ᠰᠣᠶᠣᠯᠲᠤ ᠳᠤᠮᠳᠠᠳᠤ ᠶᠢᠨ ᠰᠢᠨ᠎ᠡ ᠵᠢᠯ — ᠰᠢᠭᠤᠶᠢᠲᠤ ᠲᠣᠭᠤᠷᠢᠭ ᠲᠤ ᠢᠷᠡᠵᠦ ᠪᠠᠭ᠎ᠠ ᠵᠢᠯ ᠢᠶᠠᠨ ᠥᠩᠭᠡᠷᠡᠭᠦᠯᠦᠭᠡᠷᠡᠢ︕ ᠴᠥᠮ ᠡᠨᠡ ᠬᠦ ᠠᠷᠭ᠎ᠠ ᠪᠣᠳᠣᠯᠭ᠎ᠠ ᠳᠣᠲᠣᠷ᠎ᠠ ᠪᠣᠢ︕
ᠨᠡᠶᠢᠲᠡᠯᠡᠭᠰᠡᠨ ᠴᠠᠭ᠄
2025/2/1
        ᠲᠣᠭᠤᠰᠣ ᠠᠷᠢᠯᠭᠠᠨ ᠵᠤᠤᠬ᠎ᠠ ᠪᠠᠨ ᠲᠠᠬᠢᠵᠤ ᠰᠢᠬᠢᠷᠲᠦ ᠬᠡᠮᠬᠡ ᠨᠢ ᠨᠠᠭᠠᠯᠢᠩᠬᠠᠢ   ᠰᠢᠨ᠎ᠡ ᠨᠠᠰᠤ ᠣᠶᠢᠷᠠᠲᠤᠵᠤ ᠪᠦᠭᠦᠳᠡᠭᠡᠷ ᠴᠤᠭᠯᠠᠷᠠᠨ ᠪᠠᠶᠠᠰᠤᠯᠳᠤᠨ᠎ᠠ᠂ ᠰᠢᠨ᠎ᠡ ᠵᠢᠯ ᠲᠦᠬᠦᠵᠦ ᠵᠢᠯ ᠤᠨ ᠦᠨᠦᠷ ᠠᠮᠲᠠ ᠤᠯᠠᠮ ᠥᠳᠬᠡᠷᠡᠨ᠎ᠡ᠃ 1 ᠳ᠋ᠦ᠋ᠭᠡᠷ ᠰᠠᠷ᠎ᠠ ᠶᠢᠨ 22 ᠤ ᠡᠳᠦᠷ ︵ᠪᠢᠯᠢᠭ ᠤᠨ ᠤᠯᠠᠷᠢᠯ ᠤᠨ ᠯᠠ ᠰᠠᠷ᠎ᠠ  ᠶᠢᠨ ᠬᠤᠷᠢᠨ ᠭᠤᠷᠪᠠᠨ ︶ ᠰᠢᠭᠤᠶᠢᠲᠤ ᠲᠣᠭᠤᠷᠢᠭ ᠨᠢ ᠪᠠᠭ᠎ᠠ ᠵᠢᠯ ᠤᠨ ᠤᠯᠠᠮᠵᠢᠯᠠᠯᠲᠤ ᠪᠠᠶᠠᠷ ᠤᠨ ᠡᠳᠦᠷ  ᠤᠨ ᠠᠭᠤᠷ ᠠᠮᠢᠰᠭᠤᠯ ᠲᠠᠢ ᠤᠶᠠᠯᠳᠤᠭᠤᠯᠤᠨ ᠪᠣᠳᠠᠰ ᠤᠨ ᠪᠤᠰᠤ ᠰᠣᠶᠣᠯ  ᠤᠨ ᠥᠪ ᠤᠨ ᠪᠡᠶᠡᠴᠢᠯᠡᠨ ᠣᠶᠢᠯᠠᠭᠠᠬᠤ᠂ ᠠᠮᠲᠠᠲᠤ ᠢᠳᠡᠭᠡᠨ ᠤ ᠳᠡᠯᠭᠡᠭᠦᠷ ᠤᠨ ᠪᠠᠶᠢᠷᠢ᠂ ᠤᠯᠠᠮᠵᠢᠯᠠᠯᠲᠤ ᠵᠠᠩ ᠦᠢᠯᠡ  ᠶᠢᠨ ᠰᠣᠶᠣᠯ᠂ ᠤᠷᠠᠨ ᠰᠠᠶᠢᠬᠠᠨ ᠤ ᠲᠣᠭᠯᠠᠯᠲᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠬᠤᠲᠠ ᠶᠢᠨ ᠠᠷᠠᠳ ᠲᠦᠮᠡᠨ ᠳᠤ ᠣᠷᠣᠨ ᠨᠤᠲᠤᠭ ᠤᠨ ᠰᠣᠶᠣᠯ ᠤᠨ ᠬᠥᠳᠡᠯᠭᠡᠭᠡᠨ ᠤ ᠲᠠᠲᠠᠬᠤ ᠬᠦᠴᠦᠨ  ᠢ ᠨᠡᠩ ᠭᠦᠨᠵᠡᠭᠡᠢ ᠣᠶᠢᠯᠠᠭᠠᠭᠤᠯᠬᠤ ᠪᠠ ᠲᠥᠷᠥᠭᠳᠡᠭᠦᠯᠪᠡ᠃ ᠬᠤᠷᠳᠤᠬᠠᠨ ᠭᠡᠷ ᠤᠨ ᠬᠦᠮᠦᠰ ᠲᠠᠢ ᠪᠠᠨ ᠰᠢᠭᠤᠶᠢᠲᠤ ᠲᠣᠭᠤᠷᠢᠭ ᠲᠤ ᠢᠷᠡᠵᠦ ᠪᠠᠭ᠎ᠠ ᠵᠢᠯ ᠢᠶᠠᠨ ᠥᠩᠭᠡᠷᠡᠭᠦᠯᠦᠭᠡᠷᠡᠢ ~ ᠥᠳᠬᠡᠨ ᠵᠤᠵᠠᠭᠠᠨ ᠵᠢᠯ  ᠤᠨ ᠦᠨᠦᠷ ᠠᠮᠲᠠ ᠶᠢ ᠮᠡᠳᠡᠷᠡᠵᠦ ᠪᠤᠶᠠᠨ ᠵᠢᠷᠭᠠᠯ ᠢ ᠭᠡᠷ ᠲᠤ ᠪᠠᠨ ᠠᠪᠠᠴᠢᠬᠤ ᠬᠠᠮᠤᠭ ᠤᠨ ᠪᠦᠷᠢᠨ ᠠᠷᠭ᠎ᠠ ᠪᠣᠳᠣᠯᠭ᠎ᠠ ᠢᠷᠡᠯ᠎ᠡ︕         ᠬᠥᠳᠡᠯᠭᠡᠭᠡᠨ ᠨᠢᠭᠡ ᠄ ︽ ᠳ᠋ᠠ ᠹᠠ ᠳᠤ ᠪᠠᠨ ᠬᠠᠷᠢᠵᠤ ᠴᠠᠭᠠᠨ ᠰᠠᠷ᠎ᠠ ᠪᠠᠨ ᠥᠩᠭᠡᠷᠡᠭᠦᠯᠦᠶ᠎ᠡ᠂ ᠰᠢᠨ᠎ᠡ ᠵᠢᠯ ᠢᠶᠠᠨ ᠤᠭᠲᠤᠵᠤ ᠵᠢᠯ ᠤᠨ ᠪᠠᠷᠠᠭ᠎ᠠ ᠬᠤᠳᠠᠯᠳᠤᠨ ᠠᠪᠤᠶ᠎ᠠ︾ ᠰᠢᠨ᠎ᠡ ᠵᠢᠯ ᠤᠨ ᠴᠤᠭᠯᠠᠭ᠎ᠠ ᠮᠠᠶᠢᠮᠠᠶ ᠶᠢᠨ ᠬᠥᠳᠡᠯᠭᠡᠭᠡᠨ 
        ᠬᠥᠳᠡᠯᠭᠡᠭᠡᠨ ᠤ ᠴᠠᠭ᠄ 1 ᠳ᠋ᠦ᠋ᠭᠡᠷ ᠰᠠᠷ᠎ᠠ ᠶᠢᠨ 22 ᠤᠨ ᠡᠳᠦᠷ ᠠᠴᠠ 23 ᠤ ᠡᠳᠦᠷ ᠤᠨ ᠦᠳᠡ ᠶᠢᠨ ᠡᠮᠦᠨᠡᠬᠢ 10᠄ 30 — ᠦᠳᠡ ᠶᠢᠨ ᠬᠤᠶᠢᠨᠠᠬᠢ 4᠄ 00 ᠴᠠᠭ        ᠬᠥᠳᠡᠯᠭᠡᠭᠡᠨ ᠤ ᠭᠠᠵᠠᠷ᠄ ︽ ᠳ᠋ᠠ ᠹᠠ 1913︾ ᠣᠨᠴᠠᠯᠢᠭᠲᠤ ᠲᠡᠦᠬᠡ ᠰᠣᠶᠣᠯ ᠤᠨ ᠵᠡᠭᠡᠯᠢ ᠲᠣᠭᠤᠷᠢᠭ        ᠬᠥᠳᠡᠯᠭᠡᠭᠡᠨ ᠤ ᠠᠭᠤᠯᠭ᠎ᠠ᠄ ︽ᠳ᠋ᠠ ᠹᠠ ᠬᠠᠭᠤᠴᠢᠨ ᠵᠡᠭᠡᠯᠢ ᠪᠠᠷ ᠥᠩᠭᠡᠷᠡᠵᠦ᠂ ᠬᠤᠪᠢᠰᠬᠠᠯ  ᠤᠨ ᠤᠯᠠᠮᠵᠢᠯᠠᠯ ᠢ ᠣᠶᠢᠯᠠᠭᠠᠬᠤ︾ ᠪᠠᠷ ᠭᠤᠣᠯ ᠰᠡᠳᠦᠪ ᠪᠣᠯᠭᠠᠵᠤ᠂ ᠬᠤᠪᠢᠰᠬᠠᠯ ᠤᠨ ᠰᠣᠶᠣᠯ ᠵᠢᠴᠢ ᠠᠭᠤᠷᠬᠠᠢ  ᠶᠢᠨ ᠰᠣᠶᠣᠯ ᠢᠶᠠᠷ ᠳᠠᠭᠠᠭᠤᠯᠭ᠎ᠠ ᠪᠣᠯᠭᠠᠵᠤ᠂ 1913 —1980 ᠣᠨ ᠤ ᠦᠶ᠎ᠡ ᠶᠢᠨ ᠬᠡᠷᠡᠭ ᠶᠠᠪᠤᠳᠠᠯ᠂ ᠲᠡᠮᠳᠡᠭ ᠵᠢᠴᠢ ᠦᠵᠡᠭᠳᠡᠯ ᠢᠶᠠᠷ ᠳᠡᠪᠢᠰᠬᠡᠷ ᠪᠣᠯᠭᠠᠵᠤ᠂ ︽ᠦᠵᠡᠭᠳᠡᠯ ᠢᠶᠠᠷ ᠱᠤᠭᠤᠬᠤ︾ ᠵᠡᠷᠭᠡ ᠠᠷᠭ᠎ᠠ ᠬᠡᠯᠪᠡᠷᠢ ᠪᠠᠷ ᠰᠣᠶᠣᠯ ᠢ ᠦᠵᠡᠭᠳᠡᠮᠡᠯ᠂ ᠰᠣᠨᠢᠷᠬᠠᠯᠲᠠᠢ ᠵᠢᠴᠢ ᠪᠡᠶᠡᠴᠢᠯᠡᠨ ᠣᠶᠢᠯᠠᠭᠠᠭᠤᠯᠬᠤ ᠪᠠᠷ ᠳᠠᠮᠵᠢᠭᠤᠯᠵᠤ᠂ ᠬᠠᠷᠠᠭᠠᠨ ᠰᠡᠷᠡᠯ ᠤᠨ ᠲᠠᠲᠠᠬᠤ ᠬᠦᠴᠦᠨ ᠢ ᠨᠡᠮᠡᠭᠳᠡᠭᠦᠯᠵᠦ ᠵᠢᠭᠤᠯᠴᠢᠯᠠᠭᠴᠢᠳ ᠠᠵᠢᠯᠴᠢᠨ  ᠤ ᠺᠯᠦ᠋ᠪ᠂ ᠰᠢᠦᠳᠠᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠶᠢᠩ ᠴᠦᠨ ᠬᠤᠭᠤᠯᠠᠨ ᠭᠡᠷ᠂ ᠺᠢᠨᠣ᠋ ᠶᠢᠨ ᠣᠷᠳᠣᠨ᠂ ᠬᠠᠭᠤᠴᠢᠨ ᠴᠠᠭ ᠦᠶ᠎ᠡ ᠶᠢᠨ ᠡᠯᠳᠡᠪ ᠪᠠᠷᠠᠭᠠᠨ ᠤ ᠳᠡᠯᠭᠡᠭᠦᠷ ᠂ ᠰᠢᠨᠬᠤᠸᠠ ᠨᠣᠮ ᠤᠨ ᠳᠡᠯᠭᠡᠭᠦᠷ ᠵᠡᠷᠭᠡ ᠤᠯᠠᠨ ᠬᠠᠭᠤᠴᠢᠨ ᠢ ᠳᠤᠷᠠᠰᠤᠨ ᠰᠠᠨᠠᠭᠠᠯᠵᠠᠵᠤ ᠡᠷᠲᠡᠨ ᠤ  ᠬᠢ ᠶᠢ ᠰᠡᠷᠭᠦᠭᠰᠡᠨ ᠦᠵᠡᠮᠵᠢ ᠶᠢᠨ ᠭᠠᠵᠠᠷ ᠲᠤ ᠺᠠᠷᠲᠯᠠᠵᠤ ᠪᠣᠯᠣᠨ᠎ᠠ᠃  ᠬᠥᠳᠡᠯᠭᠡᠭᠡᠨ ᠳᠤᠮᠳᠠ᠂ ᠲᠠᠷᠢᠶᠠᠯᠠᠩ  ᠤᠨ ᠪᠦᠲᠦᠭᠡᠭᠳᠡᠬᠦᠨ ᠤ ᠳᠡᠯᠭᠡᠨ ᠦᠵᠡᠭᠦᠯᠦᠯᠭᠡ ᠠᠴᠠ ᠬᠡᠤᠬᠡᠳ ᠦᠶ᠎ᠡ ᠶᠢᠨ ᠰᠤᠯᠠ ᠢᠳᠡᠭᠡᠨ ᠬᠤᠳᠠᠯᠳᠤᠬᠤ ᠬᠦᠷᠲᠡᠯ᠎ᠡ᠂ ᠴᠠᠰᠤᠲᠤ ᠭᠠᠵᠠᠷ ᠤᠨ ᠮᠠᠰᠢᠨ ᠲᠡᠷᠭᠡᠨ ᠤ ᠰᠦᠷᠯᠢᠭ ᠳᠡᠯᠭᠡᠨ ᠦᠵᠡᠭᠦᠯᠦᠯᠭᠡ ᠠᠴᠠ ᠳᠠᠬᠢᠭᠠᠳ ᠬᠤᠪᠴᠠᠰᠤ ᠰᠣᠯᠢᠨ ᠵᠢᠭᠤᠯᠴᠢᠯᠠᠯ ᠤᠨ ᠰᠡᠭᠦᠳᠡᠷ ᠲᠠᠲᠠᠬᠤ ᠪᠣᠯᠣᠨ ᠲᠣᠭᠯᠠᠭᠠᠮ ᠨᠠᠭᠠᠳᠴᠤ ᠪᠠᠭ᠎ᠠ ᠨᠠᠰᠤ  ᠪᠠᠨ ᠳᠤᠷᠠᠰᠬᠤ ᠬᠦᠷᠲᠡᠯ᠎ᠡ᠂ ᠬᠥᠳᠡᠯᠭᠡᠭᠡᠨ ᠨᠢᠭᠡ ᠪᠦᠷᠢ ᠨᠢ ᠴᠥᠮ ᠵᠢᠭᠤᠯᠴᠢᠯᠠᠭᠴᠢᠳ ᠢ ᠤᠯᠠᠮᠵᠢᠯᠠᠯᠲᠤ ᠵᠢᠯ ᠤᠨ ᠦᠨᠦᠷ ᠠᠮᠲᠠᠨ ᠳᠤ  ᠰᠣᠭᠲᠤᠭᠤᠷᠠᠭᠤᠯᠬᠤ ᠶᠢᠨ ᠬᠠᠮᠲᠤ ᠪᠠᠰᠠ ᠳ᠋ᠠ ᠹᠠ ᠬᠠᠭᠤᠴᠢᠨ ᠵᠡᠭᠡᠯᠢ ᠶᠢᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠪᠠ᠃        ᠬᠠᠷᠠᠭᠠᠯᠵᠠᠯᠲᠤ ᠬᠥᠳᠡᠯᠭᠡᠭᠡᠨ ᠄        1. ᠵᠢᠭᠤᠯᠴᠢᠨ ᠳᠤ ᠦᠢᠯᠡᠴᠢᠯᠡᠬᠦ ᠭᠠᠵᠠᠷ ᠤᠨ ᠬᠢᠨ ᠬᠥᠳᠡᠯᠭᠡᠭᠡᠨ ᠤ ᠲᠤᠬᠠᠢ ᠶᠢᠨ ᠡᠳᠦᠷ ᠵᠢᠭᠤᠯᠴᠢᠯᠠᠭᠴᠢᠳ ᠢ ᠵᠣᠬᠢᠶᠠᠨ ᠪᠠᠶᠢᠭᠤᠯᠵᠤ ᠳ᠋ᠠ ᠹᠠ ᠵᠡᠭᠡᠯᠢ ᠳᠤ ᠬᠦᠷᠭᠡᠭᠰᠡᠨ ᠤ ᠳᠠᠷᠠᠭ᠎ᠠ᠂ ᠪᠦᠯᠬᠦᠮ ᠲᠣᠮᠢᠯᠠᠬᠤ ᠬᠠᠭᠤᠳᠠᠰᠤ ᠶᠢ ᠦᠨᠳᠦᠰᠦᠯᠡᠨ ᠦᠨ᠎ᠡ ᠲᠥᠯᠥᠪᠦᠷᠢ ᠦᠭᠡᠢ ᠪᠠᠷ ᠪᠠᠳᠺᠠᠷ ᠵᠣᠣ ᠶᠢᠨ ᠦᠵᠡᠮᠵᠢ ᠶᠢᠨ ᠣᠷᠣᠨ ᠢᠶᠠᠷ ᠵᠤᠭᠠᠴᠠᠭᠤᠯᠪᠠ ᠃        2. ᠵᠢᠭᠤᠯᠴᠢᠯᠠᠭᠴᠢᠳ ᠬᠥᠳᠡᠯᠭᠡᠭᠡᠨ ᠤ ᠲᠤᠬᠠᠢ ᠲᠤᠰ ᠡᠳᠦᠷ ᠤᠨ ᠡᠾᠸᠦ ᠪᠠ ᠰᠦᠢᠳᠬᠡᠯ ᠬᠤᠷᠢᠶᠠᠬᠤ ᠥᠷᠲᠡᠭᠡ ᠶᠢᠨ ᠵᠠᠮ ᠥᠩᠭᠡᠷᠡᠬᠦ ᠰᠦᠢᠳᠬᠡᠯ ᠤᠨ ᠪᠢᠯᠧᠲ ︵ᠤᠭ ᠡᠬᠡ ︶ ᠢᠶᠠᠨ ᠠᠪᠴᠤ ᠳ᠋ᠠ ᠹᠠ ᠵᠡᠭᠡᠯᠢ ᠶᠢᠨ ᠵᠢᠵᠢᠭ ᠮᠣᠳᠣᠨ ᠥᠷᠥᠭᠡ ᠪᠤᠶᠤ ᠬᠠᠩᠭᠠᠨ ᠪᠣᠷᠣᠯᠠᠭᠤᠯᠬᠤ ᠬᠤᠷᠰᠢᠶ᠎ᠠ ᠳᠤ ᠬᠦᠷᠴᠦ ᠪᠠᠳᠺᠠᠷ ᠵᠣᠣ ᠦᠵᠡᠮᠵᠢ ᠶᠢᠨ ᠣᠷᠣᠨ ᠤ ᠡᠭᠦᠳᠡᠨ ᠪᠢᠯᠧᠲ ᠨᠢᠭᠡ ᠬᠠᠭᠤᠳᠠᠰᠤ ︵ᠬᠦᠴᠦᠨ ᠲᠠᠢ ᠬᠤᠭᠤᠴᠠᠭ᠎ᠠ  ᠨᠢ ᠭᠤᠷᠪᠠᠨ ᠰᠠᠷ᠎ᠠ︶ ᠰᠣᠯᠢᠵᠤ ᠪᠣᠯᠤᠨ᠎ᠠ᠃         ᠬᠥᠳᠡᠯᠭᠡᠭᠡᠨ ᠬᠤᠶᠠᠷ᠄ ︽ᠨᠣᠭᠤᠭᠠᠨ ᠪᠠᠶᠠᠨ ᠬᠠᠮᠲᠤ ᠪᠠᠷ ᠮᠠᠨᠳᠤᠭᠰᠠᠨ ᠂ ᠡᠶᠡᠯᠳᠡᠭ ᠰᠠᠶᠢᠬᠠᠨ ᠰᠤᠮᠤ ︾— 2025 ᠣᠨ ᠤ ᠵᠢᠪᠬᠤᠯᠠᠩᠲᠤ ᠰᠤᠮᠤ ᠶᠢᠨ ᠵᠢᠷᠭᠤᠳᠤᠭᠠᠷ ᠬᠤᠭᠤᠴᠠᠭᠠᠨ ᠤ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠨᠠᠶᠢᠷ 
        ᠬᠥᠳᠡᠯᠭᠡᠭᠡᠨ ᠤ ᠴᠠᠭ᠄ 1 ᠳ᠋ᠦ᠋ᠭᠡᠷ ᠰᠠᠷ᠎ᠠ ᠶᠢᠨ 22 ᠤᠨ ᠡᠳᠦᠷ ᠤᠨ 14᠄ 00 — 20᠄ 00 ᠴᠠᠭ        ᠬᠥᠳᠡᠯᠭᠡᠭᠡᠨ ᠤ ᠭᠠᠵᠠᠷ᠄ ᠵᠢᠪᠬᠤᠯᠠᠩᠲᠤ ᠰᠤᠮᠤ        ᠬᠥᠳᠡᠯᠭᠡᠭᠡᠨ ᠤ ᠠᠭᠤᠯᠭ᠎ᠠ᠄        ︵1︶ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠪᠡᠶᠡᠴᠢᠯᠡᠨ ᠣᠶᠢᠯᠠᠭᠠᠬᠤ ᠬᠥᠳᠡᠯᠭᠡᠭᠡᠨ᠃ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ ᠰᠠᠷᠠᠪᠴᠢᠨ ᠤ ᠦᠵᠡᠭᠦᠯᠦᠯᠭᠡ 8 ᠶᠢ ᠲᠣᠬᠢᠷᠠᠭᠤᠯᠪᠠ —  ᠡᠯ᠎ᠡ ᠦᠨᠳᠦᠰᠦᠲᠡᠨ ᠤ ᠤᠯᠠᠮᠵᠢᠯᠠᠯᠲᠤ ᠬᠤᠪᠴᠠᠰᠤ ᠵᠠᠰᠠᠯ᠂ ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ᠂ ᠠᠮᠲᠠᠲᠤ ᠢᠳᠡᠭᠡᠨ ᠵᠢᠵᠢᠭ ᠢᠳᠡᠭᠡᠨ ᠵᠡᠷᠭᠡ ᠪᠠᠶᠢᠪᠠᠯ ᠵᠣᠬᠢᠬᠤ ᠵᠦᠢᠯ ᠤᠳ ᠪᠦᠷᠢᠨ ᠪᠠᠶᠢᠨ᠎ᠠ᠃ ᠴᠤᠯᠤ ᠴᠠᠭᠠᠨ ᠰᠠᠷ᠎ᠠ ᠶᠢᠨ ᠤᠯᠠᠮᠵᠢᠯᠠᠯ ᠢ ᠮᠡᠳᠡᠷᠡᠬᠦ ᠶᠢ ᠬᠦᠰᠡᠵᠦ ᠪᠠᠶᠢᠨ᠎ᠠ ᠤᠤ︖ ᠲᠤᠬᠠᠢ ᠶᠢᠨ ᠲᠠᠯᠠᠪᠠᠢ ᠳᠤ ᠲᠠᠶᠢᠯᠪᠤᠷᠢᠯᠠᠭᠴᠢ ᠠᠴᠠ ᠲᠠᠨ ᠳᠤ ᠳᠤᠮᠳᠠᠳᠤ ᠶᠢᠨ ᠰᠣᠶᠣᠯ ᠤᠨ ᠥᠪᠡᠷᠮᠢᠴᠡ ᠲᠠᠲᠠᠬᠤ ᠬᠦᠴᠦᠨ ᠪᠠ ᠲᠡᠦᠬᠡ  ᠶᠢᠨ ᠡᠬᠢ ᠰᠤᠷᠪᠤᠯᠵᠢ ᠶᠢ ᠲᠠᠨᠢᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠪᠤᠳᠠᠰ ᠢ ᠲᠠᠷᠬᠠᠭᠠᠵᠤ᠂ ᠳᠦᠭᠦᠷᠡᠩ ᠰᠠᠶᠢᠬᠠᠨ ᠵᠥᠩᠨᠡᠯ ᠢ ᠭᠡᠷ ᠲᠤ ᠪᠠᠨ ᠠᠪᠠᠴᠢᠪᠠ ᠃        ︵2︶ ᠤᠯᠠᠮᠵᠢᠯᠠᠯᠲᠤ ᠵᠠᠩ ᠦᠢᠯᠡ ᠠᠴᠠ ᠵᠢᠯ ᠤᠨ ᠦᠨᠦᠷ ᠠᠮᠲᠠ ᠶᠢ ᠪᠡᠶᠡᠴᠢᠯᠡᠨ ᠣᠶᠢᠯᠠᠭᠠᠬᠤ ᠃ ᠴᠠᠭᠠᠷᠢᠭ ᠤᠭᠯᠠᠬᠤ᠂ ᠰᠤᠷ ᠬᠠᠷᠪᠤᠬᠤ ᠂ ᠳᠡᠪᠦᠷ᠎ᠡ ᠣᠷᠣᠭᠤᠯᠬᠤ ᠵᠡᠷᠭᠡ ᠰᠣᠩᠭᠤᠳᠠᠭ ᠲᠣᠭᠯᠠᠭᠠᠮ  ᠤᠳ ᠲᠠᠨ ᠤ ᠢᠷᠡᠵᠦ ᠤᠷᠤᠯᠳᠤᠬᠤ ᠶᠢ ᠬᠦᠯᠢᠶᠡᠵᠦ ᠪᠣᠢ᠃ ᠤᠯᠠᠮᠵᠢᠯᠠᠯᠲᠤ ᠲᠣᠭᠯᠠᠭᠠᠮ ᠤᠨ ᠠᠪᠴᠢᠷᠠᠭᠰᠠᠨ ᠪᠠᠶᠠᠷ ᠪᠠᠶᠠᠰᠤᠯ ᠢ ᠪᠡᠶᠡᠴᠢᠯᠡᠨ ᠣᠶᠢᠯᠠᠭᠠᠬᠤ ᠶᠢᠨ ᠬᠠᠮᠲᠤ ᠪᠠᠰᠠ ᠭᠤᠯᠢᠷ ‍ᠤᠨ‌‍ᠱᠤᠭᠤᠮᠠᠯ ᠵᠢᠭᠠᠨ ᠰᠤᠷᠭᠠᠯᠲᠠ ᠳᠤᠮᠳᠠ ᠂ ᠬᠤᠷᠤᠭᠤᠨ ᠦᠵᠦᠭᠦᠷ ᠳᠡᠭᠡᠷᠡᠬᠢ ᠪᠣᠳᠠᠰ ᠤᠨ ᠪᠤᠰᠤ ᠰᠣᠶᠣᠯ ᠤᠨ ᠥᠪ  ᠤᠨ ᠲᠠᠲᠠᠬᠤ ᠬᠦᠴᠦᠨ ᠢ ᠮᠡᠳᠡᠷᠡᠵᠦ ᠴᠢᠳᠠᠨ᠎ᠠ᠃ ᠬᠤᠣᠰ ᠤᠶᠠᠩᠭ᠎ᠠ ᠪᠢᠴᠢᠬᠦ ᠬᠥᠳᠡᠯᠭᠡᠭᠡᠨ ᠨᠢ ᠲᠠᠨ ᠤ ᠪᠢᠷ ᠪᠡᠭᠡ ᠶᠢ ᠬᠤᠷᠤᠶᠢᠯᠠᠭᠤᠯᠵᠤ ᠂ ᠰᠢᠨ᠎ᠡ ᠵᠢᠯ ᠳᠤ ᠥᠳᠬᠡᠨ ᠵᠤᠵᠠᠭᠠᠨ ᠪᠠᠶᠠᠷ ᠪᠠᠶᠠᠰᠤᠯ ᠪᠠ  ᠢᠷᠦᠭᠡᠯ ᠵᠥᠩᠨᠡᠯ ᠨᠡᠮᠡᠭᠳᠡᠭᠦᠯᠪᠡ᠃        ︵3︶ ᠪᠣᠳᠠᠰ ᠤᠨ ᠪᠤᠰᠤ ᠰᠣᠶᠣᠯ ᠤᠨ ᠥᠪ ᠤᠨ ᠬᠤᠪᠴᠠᠰᠤ ᠵᠠᠰᠠᠯ ᠭᠡᠷᠡᠯ ᠰᠠᠴᠤᠷᠠᠮ᠎ᠠ ᠪᠠᠳᠠᠷᠠᠨ᠎ᠠ᠃ ᠲᠣᠰᠬᠤᠨ ᠤ T ᠪᠣᠳᠠᠰ ᠤᠨ ᠪᠤᠰᠤ ᠰᠣᠶᠣᠯ ᠤᠨ ᠥᠪ ᠤᠨ ᠬᠤᠪᠴᠠᠰᠤ ᠵᠠᠰᠠᠯ ᠤᠨ ᠦᠵᠡᠭᠦᠯᠦᠯᠭᠡ  ᠨᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠥᠩᠭᠡ ᠢᠯᠭᠠᠷᠠᠨ ᠨᠡᠭᠡᠭᠡᠭᠳᠡᠪᠡ᠃ ᠦᠨᠳᠦᠰᠦᠲᠡᠨ  ᠤ ᠪᠣᠳᠠᠰ  ᠤᠨ ᠪᠤᠰᠤ ᠰᠣᠶᠣᠯ  ᠤᠨ ᠥᠪ  ᠤᠨ ᠡᠯᠧᠮᠧᠨ᠋ᠲ  ᠢ ᠠᠭᠤᠰᠬᠠᠭᠰᠠᠨ ᠴᠠᠭ ᠦᠶ᠎ᠡ ᠶᠢᠨ ᠬᠤᠪᠴᠠᠰᠤ ᠵᠠᠰᠠᠯ  ᠨᠢ᠂ ᠤᠯᠠᠮᠵᠢᠯᠠᠯ ᠪᠠ ᠤᠷᠤᠰᠬᠠᠯ ᠢ ᠪᠦᠷᠢᠨ ᠲᠡᠭᠦᠯᠳᠡᠷ ᠤᠶᠠᠯᠳᠤᠭᠤᠯᠵᠤ᠂ ᠲᠣᠰᠬᠤᠨ ᠤ ᠠᠷᠠᠳ ᠢᠲᠡᠭᠡᠯ ᠲᠡᠭᠦᠯᠳᠡᠷ ᠠᠯᠬᠤᠭ᠎ᠠ ᠪᠠᠷ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠰᠢᠨ᠎ᠡ ᠠᠶᠢᠵᠠᠮ ᠢ ᠠᠯᠬᠤᠵᠤ᠂ ᠲᠠᠨ ᠳᠤ ᠨᠢᠭᠡ ᠤᠳᠠᠭᠠᠨ  ᠤ ᠬᠠᠷᠠᠭᠠᠨ ᠰᠡᠷᠡᠯ ᠢ ᠳᠣᠩᠰᠣᠯᠭᠠᠮ᠎ᠠ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃        ︵4︶ ᠤᠷᠠᠨ ᠰᠠᠶᠢᠬᠠᠨ ᠤ ᠲᠣᠭᠯᠠᠯᠲᠠ  ᠨᠢ ᠢᠷᠦᠭᠡᠯ ᠵᠥᠩᠨᠡᠯ ᠢ ᠳᠠᠮᠵᠢᠭᠤᠯᠤᠨ᠎ᠠ᠃ ᠵᠢᠪᠬᠤᠯᠠᠩᠲᠤ ᠭᠠᠴᠠᠭᠠᠨ ᠤ ᠰᠢᠨ᠎ᠡ ᠲᠣᠰᠬᠤᠨ ᠭᠠᠯ ᠲᠠᠬᠢᠯᠭ᠎ᠠ ᠶᠢᠨ ᠠᠭᠤᠳᠠᠮ ᠲᠠᠯᠠᠪᠠᠢ  ᠨᠢ ᠪᠠᠶᠠᠷ ᠪᠠᠶᠠᠰᠬᠤᠯᠠᠩ ᠤᠨ ᠳᠠᠯᠠᠢ ᠲᠠᠩᠭᠢᠰ ᠪᠣᠯᠵᠤ ᠬᠤᠪᠢᠷᠠᠪᠠ᠃ ᠰᠡᠳᠬᠢᠯ ᠢᠶᠠᠨ ᠨᠢᠭᠡᠳᠬᠡᠬᠦ ᠶᠢ ᠪᠠᠲᠤ ᠴᠣᠭᠴᠠᠯᠠᠬᠤ ᠤᠷᠠᠨ ᠰᠠᠶᠢᠬᠠᠨ ᠤ ᠲᠣᠭᠯᠠᠯᠲᠠ  ᠨᠢ ᠭᠠᠯ ᠬᠠᠯᠠᠭᠤᠨ ᠢᠶᠠᠷ ᠡᠬᠢᠯᠡᠵᠦ ᠂ ᠡᠯ᠎ᠡ ᠲᠥᠷᠥᠯ ᠤᠨ ᠭᠤᠶᠢᠳᠠ ᠰᠠᠶᠢᠬᠠᠨ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠤᠷᠠᠯᠢᠭ ᠤᠨ ᠬᠡᠯᠪᠡᠷᠢ ᠪᠠᠷ ᠪᠦᠯᠬᠦᠮᠳᠡᠯ ᠪᠠ ᠬᠠᠮᠲᠤ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠳᠠᠮᠵᠢᠭᠤᠯᠪᠠ᠃        ︵5︶ ᠭᠠᠯ ᠲᠠᠬᠢᠯᠭ᠎ᠠ ᠶᠢᠨ ᠵᠠᠩ ᠦᠢᠯᠡ ᠮᠢᠩᠭᠠᠨ ᠵᠢᠯ ᠤᠯᠠᠮᠵᠢᠯᠠᠭᠳᠠᠨ᠎ᠠ᠃ ᠵᠢᠯ ᠤᠨ ᠦᠨᠦᠷ ᠠᠮᠲᠠ ᠂ ᠪᠠᠰᠠ ᠴᠤ ᠰᠠᠶᠢᠨ ᠰᠠᠶᠢᠬᠠᠨ ᠬᠦᠰᠡᠯ ᠡᠷᠡᠮᠡᠯᠵᠡᠯ ᠪᠠ ᠵᠥᠩᠨᠡᠯ ᠮᠥᠨ᠃ ᠳᠦᠷᠡᠯᠵᠡᠨ ᠪᠠᠳᠠᠷᠠᠬᠤ ᠭᠠᠯ ᠤᠨ ᠣᠴᠢ ᠰᠥᠨᠢ ᠶᠢᠨ ᠣᠭᠲᠠᠷᠭᠤᠢ ᠶᠢ ᠭᠡᠶᠢᠭᠦᠯᠵᠦ᠂ ᠬᠠᠭᠤᠴᠢ ᠡᠷᠲᠡᠨ ᠤ ᠶᠣᠰᠣᠯᠠᠯ ᠨᠢ ᠳᠡᠭᠡᠳᠦᠰ ᠤᠨ ᠤᠶᠤᠨ ᠤᠬᠠᠭᠠᠨ ᠪᠠ ᠵᠥᠩᠨᠡᠯ ᠢ ᠠᠴᠢᠶᠠᠯᠠᠵᠤ ᠪᠣᠢ ᠃ ᠪᠢᠳᠡ ᠬᠠᠮᠲᠤ ᠪᠠᠷ ᠬᠥᠳᠡᠯᠭᠡᠭᠡᠨ ᠳᠤ ᠣᠷᠣᠯᠴᠠᠵᠤ᠂ ᠮᠢᠩᠭᠠᠨ ᠵᠢᠯ ᠤᠯᠠᠮᠵᠢᠯᠠᠭᠳᠠᠭᠰᠠᠨ ᠡᠨᠡ ᠬᠦ ᠬᠦᠴᠦᠨ ᠴᠢᠳᠠᠯ ᠢ ᠮᠡᠳᠡᠷᠡᠶ᠎ᠡ ᠃          ᠬᠥᠳᠡᠯᠭᠡᠭᠡᠨ ᠭᠤᠷᠪᠠ᠄ ᠪᠤᠭᠤᠲᠤ ᠶᠢᠨ ᠡᠷᠲᠡᠨ ᠤ ᠬᠤᠲᠠ ᠶᠢᠨ ᠮᠥᠰᠥ ᠴᠠᠰᠤᠨ ᠤ ᠰᠦᠮ᠎ᠡ ᠶᠢᠨ ᠴᠤᠭᠯᠠᠭᠠᠨ ᠤ ᠬᠥᠳᠡᠯᠭᠡᠭᠡᠨ 
        ᠬᠥᠳᠡᠯᠭᠡᠭᠡᠨ ᠤ ᠴᠠᠭ᠄ 1 ᠳ᠋ᠦ᠋ᠭᠡᠷ ᠰᠠᠷ᠎ᠠ ᠶᠢᠨ 22 ᠤᠨ ᠡᠳᠦᠷ — 2 ᠳ᠋ᠤᠭᠠᠷ ᠰᠠᠷ᠎ᠠ ᠶᠢᠨ 12 ᠤᠨ ᠡᠳᠦᠷ        ᠬᠥᠳᠡᠯᠭᠡᠭᠡᠨ ᠤ ᠭᠠᠵᠠᠷ᠄ ᠪᠤᠭᠤᠲᠤ ᠶᠢᠨ ᠡᠷᠲᠡᠨ ᠤ ᠬᠤᠲᠠ ᠶᠢᠨ ᠰᠣᠶᠣᠯ ᠵᠢᠭᠤᠯᠴᠢᠯᠠᠯ ᠤᠨ ᠲᠣᠭᠤᠷᠢᠭ        ᠬᠥᠳᠡᠯᠭᠡᠭᠡᠨ ᠤ ᠠᠭᠤᠯᠭ᠎ᠠ᠄ ᠣᠨᠴᠠᠯᠢᠭᠲᠤ ᠮᠥᠰᠥ ᠴᠠᠰᠤᠨ ᠤ ᠰᠦᠮ᠎ᠡ ᠶᠢᠨ ᠴᠤᠭᠯᠠᠭᠠᠨ ᠤ ᠪᠦᠵᠢᠭᠲᠦ ᠵᠢᠭᠰᠠᠭᠠᠯ ᠢ ᠡᠷᠬᠢᠯᠡᠵᠦ᠂ ᠬᠤᠲᠠ ᠶᠢᠨ ᠠᠷᠠᠳ ᠲᠤ ᠠᠳᠠᠯᠢ ᠪᠤᠰᠤ ᠮᠥᠰᠥ ᠴᠠᠰᠤᠨ ᠤ ᠪᠠᠶᠠᠰᠤᠯ  ᠢ ᠪᠡᠶᠡᠴᠢᠯᠡᠨ ᠣᠶᠢᠯᠠᠭᠠᠭᠤᠯᠪᠠ ᠃ ᠮᠥᠰᠥ ᠴᠠᠰᠤᠨ  ᠤ ᠬᠡᠷᠡᠭᠯᠡᠭᠡᠨ  ᠤ ᠰᠢᠨ᠎ᠡ ᠪᠡᠶᠡᠴᠢ ᠣᠶᠢᠯᠠᠭᠠᠯᠲᠠ ᠶᠢ ᠳᠡᠭᠡᠭᠰᠢᠯᠡᠭᠦᠯᠵᠦ᠂ ᠰᠦᠯᠵᠢᠶᠡᠨ ᠣᠳᠣᠳ ᠤᠨ ᠬᠠᠷᠢᠯᠴᠠᠨ ᠬᠥᠳᠡᠯᠦᠯᠴᠡᠬᠦ ᠪᠠ ᠺᠠᠷᠲᠯᠠᠭᠰᠠᠨ ᠠᠯᠢ ᠣᠯᠠᠨ ᠦᠵᠡᠭᠳᠡᠯ ᠤᠳ ᠢ ᠭᠠᠷᠭᠠᠵᠤ᠂ ᠴᠠᠰᠤᠨ ᠳᠤ ᠭᠤᠯᠭᠤᠬᠤ ᠵᠠᠮ᠂ ᠴᠠᠰᠤᠨ ᠴᠠᠭᠠᠷᠢᠭ᠂ ᠴᠠᠰᠤᠲᠤ ᠭᠠᠵᠠᠷ ᠤᠨ ᠮᠥᠷᠭᠦᠯᠳᠦᠭᠡ ᠪᠥᠮᠪᠦᠭᠡ ᠂ ᠴᠠᠰᠤᠲᠤ ᠭᠠᠵᠠᠷ ᠤᠨ ᠲᠠᠩᠺ᠂ ᠴᠠᠰᠤᠲᠤ ᠭᠠᠵᠠᠷ  ᠤᠨ ᠮᠠᠯᠲᠠᠭᠤᠷ ᠮᠠᠰᠢᠨ ᠵᠡᠷᠭᠡ ᠵᠤᠭ᠎ᠠ ᠴᠡᠩᠭᠡᠯ  ᠤᠨ ᠲᠥᠷᠥᠯ ᠵᠦᠢᠯ  ᠤᠳ ᠢ ᠪᠠᠭᠲᠠᠭᠠᠪᠠ᠃ ᠡᠭᠦᠨ  ᠤ ᠬᠠᠮᠲᠤ᠂ ᠰᠦᠯᠵᠢᠶᠡᠨ ᠣᠳᠣᠳ ᠤᠨ ᠺᠠᠷᠲᠯᠠᠭᠰᠠᠨ ᠣᠯᠠᠨ ᠭᠠᠵᠠᠷ ᠬᠢᠭᠡᠳ ᠮᠥᠰᠥᠨ ᠭᠤᠤᠯ  ᠤᠨ ᠭᠠᠶᠢᠬᠠᠮᠰᠢᠭᠲᠤ ᠦᠵᠡᠭᠳᠡᠯ᠂ ᠥᠩᠭᠡ ᠢᠯᠭᠠᠷᠠᠭᠰᠠᠨ ᠰᠠᠷᠭᠠᠢ᠂ ᠰᠦᠯᠵᠢᠶᠡᠨ ᠣᠳᠣ ᠭᠤᠸᠠᠩ ᠲᠸᠦ ᠴᠢᠶᠠᠩ ᠤᠨ ᠭᠡᠷ ᠵᠡᠷᠭᠡ ᠶᠢ ᠪᠠᠶᠢᠭᠤᠯᠤᠭᠰᠠᠨ ᠪᠠᠶᠢᠨ᠎ᠠ᠃ ᠴᠠᠭᠠᠨ ᠰᠠᠷ᠎ᠠ ᠶᠢᠨ ᠰᠢᠨ᠎ᠡ ᠶᠢᠨ ᠨᠢᠭᠡᠨ  ᠠᠴᠠ ᠴᠠᠭᠠᠨ ᠰᠠᠷ᠎ᠠ ᠶᠢᠨ ᠠᠷᠪᠠᠨ ᠲᠠᠪᠤᠨ ᠪᠣᠯᠲᠠᠯ᠎ᠠ᠂ ᠦᠵᠡᠮᠵᠢ ᠶᠢᠨ ᠣᠷᠣᠨ ᠳᠤ ᠡᠳᠦᠷ ᠪᠦᠷᠢ ᠪᠣᠳᠠᠰ ᠤᠨ ᠪᠤᠰᠤ ᠰᠣᠶᠣᠯ ᠤᠨ ᠥᠪ ᠤᠨ ᠲᠡᠮᠦᠷ ᠬᠤᠸᠠᠷ ᠳᠠᠪᠲᠠᠬᠤ ᠂ ᠭᠠᠯ ᠦᠨᠡᠭᠡ ᠵᠡᠷᠭᠡ 20 ᠭᠠᠷᠤᠢ ᠵᠦᠢᠯ ᠤᠨ ᠲᠣᠭᠯᠠᠯᠲᠠ ᠶᠢᠨ ᠬᠥᠳᠡᠯᠭᠡᠭᠡᠨ ᠶᠠᠪᠤᠭᠳᠠᠭᠤᠯᠵᠤ᠂ ᠨᠠᠢᠮᠠᠨ ᠵᠦᠭ ᠤᠨ ᠵᠢᠭᠤᠯᠴᠢᠯᠠᠭᠴᠢᠳ ᠲᠤ ᠪᠣᠳᠠᠰ ᠤᠨ ᠪᠤᠰᠤ ᠰᠣᠶᠣᠯ ᠤᠨ ᠥᠪ ᠤᠨ ᠳᠤᠮᠳᠠᠳᠤ ᠤᠯᠤᠰ ᠤᠨ ᠵᠢᠯ ᠢ ᠮᠡᠳᠡᠷᠡᠭᠦᠯᠪᠡ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号