠷᠲᠡᠭᠡ ᠪᠣᠯᠤᠨ᠎ᠠ︔ ᠲᠡᠷᠡ ᠪᠣᠯ ᠬᠤᠪᠢᠰᠬᠠᠯᠲᠤ ᠴᠠᠭ ᠦᠶ᠎ᠡ ᠶᠢᠨ ᠪᠤᠭᠤᠲᠤ ᠶᠢᠨ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠠᠶᠢᠭᠤᠯᠤᠭᠰᠠᠨ ᠴᠢᠬᠤᠯᠠ ᠭᠡᠷᠡᠴᠢᠯᠡᠯ ᠪᠣᠯᠤᠨ᠎ᠠ︔ ᠮᠥᠨ ᠴᠦ ︽ᠤᠷᠢᠬᠠᠨ ᠬᠠᠪᠤᠷ︾᠂ ︽ᠤᠮᠠᠷᠠᠲᠤ ᠶᠢᠨ ᠡᠬᠡ ᠭᠠᠵᠠᠷ︾᠂ ︽ᠴᠠᠶᠢᠷᠠᠭᠤᠯᠬᠤ︾᠂ ︽ᠮᠠᠭᠤ ᠬᠡᠢ︾ ᠵᠡᠷᠭᠡ ᠺᠢᠨᠣ ᠲᠧᠯᠸᠢᠰ ᠵᠦᠴᠦᠭᠡ ᠶᠢᠨ ᠦᠵᠡᠮᠵᠢ ᠠᠪᠤᠭᠰᠠᠨ ᠭᠠᠵᠠᠷ ᠮᠥᠨ᠃        ᠲᠡᠷᠡ ᠪᠣᠯ ᠳᠠᠷᠤᠢ ︽ᠳ᠋ᠠ ᠹᠠ 1913︾ ᠣᠨᠴᠠᠯᠢᠭᠲᠤ ᠲᠡᠦᠬᠡ ᠰᠤᠶᠤᠯ ᠤᠨ ᠵᠡᠭᠡᠯᠢ ᠪᠣᠯᠤᠨ᠎ᠠ᠃        ᠳ᠋ᠠ ᠹᠠ ᠵᠡᠭᠡᠯᠢ ᠪᠠᠷ ᠤᠳᠠᠭᠠᠨ ᠠᠯᠬᠤᠯᠠᠬᠤ ᠳᠤ᠂ ᠬᠥᠯ ᠳᠣᠣᠷ᠎ᠠ ᠬᠠᠶᠢᠷ ᠴᠢᠯᠠᠭᠤᠨ ᠵᠠᠮ᠂ ᠳᠡᠭᠡᠭᠰᠢ ᠬᠠᠷᠠᠪᠠᠯ ᠬᠥᠬᠡ ᠲᠣᠭᠤᠰᠬᠠᠨ ᠭᠡᠷ᠂ ᠠᠮᠢᠳᠤᠷᠠᠯ ᠤᠨ ᠠᠭᠤᠷ ᠠᠮᠢᠰᠬᠤᠯ᠂ ᠰᠣᠶᠣᠯ ᠤᠨ ᠦᠨᠦᠷ᠂ ᠲᠡᠦᠬᠡ ᠶᠢᠨ ᠲᠥᠷᠥᠭᠳᠡᠯ ᠠᠳᠡ ᠠᠭᠤᠰᠤᠯᠴᠠᠵᠤ ᠰᠦᠯᠵᠢᠯᠳᠦᠨ᠎ᠡ᠃ ᠵᠠᠮ ᠤᠨ ᠬᠠᠵᠠᠭᠤᠳᠠᠬᠢ ᠭᠡᠷᠡᠯ ᠵᠢᠷᠤᠭ ᠤᠨ ᠣᠷᠳᠣᠨ᠂ ᠦᠰᠦ ᠵᠠᠰᠠᠬᠤ ᠭᠠᠵᠠᠷ᠂ ᠰᠡᠯᠪᠢᠨ ᠵᠠᠰᠠᠬᠤ ᠭᠠᠵᠠᠷ ᠵᠡᠷᠭᠡ ᠡᠯ᠎ᠡ ᠵᠦᠢᠯ ᠤᠨ ᠳᠡᠯᠭᠡᠭᠦᠷ ᠫᠦᠰᠡ ᠨᠦᠭᠦᠳ ᠨᠢ ᠶᠠᠭ ᠥᠩᠭᠡᠷᠡᠭᠰᠡᠨ ᠤ ᠠᠳᠡᠬᠢ ᠶᠢᠨ ᠭᠡᠷᠡᠯ ᠰᠠᠴᠤᠷᠠᠩᠭᠤᠢ ᠦᠢᠯᠡᠰ ᠤᠨ ᠲᠤᠬᠠᠢ ᠶᠠᠷᠢᠵᠤ ᠪᠠᠶᠢᠭ᠎ᠠ ᠰᠢᠭ᠃        ᠠᠳᠡ ᠪᠣᠯ ᠰᠢᠭᠤᠶᠢᠲᠤ ᠲᠣᠭᠤᠷᠢᠭ ᠤᠨ ᠨᠡᠭᠦᠷᠡᠰᠦᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠶᠠᠪᠤᠴᠠ ᠳᠠᠬᠢ ᠴᠢᠬᠤᠯᠠ ᠡᠬᠢᠯᠡᠯᠲᠡ ᠪᠣᠯᠤᠨ᠎ᠠ᠃        ᠴᠢᠩ ᠤᠯᠤᠰ ᠤᠨ ᠰᠡᠬᠦᠯᠴᠢ ᠪᠠᠷ ᠰᠢᠭᠤᠶᠢᠲᠤ ᠲᠣᠭᠤᠷᠢᠭ ᠤᠨ ᠵᠢᠵᠢᠭ ᠨᠡᠭᠦᠷᠡᠰᠦᠨ ᠠᠭᠤᠷᠬᠠᠢ ᠳᠤ ᠭᠤᠤ ᠵᠢᠯᠠᠭ᠎ᠠ ᠨᠡᠶᠢᠳᠡᠮ ᠪᠦᠷᠬᠦᠵᠦ ᠪᠠᠶᠢᠪᠠ᠂ ᠬᠡᠳᠦᠨ ᠱᠠᠨ ᠰᠢ ᠶᠢᠨ ᠨᠡᠭᠦᠳᠡᠯᠴᠢᠨ ᠠᠷᠠᠳ ᠤᠳᠣ ᠶᠢᠨ ᠪᠠᠳᠺᠠᠷ ᠵᠣᠣ ᠪᠠᠯᠭᠠᠰᠤᠨ ᠤ ᠰᠢᠨ ᠱᠦ ᠭᠤᠸᠠᠩ ᠲᠤᠰᠬᠤᠨ ᠤ ᠬᠠᠪᠢ ᠳᠤ ᠵᠢᠵᠢᠭ ᠨᠡᠭᠦᠷᠡᠰᠦᠨ ᠠᠭᠤᠷᠬᠠᠢ ᠪᠠᠶᠢᠭᠤᠯᠤᠨ᠂ ᠡᠳ᠋ ᠮᠦᠩᠭᠦ ᠲᠠᠢ ᠪᠣᠯᠬᠤ ᠶᠢ ᠲᠠᠭᠠᠳᠬᠠᠬᠤ ᠶᠢᠨ ᠲᠦᠯᠦᠬᠡ᠂ ᠨᠡᠭᠦᠷᠡᠰᠦᠨ ᠠᠭᠤᠷᠬᠠᠢ ᠪᠠᠨ ︽ᠳ᠋ᠠ ᠹᠠ ᠶᠤᠤ︾ ᠭᠡᠵᠦ ᠨᠡᠷᠡᠯᠡᠵᠡᠢ᠃ ᠤᠳᠠᠭᠠᠨ ᠳᠤ ᠪᠠᠨ ᠬᠥᠮᠦᠰ ᠡᠨᠡ ᠬᠦ ᠲᠣᠭᠤᠷᠢᠭ ᠢ ᠳ᠋ᠠ ᠹᠠ ᠶᠣᠣ ᠭᠡᠵᠦ ᠨᠡᠷᠡᠯᠡᠳᠡᠭ ᠪᠣᠯᠵᠠᠢ᠃ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠣᠯᠣᠰ ᠪᠠᠶᠢᠭᠤᠯᠣᠭᠳᠠᠭᠰᠠᠨ ᠤ ᠰᠡᠭᠦᠯᠡᠷ᠂ ᠲᠣᠰ ᠲᠣᠭᠤᠷᠢᠭ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠢ ᠪᠠᠶᠢᠭᠤᠯᠵᠦ᠂ ᠮᠦᠨ ᠲᠤᠰ ᠨᠡᠷ᠎ᠡ ᠪᠠᠷ ᠬᠡᠷᠡᠭᠯᠡᠵᠦ᠂ ︽ᠳ᠋ᠠ ᠹᠠ ᠵᠡᠭᠡᠯᠢ ᠭᠤᠳᠣᠮᠵᠢ︾ ᠭᠡᠪᠡ᠃        ᠳᠤᠮᠳᠠᠳᠤ ᠢᠷᠭᠡᠨ ᠤᠯᠤᠰ ᠤᠨ ᠡᠬᠢᠨ ᠤ ᠦᠶ᠎ᠡ ᠳᠤ ᠰᠢᠭᠤᠶᠢᠲᠤ ᠲᠤᠭᠤᠷᠢᠭ ︽ᠮᠦᠸᠧ ᠨᠠᠨ ᠡᠮᠦᠨᠡᠬᠢ ᠠᠭᠤᠷᠬᠠᠶ ᠶᠢᠨ ᠦᠢᠯᠡᠰ ᠤᠨ ᠺᠣᠮᠫᠠᠨᠢ︾ ᠶᠢ ᠪᠠᠶᠢᠭᠤᠯᠵᠤ᠂ ᠪᠠᠷᠠᠭᠤᠨᠰᠢ ᠨᠡᠭᠦᠳᠡᠯᠯᠡᠬᠦ ᠬᠤᠶᠠᠳᠤᠭᠠᠷ ᠤᠳᠠᠭᠠᠨ ᠤ ᠣᠷᠭᠢᠯ ᠦᠶ᠎ᠡ ᠴᠦ ᠳᠠᠭᠠᠯᠳᠤᠨ ᠢᠷᠡᠵᠦ᠂ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ ᠤᠯᠠᠮ ᠬᠥᠭᠵᠢᠶᠡᠨ ᠲᠠᠢ ᠪᠣᠯᠪᠠ᠃ ᠰᠢᠨ᠎ᠡ ᠲᠣᠮᠳᠠᠳᠣ ᠣᠯᠣᠰ ᠪᠠᠶᠢᠭᠤᠯᠣᠭᠳᠠᠭᠰᠠᠨ ᠠᠴᠠ ᠰᠡᠭᠦᠯᠡᠷ᠂ ᠴᠠᠭᠠᠨ ᠭᠤᠤ ᠶᠢᠨ ᠠᠭᠤᠷᠬᠠᠢ ᠵᠢᠩᠬᠢᠨᠢ ᠪᠠᠷ ᠠᠰᠢᠭᠯᠠᠯᠳᠠ ᠳᠤ ᠣᠷᠣᠬᠤ ᠶᠢ ᠲᠠᠭᠠᠯᠳᠣᠨ᠂ 20 ᠳ᠋ᠤᠭᠠᠷ ᠵᠠᠭᠤᠨ ᠤ ᠳᠠᠯᠠᠭᠠᠳ ᠣᠨ ᠤ ᠳᠤᠮᠳᠠᠴᠢ ᠪᠣᠯᠬᠤ ᠳᠤ ᠴᠠᠭᠠᠨ ᠭᠤᠤ ᠶᠢᠨ ᠠᠭᠤᠷᠬᠠᠢ ᠦᠢᠯᠡᠳᠪᠦᠷᠢᠯᠡᠯ ᠤᠨ ᠦᠷᠨᠢᠯᠳᠡ ᠶᠢᠨ ᠬᠤᠭᠤᠴᠠᠭᠠᠨ ᠳᠤ ᠪᠠᠨ ᠣᠷᠣᠪᠠ᠃ ᠳ᠋ᠠ ᠹᠠ ᠵᠡᠭᠡᠯᠢ ᠳᠤ ᠠᠮᠢᠳᠤᠷᠠᠵᠤ ᠪᠠᠶᠢᠭ᠎ᠠ ᠰᠠᠭᠤᠭᠠᠯᠢ ᠠᠷᠠᠳ᠂ ᠠᠭᠤᠷᠬᠠᠢ ᠶᠢᠨ ᠠᠵᠢᠯᠴᠢᠨ 3 ᠲᠦᠮᠡ ᠭᠠᠷᠤᠢ ᠬᠥᠮᠥᠨ ᠪᠣᠯᠪᠠ᠃        ᠠᠳᠡ ᠪᠣᠯ ᠬᠤᠪᠢᠰᠬᠠᠯᠲᠤ ᠭᠠᠯ ᠤᠨ ᠴᠤᠭ᠂ ᠨᠡᠭᠦᠷᠡᠰᠦᠨ ᠠᠭᠤᠷᠬᠠᠢ ᠶᠢᠨ ᠠᠵᠦ ᠦᠢᠯᠡᠳᠪᠦᠷᠢ ᠶᠢᠨ ᠭᠠᠯ ᠢ ᠨᠣᠴᠤᠭᠠᠬᠤ ᠦᠯᠦᠭᠡᠢ ᠪᠣᠯᠣᠨ᠎ᠠ᠃        ᠰᠢᠭᠤᠶᠢᠲᠤ ᠲᠣᠭᠤᠷᠢᠭ ᠤᠨ ᠠᠵᠢᠯᠴᠢᠨ ᠤ ᠠᠵᠢᠯ ᠬᠠᠶᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠤᠷᠠᠬᠢ ᠠᠩᠬᠠᠳᠤᠭᠠᠷ ᠤᠳᠠᠭᠠᠨ ᠤ ᠠᠵᠢᠯᠴᠢᠨ ᠤ ᠬᠥᠳᠡᠯᠭᠡᠭᠡᠨ ᠮᠥᠨ᠂ ᠥᠪᠥᠷ ᠮᠣᠩᠭᠤᠯ ᠤᠨ ᠭᠠᠵᠠᠷ ᠣᠷᠣᠨ ᠤ ᠠᠵᠢᠯᠴᠢᠨ ᠤ ᠬᠥᠳᠡᠯᠭᠡᠭᠡᠨ ᠢ ᠵᠣᠷᠢᠭᠵᠢᠭᠤᠯᠬᠤ ᠨᠢᠭᠡᠨ ᠬᠡᠷᠡᠯ ᠰᠠᠴᠤᠷᠠᠩᠭᠤᠶ ᠲᠤᠭ ᠮᠥᠨ ᠪᠥᠭᠡᠳ ᠪᠠᠰᠠ ᠴᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠶᠢᠨ ᠠᠵᠢᠯ ᠤᠨ ᠬᠤᠷᠢᠶ᠎ᠠ ᠨᠠᠮ ᠤᠨ ᠨᠢᠭᠲᠠ ᠬᠠᠷᠢᠯᠴᠠᠬᠤ᠂ ᠠᠵᠢᠯᠴᠢᠨ ᠠᠩᠭᠢ ᠶᠢ ᠳᠠᠶᠢᠴᠢᠯᠠᠬᠤ ᠲᠤᠬᠠᠶ ᠵᠢᠭᠠᠪᠤᠷᠢ ᠶᠢ ᠡᠷᠡᠰ ᠲᠤᠭᠤᠰᠢᠯᠠᠭᠤᠯᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠵᠣᠷᠢᠭᠲᠠᠶ ᠪᠠᠷ ᠲᠡᠮᠡᠴᠡᠬᠦ᠂ ᠴᠢᠳᠠᠮᠠᠭᠠᠶ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ᠂ ᠲᠡᠮᠡᠴᠡᠯ ᠤᠨ ᠠᠷᠭ᠎ᠠ ᠪᠣᠳᠣᠯᠭ᠎ᠠ ᠶᠢ ᠵᠦᠶ ᠵᠣᠬᠢᠰᠲᠠᠶ ᠬᠡᠷᠡᠭᠯᠡᠵᠦ᠂ ᠠᠵᠢᠯᠴᠢᠨ ᠤ ᠠᠰᠢᠭ ᠲᠤᠰᠠ ᠶᠢ ᠦᠨᠡᠨ ᠬᠦ ᠬᠠᠮᠠᠭᠠᠯᠠᠬᠤ ᠬᠡᠷᠡᠯ ᠰᠠᠴᠤᠷᠠᠩᠭᠤᠶ ᠬᠡᠪ ᠳᠠᠭᠤᠷᠢᠶᠠᠯ ᠮᠥᠨ᠃        ᠵᠠᠭᠤᠨ ᠵᠢᠯ ᠤᠨ ᠳᠠᠷᠠᠭᠠᠬᠢ ᠥᠨᠥᠳᠦᠷ᠂ ᠰᠢᠭᠤᠶᠢᠲᠤ ᠲᠣᠭᠤᠷᠢᠭ ᠤᠨ ᠬᠠᠭᠤᠴᠢᠨ ᠠᠭᠤᠷᠬᠠᠶ ᠶᠢᠨ ᠲᠣᠭᠤᠷᠢᠭ ᠨᠢ ᠨᠢᠭᠡᠨᠲᠡ ᠨᠢᠭᠡᠨ ᠬᠡᠰᠡᠭ ᠭᠠᠵᠠᠷ ᠰᠢᠷᠣᠶ᠂ ᠨᠢᠭᠡ ᠬᠡᠰᠡᠭ ᠬᠤᠭᠤᠴᠠᠭ᠎ᠠ ᠪᠣᠯᠤᠭᠰᠠᠨ ᠢᠶᠠᠷ ᠪᠠᠷᠠᠬᠤ ᠥᠬᠡᠶ᠂ ᠪᠠᠰᠠ ᠥᠪᠡᠷᠮᠢᠴᠡ ᠠᠭᠤᠷᠬᠠᠶ ᠶᠢᠨ ᠰᠣᠶᠣᠯ ᠢ ᠠᠴᠢᠶᠠᠯᠠᠵᠤ᠂ ᠠᠭᠤᠷᠬᠠᠶ ᠶᠢᠨ ᠲᠣᠭᠤᠷᠢᠭ ᠤᠨ ᠬᠦᠮᠦᠰ ᠤᠨ ᠣᠷᠣᠰᠢᠨ ᠲᠣᠭᠲᠠᠨᠢᠬᠤ ᠶᠢᠨ ᠲᠦᠯᠦᠭᠡ ᠲᠠᠰᠤᠷᠠᠯᠲᠠ ᠥᠬᠡᠶ ᠲᠡᠮᠡᠴᠡᠬᠦ ᠵᠣᠷᠢᠭ ᠰᠠᠨᠠᠭ᠎ᠠ ᠪᠠ ᠲᠡᠮᠡᠴᠡᠯ ᠤᠨ ᠥᠩᠭᠡᠷᠡᠯᠲᠡ ᠶᠢ ᠠᠴᠢᠶᠠᠯᠠᠵᠤ ᠪᠣᠶ᠃        ᠬᠠᠭᠤᠴᠢᠨ ᠵᠡᠭᠡᠯᠢ ᠶᠢᠨ ᠵᠠᠩ ᠠᠭᠠᠯᠢ ᠶᠢᠨ ᠬᠠᠶᠢᠷ᠎ᠠ ᠰᠡᠳᠬᠢᠯᠭᠡ ᠶᠢ ᠨᠡᠩ ᠰᠠᠶᠢᠨ ᠢᠯᠡᠷᠡᠭᠦᠯᠬᠦ ᠶᠢᠨ ᠲᠥᠯᠥᠭᠡ᠂ ᠰᠢᠭᠤᠶᠢᠲᠤ ᠲᠣᠭᠤᠷᠢᠭ ᠤᠨ ︽ᠳ᠋ᠠ ᠹᠠ 1913︾ ᠣᠨᠴᠠᠯᠢᠭᠲᠤ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ ᠡᠮᠦᠨ᠎ᠡ ᠪᠠᠨ ᠳ᠋ᠠ ᠹᠠ ᠶᠠᠩ ᠬᠥᠭᠦᠷᠭᠡ᠂ ᠬᠤᠶᠢᠰᠢ ᠪᠠᠨ ᠳ᠋ᠠ ᠹᠠ ᠠᠯᠪᠠᠨ ᠭᠡᠷ ᠤᠨ ᠬᠠᠭᠤᠴᠢᠨ ᠪᠠᠭᠤᠷᠢ᠂ ᠠᠭᠤᠷᠬᠠᠢ ᠶᠢᠨ ᠬᠤᠶᠠᠳᠤᠭᠠᠷ ᠪᠠᠭ᠎ᠠ ᠰᠤᠷᠭᠠᠭᠤᠯᠢ ᠬᠦᠷᠴᠦ᠂ ᠶᠡᠷᠦᠩᠬᠡᠢ ᠣᠷᠳᠣ ᠨᠢ ᠪᠠᠷᠤᠭ 1 000 ᠮᠧᠲᠷ ᠪᠠᠶᠢᠨ᠎ᠠ᠃ ᠶᠠᠫᠤᠨ ᠬᠠᠭᠤᠷᠮᠠᠭ᠂ ᠰᠢᠨ᠎ᠡ ᠳᠤᠮᠳᠠᠳᠤ ᠤᠯᠤᠰ ᠤᠨ ︽ᠨᠢᠭᠡᠳᠦᠭᠡᠷ ᠲᠠᠪᠤᠨ ᠵᠢᠯ︾ ᠤᠨ ᠬᠤᠭᠤᠴᠠᠭ᠎ᠠ᠂ ᠳᠡᠭᠡᠷ᠎ᠡ ᠵᠠᠭᠤᠨ ᠤ 60᠂ 80᠂ 80᠂ ᠶᠡᠷᠡᠭᠡᠳ ᠣᠨ ᠵᠡᠷᠭᠡ ᠵᠠᠭᠤ ᠰᠢᠬᠠᠮ ᠵᠢᠯ ᠤᠨ ᠲᠡᠤᠬᠡ ᠶᠢ ᠬᠠᠮᠤᠷᠤᠭᠰᠠᠨ ᠨᠡᠭᠦᠷᠡᠰᠦᠨ ᠤ ᠠᠵᠤ ᠦᠢᠯᠡᠳᠪᠦᠷᠢ᠂ ᠲᠡᠮᠦᠷ ᠵᠠᠮ ᠪᠠ ᠠᠮᠢᠳᠤᠷᠠᠯ ᠤᠨ ᠪᠠᠭᠤᠷᠢ ᠶᠢᠨ ᠦᠯᠡᠳᠡᠭᠳᠡᠯ ᠨᠢ ᠴᠥᠮ ᠪᠦᠷᠢᠨ ᠪᠦᠲᠦᠨ᠂ ᠬᠠᠳᠠᠭᠠᠯᠠᠯᠲᠠ ᠶᠢᠨ ᠬᠡᠮᠵᠢᠶ᠎ᠡ ᠨᠢ ᠨᠡᠯᠢᠶᠡᠳ ᠶᠡᠭᠡ ᠶᠤᠮ᠃ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠵᠣᠬᠢᠰᠲᠠᠶ ᠬᠠᠮᠠᠭᠠᠯᠠᠵᠤ ᠰᠡᠯᠪᠢᠨ ᠵᠠᠰᠠᠬᠤ ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ᠲᠡᠤᠬᠡ ᠶᠢᠨ ᠪᠠᠷᠢᠯᠭ᠎ᠠ ᠶᠢᠨ ᠴᠤᠭ ᠵᠢᠪᠬᠤᠭ᠎ᠠ ᠶᠢ ᠳᠠᠬᠢᠨ ᠢᠯᠡᠷᠡᠭᠦᠯᠵᠦ᠂ ᠬᠡᠳᠦᠨ ᠦᠶ᠎ᠡ ᠶᠢᠨ ᠬᠥᠮᠦᠰ ᠤᠨ ᠠᠮᠢᠳᠤᠷᠠᠯ ᠤᠨ ᠳᠤᠷᠠᠰᠤᠮᠵᠢ ᠶᠢ ᠦᠯᠡᠳᠡᠭᠡᠪᠡ᠃        ︽ᠬᠠᠭᠤᠴᠢᠨ ᠠᠭᠤᠷᠬᠠᠢ ᠶᠢᠨ ᠲᠣᠭᠤᠷᠢᠭ︾ ᠠᠴᠠ ︽ᠰᠢᠨ᠎ᠡ ᠵᠡᠭᠡᠯᠢ ᠲᠣᠭᠤᠷᠢᠭ︾ ᠬᠦᠷᠲᠡᠯ᠎ᠡ᠂ ᠲᠥᠷᠥᠯ ᠵᠦᠢᠯ ᠪᠦᠬᠦᠯᠢ ᠴᠣᠭᠴᠠ ᠪᠠᠷ ᠢᠶᠠᠨ ︽ᠳ᠋ᠠ ᠹᠠ ᠬᠠᠭᠤᠴᠢᠨ ᠵᠡᠭᠡᠯᠢ ᠶᠢ ᠭᠡᠲᠦᠯᠵᠦ᠂ ᠬᠤᠪᠢᠰᠬᠠᠯ ᠤᠨ ᠤᠯᠠᠮᠵᠢᠯᠠᠯ ᠢ ᠣᠶᠢᠯᠠᠭᠠᠬᠤ︾ ᠪᠠᠷ ᠭᠤᠣᠯ ᠰᠡᠳᠦᠪ ᠪᠣᠯᠭᠠᠵᠤ᠂ ᠳ᠋ᠠ ᠹᠠ ᠬᠠᠭᠤᠴᠢᠨ ᠵᠡᠭᠡᠯᠢ ᠶᠢᠨ ᠬᠤᠪᠢᠰᠬᠠᠯ ᠤᠨ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠴᠠᠭ ᠦᠶ᠎ᠡ ᠶᠢᠨ ᠪᠢᠴᠢᠯ ᠵᠦᠴᠦᠭᠡ ᠰᠡᠭᠦᠳᠡᠷᠯᠡᠬᠦ ᠰᠠᠭᠤᠷᠢᠨ ᠭᠠᠵᠠᠷ ᠵᠢᠴᠢ ᠭᠡᠷᠡᠯ ᠵᠢᠷᠤᠭ ᠵᠢᠷᠤᠬᠤ ᠰᠠᠭᠤᠷᠢᠨ ᠭᠠᠵᠠᠷ᠂ ᠵᠢᠪᠪᠦᠭᠰᠡᠨ ᠮᠠᠶ᠋ᠢᠭ ᠤᠨ ᠠᠭᠤᠷᠬᠠᠢ ᠶᠢᠨ ᠠᠵᠢᠯᠴᠢᠨ ᠤ ᠰᠣᠶᠣᠯ ᠤᠨ ᠺᠠᠷᠲᠯᠠᠬᠤ ᠰᠠᠭᠤᠷᠢᠨ᠂ ᠪᠤᠭᠤᠲᠤ ᠬᠤᠳᠠ ᠶᠢᠨ ᠬᠤᠪᠢᠰᠬᠠᠯ ᠤᠨ ᠰᠣᠶᠣᠯ ᠤᠨ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠪᠦᠷᠢᠯᠳᠦᠭᠦᠯᠬᠦ ᠶᠢᠨ ᠬᠠᠮᠲᠤ ᠴᠡᠴᠡᠭᠲᠦ ᠪᠥᠵᠢᠭ ᠬᠥᠮᠦᠨ ᠤ ᠶᠢᠷᠲᠢᠨᠴᠦ᠂ ᠪᠤᠭᠤᠲᠤ ᠶᠢᠨ ᠡᠷᠲᠡᠨ ᠤ ᠬᠤᠳᠠ᠂ ᠷᠦᠩ ᠸᠠᠩ ᠢᠮᠠᠭᠠᠨ ᠨᠣᠯᠤᠤᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠴᠢᠩ ᠱᠠᠨ ᠲᠣᠰᠬᠤᠨ᠂ ᠪᠠᠳᠺᠠᠷ ᠵᠤᠤ᠂ ᠤᠮᠠᠷᠠᠲᠤ ᠶᠢᠨ ᠤᠷᠳᠤ ᠴᠠᠭᠠᠨ ᠬᠡᠷᠡᠮ ᠤᠨ ᠵᠤᠭᠠᠴᠠᠯ ᠤᠨ ᠵᠠᠮ ᠱᠤᠭᠤᠮ ᠤᠨ ᠴᠢᠬᠤᠯᠠ ᠵᠠᠩᠭᠢᠯᠠᠭ᠎ᠠ ᠶᠢᠨ ᠦᠷᠳᠡᠭᠡ ᠪᠣᠯᠤᠭᠰᠠᠨ ᠤ ᠬᠤᠪᠢ ᠳᠤ᠂ ᠰᠢᠭᠤᠶᠢᠲᠤ ᠲᠤᠣᠭᠤᠷᠢᠭ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠱᠤᠭᠤᠮ ᠢ ᠪᠠᠶᠠᠯᠢᠭᠵᠢᠭᠤᠯᠵᠤ᠂ ᠲᠡᠦᠬᠡ ᠶᠢᠨ ᠳᠤᠷᠠᠰᠤᠮᠵᠢ ᠨᠢ ᠵᠡᠭᠡᠯᠢ ᠭᠤᠳᠤᠮᠵᠢ ᠶᠢᠨ ᠰᠢᠨ᠎ᠡ ᠶᠠᠪᠤᠴᠠ ᠳᠤ ᠠᠯᠬᠤᠮ ᠠᠯᠬᠤᠮ ᠢᠶᠠᠷ ᠰᠡᠷᠭᠦᠨ ᠮᠠᠨᠳᠤᠯᠲᠠ ᠬᠢᠬᠦ ᠪᠣᠯᠤᠨ᠎ᠠ᠃        ᠨᠢᠭᠡᠨ ᠵᠤᠷᠪᠤᠰ ᠬᠠᠭᠤᠴᠢᠨ ᠵᠡᠭᠡᠯᠢ᠂ ᠴᠠᠭ ᠮᠥᠴᠡ ᠶᠢ ᠳᠠᠪᠠᠵᠤ᠂ ᠦᠵᠡᠰᠬᠦᠯᠡᠩᠲᠦ ᠰᠠᠶᠢᠬᠠᠨ ᠣᠨ ᠰᠠᠷ᠎ᠠ ᠶᠢ ᠥᠩᠭᠡᠷᠡᠭᠦᠯᠪᠡ︔ ᠨᠢᠭᠡ ᠰᠠᠭᠤᠷᠢ ᠡᠷᠲᠡᠨ ᠤ ᠪᠠᠷᠢᠯᠭ᠎ᠠ᠂ ᠴᠠᠭ ᠠᠭᠤᠷ ᠤᠨ ᠡᠷᠭᠢᠯᠲᠡ ᠶᠢ ᠥᠩᠭᠡᠷᠡᠭᠦᠯᠵᠦ ᠂ ᠲᠡᠦᠬᠡ ᠶᠢᠨ ᠪᠡᠯᠡᠭ ᠰᠡᠯᠲᠡ ᠠᠭᠤᠯᠤᠭᠳᠠᠵᠤ ᠪᠤᠢ᠃ ᠬᠠᠮᠠᠭᠠᠯᠠᠬᠤ ᠳᠤᠮᠳᠠ ᠬᠥᠭᠵᠢᠭᠦᠯᠵᠦ᠂ ᠬᠦᠭᠵᠢᠭᠦᠯᠬᠦ ᠳᠤᠮᠳᠠ ᠬᠠᠮᠠᠭᠠᠯᠠᠵᠤ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠵᠠᠭᠤᠨ ᠵᠢᠯ ᠤᠨ ᠵᠡᠭᠡᠯᠢ ᠲᠣᠭᠤᠷᠢᠭ ᠭᠦᠨ ᠵᠤᠵᠠᠭᠠᠨ ᠭᠡᠷᠡᠯ ᠭᠢᠯᠪᠠᠭ᠎ᠠ ᠲᠠᠢ᠂ ᠤᠳᠠᠯ ᠦᠭᠡᠢ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠪᠢᠳᠡ ᠬᠠᠮᠲᠤᠪᠠᠷ ᠡᠨᠡ ᠬᠦ ᠡᠷᠭᠢᠴᠡᠭᠦᠯᠦᠯ ᠲᠠᠢ ᠬᠠᠭᠤᠴᠢᠨ ᠵᠡᠭᠡᠯᠢ ᠶᠢᠨ ᠦᠵᠡᠰᠬᠦᠯᠡᠩᠲᠦ ᠰᠠᠶᠢᠬᠠᠨ ᠬᠤᠪᠢᠷᠠᠯᠲᠠ ᠢ ᠬᠦᠰᠡᠨ ᠬᠦᠯᠢᠶᠡᠶ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号