ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠭᠤᠶᠢᠲᠤ ᠲᠣᠭᠤᠷᠢᠭ ᠨᠢ ᠨᠠᠮ ᠤᠨ ᠬᠤᠷᠢᠳᠤᠭᠠᠷ ᠶᠡᠭᠡ | ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ | ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠣᠭᠤᠰᠢᠯᠠᠭᠤᠯᠵᠤ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ | ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠨᠢ ᠶᠡᠷᠦᠩᠬᠡᠢ ᠳᠡᠭᠡᠨ ᠲᠣᠭᠲᠠᠭᠤᠨ ᠬᠥᠭᠵᠢᠯᠲᠡ ᠶᠢᠨ ᠬᠠᠨᠳᠤᠯᠭ᠎ᠠ | ᠲᠠᠢ ᠪᠣᠯᠪᠠ᠃ | 2024 ᠣᠨ ᠳᠤ᠂ ᠪᠦᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ | 124.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠪᠠᠨ 15.2% ᠢᠶᠠᠷ | ᠨᠡᠮᠡᠭᠳᠡᠵᠦ᠂ ᠪᠦᠬᠦ ᠬᠤᠲᠠ ᠳᠤ ᠬᠤᠶᠠᠳᠤᠭᠠᠷ ᠲᠤ ᠵᠢᠭᠰᠠᠭᠠᠭᠳᠠᠪᠠ︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠪᠠᠨ 23.6% ᠪᠠᠷ ᠨᠡᠮᠡᠭᠳᠡᠵᠦ᠂ ᠪᠦᠬᠦ | ᠬᠤᠲᠠ ᠳᠤ ᠬᠤᠶᠠᠳᠤᠭᠠᠷ ᠲᠤ ᠵᠢᠭᠰᠠᠭᠠᠭᠳᠠᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠪᠡᠶᠡᠯᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠪᠠᠨ 133.7% ᠪᠠᠷ ᠨᠡᠮᠡᠭᠳᠡᠵᠦ᠂ ᠪᠦᠬᠦ ᠬᠤᠲᠠ ᠳᠤ | ᠨᠢᠭᠡᠳᠦᠭᠡᠷ ᠲᠤ ᠵᠢᠭᠰᠠᠭᠠᠭᠳᠠᠪᠠ︔ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠪᠥᠬᠦ | ᠲᠤᠭ᠎ᠠ 6.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 0.6% ᠪᠠᠷ | ᠨᠡᠮᠡᠭᠳᠡᠨ᠂ ᠪᠥᠬᠦ ᠬᠤᠲᠠ ᠶᠢᠨ ᠠᠷᠪᠠᠳᠤᠭᠠᠷ ᠲᠤ ᠵᠢᠭᠰᠠᠭᠠᠭᠳᠠᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠪᠠᠨ 14% ᠪᠠᠷ ᠨᠡᠮᠡᠭᠳᠡᠵᠦ᠂ ᠪᠥᠬᠦ ᠬᠤᠲᠠ ᠶᠢᠨ | ᠭᠤᠷᠪᠠᠳᠤᠭᠠᠷ ᠲᠤ ᠵᠢᠭᠰᠠᠭᠠᠭᠳᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠠᠳᠠᠯᠢ | ᠬᠤᠭᠤᠴᠠᠭᠠᠨ ᠤ ᠬᠢ ᠠᠴᠠ ᠪᠠᠨ 36% ᠪᠠᠷ ᠨᠡᠮᠡᠭᠳᠡᠵᠦ᠂ ᠪᠥᠬᠦ ᠬᠤᠲᠠ ᠶᠢᠨ ᠨᠢᠭᠡᠳᠦᠭᠡᠷ ᠲᠤ ᠵᠢᠭᠰᠠᠭᠠᠭᠳᠠᠪᠠ︔ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 53891 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠨ᠂ ᠪᠥᠬᠦ ᠬᠤᠲᠠ ᠶᠢᠨ | ᠨᠠᠢᠮᠠᠳᠤᠭᠠᠷ ᠲᠤ ᠵᠢᠭᠰᠠᠭᠠᠭᠳᠠᠵᠤ᠂ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 24949 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 5.5% ᠪᠠᠷ ᠨᠡᠮᠡᠭᠳᠡᠨ᠂ ᠪᠥᠬᠦ | ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠪᠠ᠃ | |