ᠰᠤᠷᠭᠠᠨ ᠬᠥᠮᠦᠵᠢᠯ ᠤᠨ ᠶᠠᠮᠤᠨ ᠤ ᠬᠠᠷᠢᠭᠤᠴᠠᠯᠭᠠᠲᠠᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2024 — 2035 ᠣᠨ︶︾ ᠳᠤ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2025/2/18
        ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ ︵2024 — 2035 ᠣᠨ︶︾ ︵ᠳᠣᠷᠣᠭᠰᠢ ︽ᠬᠥᠲᠥᠯᠪᠦᠷᠢ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠰᠤᠷᠭᠠᠨ ᠬᠥᠮᠦᠵᠢᠯ ᠤᠨ ᠶᠠᠮᠤᠨ ᠤ ᠬᠠᠷᠢᠭᠤᠴᠠᠯᠭᠠᠲᠠᠨ ︽ᠬᠥᠲᠥᠯᠪᠦᠷᠢ︾ ᠶᠢᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃        ᠨᠢᠭᠡ᠂ ︽ᠬᠥᠲᠥᠯᠪᠦᠷᠢ︾ ᠶᠢ ᠨᠡᠶᠢᠲᠡᠯᠡᠭᠰᠡᠨ ᠶᠠᠮᠠᠷ ᠠᠬᠤᠶ ᠪᠠᠶᠢᠳᠠᠯ ᠪᠠ ᠠᠴᠢ ᠬᠤᠯᠪᠣᠭᠳᠠᠯ ᠲᠠᠢ ᠪᠤᠢ︖        ᠰᠤᠷᠭᠠᠨ ᠬᠥᠮᠦᠵᠢᠯ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠭᠤᠷᠢ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠤᠷᠭᠠᠨ ᠬᠥᠮᠦᠵᠢᠯ ᠢ ᠤᠯᠤᠰ ᠤᠨ ᠶᠡᠭᠡ ᠪᠤᠳᠤᠯᠭ᠎ᠠ᠂ ᠨᠠᠮ ᠤᠨ ᠶᠡᠭᠡ ᠪᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠤᠯᠬᠤ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠵᠤ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠶᠡᠷᠦᠩᠬᠡᠢ ᠲᠦᠪᠰᠢᠨ ᠳᠡᠯᠡᠬᠡᠢ ᠶᠢᠨ ᠳᠤᠮᠳᠠ ᠳᠡᠭᠡᠳᠦ ᠤᠯᠤᠰ ᠤᠨ ᠡᠩᠨᠡᠭᠡᠨ ᠳᠤ ᠣᠷᠣᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠪᠦᠬᠦ ᠲᠠᠯ᠎ᠠ ᠪᠠᠷ ᠳᠡᠭᠡᠭᠰᠢᠯᠡᠬᠦ ᠴᠢᠬᠤᠯᠠ ᠱᠠᠲᠤᠨ ᠳᠤ ᠣᠷᠣᠪᠠ᠃ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠤᠭᠰᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ 2035 ᠣᠨ ᠪᠣᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠶᠢ ᠲᠣᠳᠣᠷᠬᠠᠢ ᠳᠤᠷᠠᠳᠴᠠᠢ᠃        ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠶᠢᠨ ᠲᠥᠯᠥᠭᠡ᠂ ᠲᠦᠷᠥ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠠᠴᠠ ︽ᠬᠥᠲᠥᠯᠪᠦᠷᠢ︾ ᠶᠢ ᠨᠠᠶᠢᠷᠠᠭᠤᠯᠤᠨ ᠵᠣᠬᠢᠶᠠᠬᠤ ᠨᠢᠭᠡᠳᠦᠯᠲᠡᠢ ᠲᠦᠯᠦᠪᠯᠡᠨ ᠤᠳᠤᠷᠢᠳᠬᠤ ᠪᠠᠨ ᠴᠢᠩᠭᠠᠳᠬᠠᠵᠤ᠂ ᠰᠤᠷᠭᠠᠨ ᠬᠦᠮᠦᠵᠢᠯ ᠤᠨ ᠶᠠᠮᠤᠨ ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠣᠷᠣᠨ ᠲᠣᠭᠠᠨ ᠤ ᠠᠵᠢᠯ ᠢ ᠭᠦᠨᠵᠡᠭᠡᠢ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠦᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠣᠨᠴᠠᠭᠠᠶᠢᠯᠠᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠪᠠᠶᠢᠴᠠᠭᠠᠨ ᠰᠤᠳᠤᠯᠵᠤ ᠨᠣᠲᠠᠯᠠᠬᠤ ᠶᠢ ᠭᠦᠨᠵᠡᠭᠡᠢ ᠥᠷᠨᠢᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠬᠤᠯᠪᠤᠭᠳᠠᠯ ᠪᠦᠬᠦᠢ ᠰᠤᠷᠭᠠᠭᠤᠯᠢ ᠪᠠ ᠲᠤᠰᠬᠠᠢ ᠮᠡᠷᠭᠡᠵᠢᠯᠲᠡᠨ ᠡᠷᠳᠡᠮᠲᠡᠳ ᠵᠡᠷᠭᠡ ᠶᠢᠨ ᠰᠠᠨᠠᠯ ᠰᠠᠨᠠᠭᠤᠯᠭ᠎ᠠ ᠶᠢ ᠦᠷᠡᠭᠡᠨ ᠢᠶᠠᠷ ᠬᠤᠷᠢᠶᠠᠪᠠ᠃        ᠲᠤᠰ ᠤᠳᠠᠭᠠᠨ ᠤ ᠳᠠᠷᠤᠮᠠᠯᠯᠠᠨ ᠲᠠᠷᠬᠠᠭᠠᠭᠰᠠᠨ ︽ᠬᠥᠲᠥᠯᠪᠦᠷᠢ︾ ᠪᠣᠯ ᠮᠠᠨ ᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠨᠡᠶᠢᠲᠡᠯᠡᠨ ᠬᠡᠷᠡᠭᠵᠢᠭᠦᠯᠦᠭᠰᠡᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠨ᠎ᠠ᠂ ᠠᠩᠬᠠᠳᠠᠭᠴᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢᠶᠠᠷ ᠭᠤᠣᠯ ᠰᠡᠳᠦᠪ ᠪᠣᠯᠭᠠᠭᠰᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠪᠦᠬᠦ ᠲᠠᠯ᠎ᠠ ᠪᠠᠷ ᠦᠢᠯᠡᠴᠢᠯᠡᠬᠦ ᠪᠠᠷ ᠴᠢᠬᠤᠯᠠ ᠡᠭᠦᠷᠭᠡ ᠪᠣᠯᠭᠠᠭᠰᠠᠨ ᠤᠯᠤᠰ ᠤᠨ ᠠᠵᠢᠯᠯᠠᠭᠠᠨ ᠤ ᠲᠥᠯᠥᠪᠯᠡᠭᠡ ᠪᠣᠯᠤᠨ᠎ᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠷᠭᠢᠯ ᠤᠨ ᠲᠦᠷᠢᠮ ᠤᠨ ᠲᠤᠬᠢᠷᠠᠭᠤᠯᠤᠯᠳᠠ ᠪᠣᠯᠤᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤᠮᠳᠠᠬᠢ ᠬᠤᠰᠢᠭᠤᠴᠢ ᠡᠭᠦᠷᠭᠡ᠂ ᠪᠠᠲᠤ ᠪᠠᠬᠢ ᠰᠠᠭᠤᠷᠢ᠂ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠳᠤ ᠴᠢᠬᠤᠯᠠ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃        ᠬᠤᠶᠠᠷ᠂ ︽ᠬᠥᠲᠥᠯᠪᠦᠷᠢ︾ ᠶᠢ ᠨᠠᠶᠢᠷᠠᠭᠤᠯᠤᠨ ᠵᠣᠬᠢᠶᠠᠭᠰᠠᠨ ᠭᠤᠤᠯ ᠰᠡᠳᠬᠢᠮᠵᠢ ᠨᠢ ᠶᠠᠭᠤ ᠪᠣᠶ︖        ︽ᠬᠥᠲᠥᠯᠪᠦᠷᠢ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠥᠪ ᠬᠤᠷᠢᠶ᠎ᠠ ᠠᠴᠠ ᠬᠠᠯᠠᠮᠵᠢᠯᠠᠬᠤ᠂ ᠣᠯᠠᠨ ᠲᠦᠮᠡᠨ ᠤ ᠠᠩᠬᠠᠷᠴᠤ ᠪᠠᠶᠢᠭ᠎ᠠ᠂ ᠨᠡᠶᠢᠭᠡᠮ ᠤᠨ ᠠᠩᠬᠠᠷᠤᠯ ᠲᠠᠢ ᠨᠢᠭᠲᠠ ᠤᠶᠠᠯᠳᠤᠭᠤᠯᠤᠨ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ︽ᠭᠤᠷᠪᠠᠨ ᠶᠡᠭᠡ ᠰᠢᠨᠵᠢ ᠴᠢᠨᠠᠷ︾ ᠲᠠᠢ ᠨᠢᠭᠲᠠ ᠤᠶᠠᠯᠳᠤᠭᠤᠯᠤᠨ᠂ ︽ᠵᠢᠷᠭᠤᠭᠠᠨ ᠶᠡᠭᠡ ᠣᠨᠴᠠ ᠴᠢᠨᠠᠷ︾ ᠢᠶᠠᠷ ᠭᠤᠤᠯ ᠣᠨᠴᠠᠯᠢᠭ ᠪᠣᠯᠭᠠᠵᠤ᠂ ︽ᠨᠠᠢᠮᠠᠨ ᠶᠡᠭᠡ ᠲᠣᠭᠲᠠᠯᠴᠠᠭ᠎ᠠ︾ ᠪᠠᠷ ᠦᠨᠳᠦᠰᠦᠨ ᠪᠦᠲᠦᠴᠡ ᠪᠣᠯᠭᠠᠵᠤ᠂ ︽ᠲᠠᠪᠤᠨ ᠴᠢᠬᠤᠯᠠ ᠶᠡᠭᠡ ᠬᠠᠷᠢᠴᠠᠭ᠎ᠠ︾ ᠶᠢ ᠵᠥᠪ ᠢᠶᠠᠷ ᠰᠢᠢᠳᠪᠦᠷᠢᠯᠡᠬᠦ ᠪᠠᠷ ᠵᠠᠩᠭᠢᠯᠠᠭ᠎ᠠ ᠶᠢᠨ ᠱᠠᠭᠠᠷᠳᠠᠯᠭ᠎ᠠ ᠪᠣᠯᠭᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠥᠬᠦ ᠠᠭᠤᠯᠭ᠎ᠠ ᠳᠤ ᠲᠤᠭᠤᠰᠢᠯᠠᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ᠂ ᠠᠯᠢ ᠣᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠭᠠᠷᠭᠠᠵᠤ᠂ ᠰᠤᠷᠭᠠᠨ ᠬᠥᠮᠦᠵᠢᠯ ᠤᠨ ᠲᠣᠮᠣ ᠤᠯᠤᠰ ᠠᠴᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠲᠡᠶᠢᠰᠢ ᠰᠢᠰᠲ᠋ᠧᠮᠴᠢᠯᠡᠨ ᠳᠡᠭᠡᠭᠰᠢᠯᠡᠭᠦᠯᠬᠦ ᠶᠢ ᠠᠬᠢᠭᠤᠯᠪᠠ᠃        ᠡᠭᠦᠨ ᠳᠤ᠂ ︽ᠭᠤᠷᠪᠠᠨ ᠶᠡᠭᠡ ᠰᠢᠨᠵᠢ ᠴᠢᠨᠠᠷ︾ ᠭᠡᠳᠡᠭ ᠨᠢ ᠰᠤᠷᠭᠠᠨ ᠬᠥᠮᠦᠵᠢᠯ ᠤᠨ ᠤᠯᠤᠰ ᠲᠥᠷᠥ ᠶᠢᠨ ᠰᠢᠨᠵᠢ ᠴᠢᠨᠠᠷ᠂ ᠠᠷᠠᠳ ᠲᠦᠮᠡᠨ ᠤ ᠬᠠᠷᠢᠶᠠᠲᠤ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠵᠢᠭᠠᠵᠤ ᠪᠤᠢ︔ ︽ᠵᠢᠷᠭᠤᠭᠠᠨ ᠶᠡᠭᠡ ᠣᠨᠴᠠ ᠴᠢᠨᠠᠷ︾ ᠭᠡᠳᠡᠭ ᠨᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠨᠢ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠦᠨ ᠳᠠᠭᠠᠭᠤᠯᠬᠤ ᠬᠦᠴᠦᠨ᠂ ᠴᠢᠳᠠᠪᠤᠷᠢᠲᠠᠨ ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ ᠶᠢᠨ ᠨᠥᠯᠥᠭᠡᠯᠡᠬᠦ ᠬᠦᠴᠦᠨ ᠲᠠᠢ ᠪᠠᠶᠢᠬᠤ ᠶᠣᠰᠣᠲᠠᠢ ᠭᠡᠳᠡᠭ ᠢ ᠵᠢᠭᠠᠨ᠎ᠠ᠃ ︽ᠨᠠᠢᠮᠠᠨ ᠶᠡᠭᠡ ᠲᠣᠭᠲᠠᠯᠴᠠᠭ᠎ᠠ ︾ ᠨᠢ ᠦᠨᠳᠦᠰᠦ ᠪᠠᠨ ᠪᠠᠬᠢᠵᠢᠭᠦᠯᠵᠦ ᠰᠦᠭ ᠰᠦᠨᠡᠰᠦ ᠪᠠᠨ ᠱᠤᠭᠤᠬᠤ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠤᠨ ᠲᠣᠭᠲᠠᠯᠴᠠᠭ᠎ᠠ᠂ ᠲᠥᠪ ᠭᠤᠣᠯᠴᠢ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠤᠨ ᠲᠣᠭᠲᠠᠯᠴᠠᠭ᠎ᠠ᠂ ᠥᠪᠡᠷ ᠢ ᠪᠠᠨ ᠬᠦᠴᠦᠷᠬᠡᠭᠵᠢᠭᠦᠯᠬᠦ ᠭᠠᠷᠮᠠᠭᠠᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠣᠭᠲᠠᠯᠴᠠᠭ᠎ᠠ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠣᠭᠲᠠᠯᠴᠠᠭ᠎ᠠ᠂ ᠲᠦᠭᠡᠮᠡᠯ ᠪᠥᠭᠡᠳ ᠬᠡᠷᠡᠭᠵᠢᠭᠦᠯᠵᠦ ᠪᠣᠯᠬᠤᠶᠢᠴᠠ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠲᠣᠭᠲᠠᠯᠴᠠᠭ᠎ᠠ᠂ ᠰᠢᠨ᠎ᠡ ᠶᠢ ᠡᠭᠦᠳᠬᠦ ᠪᠠᠷ ᠬᠥᠲᠥᠯᠦᠮᠵᠢ ᠪᠣᠯᠭᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠲᠣᠭᠲᠠᠯᠴᠠᠭ᠎ᠠ᠂ ᠬᠡᠪ ᠴᠢᠨᠠᠷ ᠨᠢ ᠰᠢᠯᠢᠳᠡᠭ ᠰᠠᠶᠢᠨ ᠪᠠᠭᠰᠢ ᠶᠢᠨ ᠡᠩᠨᠡᠭᠡ ᠶᠢᠨ ᠲᠣᠭᠲᠠᠯᠴᠠᠭ᠎ᠠ᠂ ᠨᠡᠭᠡᠭᠡᠯᠲᠡ ᠬᠢᠵᠦ ᠬᠠᠷᠢᠯᠴᠠᠨ ᠲᠣᠯᠢᠳᠠᠬᠤ ᠣᠯᠠᠨ ᠤᠯᠤᠰ ᠤᠨ ᠬᠠᠮᠲᠤᠷᠠᠯᠴᠠᠭᠠᠨ ᠤ ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ᠎ᠠ᠃ ︽ᠲᠠᠪᠤᠨ ᠴᠢᠬᠤᠯᠠ ᠶᠡᠭᠡ ᠬᠠᠷᠢᠴᠠᠭ᠎ᠠ︾ ᠶᠢ ᠵᠥᠪ ᠰᠢᠢᠳᠪᠦᠷᠢᠯᠡᠬᠦ ᠨᠢ ᠡᠷᠬᠡᠪᠰᠢ ᠤᠯᠤᠰ ᠤᠨ ᠪᠠᠶᠢᠯᠳᠤᠬᠤ ᠪᠤᠳᠤᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠮᠡᠳᠡᠯᠭᠡ ᠶᠢᠨ ᠰᠤᠷᠤᠯᠴᠠᠯᠭ᠎ᠠ ᠪᠠ ᠪᠦᠬᠦ ᠲᠠᠯ᠎ᠠ ᠶᠢᠨ ᠬᠥᠭᠵᠢᠯᠲᠡ᠂ ᠴᠢᠳᠠᠪᠤᠷᠢᠲᠠᠨ ᠢ ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ ᠬᠠᠩᠭᠠᠬᠤ᠂ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠪᠠ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠬᠦ ᠪᠠ ᠤᠯᠠᠨ ᠤᠯᠤᠰ ᠤᠨ ᠲᠤᠷᠰᠢᠯᠭ᠎ᠠ ᠪᠠᠷ ᠲᠣᠯᠢ ᠪᠣᠯᠭᠠᠬᠤ ᠶᠢᠨ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠬᠦ ᠶᠢ ᠵᠢᠭᠠᠵᠤ ᠪᠠᠶᠢᠨ᠎ᠠ᠃        ᠭᠤᠷᠪᠠ᠂ ︽ᠬᠥᠲᠥᠯᠪᠦᠷᠢ︾ ᠨᠢ ᠶᠡᠷᠦᠩᠬᠡᠶ ᠬᠠᠷᠠᠯᠲᠠ ᠶᠢᠨ ᠪᠠᠶᠢᠷᠢᠯᠠᠭᠤᠯᠤᠯᠲᠠ ᠳᠡᠭᠡᠷ᠎ᠡ ᠶᠠᠮᠠᠷ ᠶᠠᠮᠠᠷ ᠪᠣᠳᠣᠯᠬᠢᠯᠠᠯ ᠲᠠᠢ ᠪᠣᠶ︖        ︽ᠬᠥᠲᠥᠯᠪᠦᠷᠢ︾ ᠨᠢ ᠬᠤᠯᠠ ᠣᠶᠢᠷ᠎ᠠ ᠶᠢᠨ ᠤᠶᠠᠯᠳᠤᠯ ᠢ ᠪᠠᠷᠢᠮᠲᠠᠯᠠᠵᠤ᠂ 2027᠂ 2035 ᠣᠨ ᠭᠡᠬᠦ ︽ᠬᠤᠶᠠᠷ ᠠᠯᠬᠤᠮ ᠢᠶᠠᠷ ᠶᠠᠪᠤᠬᠤ︾ ᠪᠤᠯᠤᠨ᠎ᠠ᠃        ︽ᠠᠩᠬᠠᠨ ᠤ ᠠᠯᠬᠤᠮ︾ ᠨᠢ ᠠᠵᠢᠯ ᠡᠬᠢᠯᠡᠭᠦᠯᠬᠦ ᠶᠢᠨ ᠡᠬᠢᠯᠡᠯᠲᠡ ᠶᠢᠨ ᠱᠠᠲᠤ᠂ ᠭᠤᠣᠯᠳᠠᠯᠭ᠎ᠠ ᠨᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠦᠨ᠎ᠡ᠃ ︽ᠬᠥᠲᠥᠯᠪᠦᠷᠢ︾ ᠳᠤ 2027 ᠣᠨ ᠪᠣᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠢᠭᠤᠯᠤᠯᠲᠠ ᠴᠢᠬᠤᠯᠠ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠬᠤ ᠶᠢ ᠲᠣᠳᠤᠷᠬᠠᠶᠢᠯᠠᠪᠠ᠃ ᠡᠯ᠎ᠡ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠲᠣᠭᠲᠠᠯᠴᠠᠭ᠎ᠠ ᠠᠩᠬ᠎ᠠ ᠠᠯᠬᠤᠮ ᠪᠦᠷᠢᠯᠳᠦᠵᠦ᠂ ᠠᠷᠠᠳ ᠣᠯᠠᠨ ᠤ ᠰᠤᠷᠭᠠᠨ ᠬᠥᠮᠦᠵᠢᠯ ᠤᠨ ᠬᠦᠷᠲᠡᠮᠵᠢ ᠶᠢᠨ ᠲᠥᠷᠥᠭᠳᠡᠯ ᠢᠯᠡᠳᠲᠡ ᠳᠡᠭᠡᠭᠰᠢᠯᠡᠨ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠠᠰᠤ ᠴᠢᠨᠠᠷ ᠪᠥᠬᠦ ᠲᠠᠯ᠎ᠠ ᠪᠠᠷ ᠳᠡᠭᠡᠭᠰᠢᠯᠡᠨ᠂ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠲᠠᠰᠤᠷᠠᠯᠲᠠ ᠥᠬᠡᠶ ᠴᠣᠯᠭᠤᠷᠠᠨ ᠭᠠᠷᠴᠤ᠂ ᠵᠠᠩᠭᠢᠯᠠᠭ᠎ᠠ ᠶᠢᠨ ᠬᠦᠷᠢᠶᠡᠨ ᠤ ᠥᠭᠡᠷᠡᠴᠢᠯᠡᠯᠲᠡ ᠦᠨᠡᠨ ᠪᠣᠳᠠᠲᠠᠶ ᠠᠬᠢᠴᠠ ᠲᠠᠢ ᠪᠣᠯᠵᠣ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢᠨ ᠪᠦᠲᠦᠴᠡ ᠠᠵᠤ ᠠᠬᠤᠶ ᠨᠡᠶᠢᠭᠡᠮ ᠪᠠ ᠬᠥᠮᠦᠨ ᠠᠮᠠ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠠᠩ ᠵᠣᠬᠢᠴᠠᠵᠤ᠂ ᠪᠥᠬᠦ ᠪᠥᠮᠪᠥᠷᠴᠡᠭ ᠤᠨ ᠨᠥᠯᠥᠭᠡᠯᠡᠬᠦ ᠬᠦᠴᠦᠨ ᠲᠠᠢ ᠴᠢᠬᠤᠯᠠ ᠰᠤᠷᠭᠠᠨ ᠬᠥᠮᠦᠵᠢᠯ ᠤᠨ ᠲᠥᠪ ᠤᠨ ᠪᠥᠲᠥᠭᠡᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠤᠨ᠎ᠠ᠃        ︽ᠬᠤᠶᠠᠳᠤᠭᠠᠷ ᠠᠯᠬᠤᠮ︾ ᠨᠢ ᠤᠷᠲᠤᠪᠲᠤᠷ ᠪᠠ ᠣᠷᠳᠣ ᠬᠤᠭᠤᠴᠠᠭᠠᠨ ᠳᠤ ᠬᠠᠨᠳᠤᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠣᠭᠲᠠᠭᠰᠠᠨ ᠬᠤᠭᠤᠴᠠᠭᠠᠨ ᠳᠤ ᠪᠥᠲᠥᠭᠡᠨ ᠪᠠᠶᠢᠭᠤᠯᠬᠤ ᠶᠢ ᠦᠨᠡᠨ ᠬᠦ ᠪᠠᠲᠤᠯᠠᠨ᠎ᠠ᠃ ︽ᠬᠥᠲᠥᠯᠪᠦᠷᠢ︾ ᠳᠤ 2035 ᠣᠨ ᠪᠣᠯᠬᠤ ᠳᠤ᠂ ᠨᠠᠮ ᠤᠨ ᠰᠤᠷᠭᠠᠨ ᠬᠥᠮᠦᠵᠢᠯ ᠤᠨ ᠦᠢᠯᠡᠰ ᠲᠤ ᠪᠦᠬᠦ ᠲᠠᠯ᠎ᠠ ᠪᠠᠷ ᠤᠳᠤᠷᠢᠳᠤᠭᠰᠠᠨ ᠳᠦᠷᠢᠮ ᠤᠨ ᠲᠣᠭᠲᠠᠯᠴᠠᠭ᠎ᠠ ᠪᠠ ᠠᠵᠢᠯ ᠤᠨ ᠲᠣᠭᠲᠠᠴᠠ ᠶᠢᠨ ᠰᠢᠰᠲ᠋ᠧᠮ ᠪᠦᠷᠢᠨ ᠲᠡᠭᠦᠯᠳᠡᠷ ᠪᠣᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠲᠣᠭᠲᠠᠯᠴᠠᠭ᠎ᠠ ᠪᠦᠬᠦ ᠲᠠᠯ᠎ᠠ ᠪᠠᠷ ᠪᠠᠶᠢᠭᠤᠯᠤᠭᠳᠠᠵᠤ᠂ ᠰᠠᠭᠤᠷᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠲᠦᠪᠰᠢᠨ ᠪᠠ ᠶᠠᠰᠤ ᠴᠢᠨᠠᠷ ᠳᠡᠯᠡᠬᠡᠶ ᠶᠢᠨ ᠡᠮᠦᠨ᠎ᠡ ᠡᠩᠨᠡᠭᠡᠨ ᠳᠤ ᠣᠷᠣᠵᠤ᠂ ᠰᠤᠷᠤᠯᠴᠠᠬᠤ ᠬᠡᠯᠪᠡᠷᠢ ᠶᠢᠨ ᠨᠡᠶᠢᠭᠡᠮ ᠪᠦᠬᠦ ᠲᠠᠯ᠎ᠠ ᠪᠠᠷ ᠪᠦᠷᠢᠯᠳᠦᠵᠦ᠂ ᠠᠷᠠᠳ ᠣᠯᠠᠨ ᠤ ᠰᠤᠷᠭᠠᠨ ᠬᠥᠮᠦᠵᠢᠯ ᠤᠨ ᠬᠠᠨᠤᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠵᠦ᠂ ᠰᠤᠷᠭᠠᠨ ᠬᠥᠮᠦᠵᠢᠯ ᠤᠨ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠴᠢᠳᠠᠪᠤᠷᠢ ᠢᠯᠡᠳᠲᠡ ᠳᠡᠭᠡᠭᠰᠢᠯᠡᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠡᠷᠦᠩᠬᠡᠶ ᠳᠡᠭᠡᠨ ᠪᠡᠶᠡᠯᠡᠭᠳᠡᠬᠦ ᠶᠢ ᠲᠣᠳᠤᠷᠬᠠᠶᠢᠯᠠᠪᠠ᠃        ᠳᠥᠷᠪᠡ᠂ ︽ ᠬᠥᠲᠥᠯᠪᠦᠷᠢ ︾ ᠶᠢᠨ ᠪᠦᠲᠦᠴᠡ ᠪᠣᠯᠤᠨ ᠭᠤᠣᠯ ᠠᠭᠤᠯᠭ᠎ᠠ ᠶᠢ ᠲᠠᠨᠢᠯᠴᠠᠭᠤᠯᠤᠭᠠᠳ ᠥᠭᠭᠦᠨ᠎ᠡ ᠤᠤ?        ︽ᠬᠥᠲᠥᠯᠪᠦᠷᠢ︾ ᠨᠢ ᠨᠡᠶᠢᠲᠡ 11 ᠬᠡᠰᠡᠭ ᠪᠠᠶᠢᠵᠤ᠂ ᠲᠣᠰ ᠲᠣᠰ ᠶᠡᠷᠦᠩᠬᠡᠶ ᠱᠠᠭᠠᠷᠳᠠᠯᠭ᠎ᠠ᠂ ︽ᠨᠠᠢᠮᠠᠨ ᠶᠡᠭᠡ ᠲᠣᠭᠲᠠᠯᠴᠠᠭ᠎ᠠ︾᠂ ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠢ ᠵᠣᠬᠢᠴᠠᠯᠳᠤᠨ᠎ᠠ ᠃        ᠨᠢᠭᠡ ᠳᠤ᠂ ᠶᠡᠷᠦᠩᠬᠡᠢ ᠱᠠᠭᠠᠷᠳᠠᠯᠭ᠎ᠠ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠵᠢᠯᠣᠭᠤᠳᠬᠤ ᠦᠵᠡᠯ ᠰᠠᠨᠠᠭ᠎ᠠ᠂ ᠠᠵᠢᠯ ᠤᠨ ᠵᠠᠷᠴᠢᠮ ᠪᠠ ᠭᠤᠣᠯ ᠬᠠᠷᠠᠯᠲᠠ ᠶᠢ ᠲᠣᠳᠣᠷᠬᠠᠶᠢᠯᠠᠪᠠ         ᠬᠤᠶᠠᠷ ᠲᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠰᠢᠨ᠎ᠡ ᠪᠠᠶᠢᠷᠢᠰᠢᠯ ᠢ ᠪᠤᠢ ᠪᠣᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠦᠨ᠎ᠡ᠃ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠰᠢᠰᠲ᠋ᠧᠮᠵᠢᠭᠦᠯᠦᠯᠲᠡ ᠤᠬᠠᠭᠠᠨᠴᠢᠯᠠᠯᠠᠲᠠ ᠶᠢᠨ ᠰᠤᠳᠤᠯᠭᠠᠨ ᠲᠠᠶᠢᠯᠪᠤᠷᠢᠯᠠᠯᠲᠠ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠦᠢᠯᠡᠳᠦᠯᠭᠡ ᠪᠠᠷ ᠬᠥᠮᠦᠨ ᠢ ᠬᠥᠮᠦᠵᠢᠭᠦᠯᠬᠦ ᠪᠠ ᠰᠦᠯᠵᠢᠶᠡᠨ ᠪᠠᠷ ᠬᠥᠮᠦᠨ ᠢ ᠬᠥᠮᠦᠵᠢᠭᠦᠯᠬᠦ ᠣᠷᠣᠨ ᠵᠠᠢ ᠪᠠ ᠵᠢᠭᠰᠠᠭᠠᠯ ᠤᠨ ᠭᠠᠵᠠᠷ ᠢ ᠥᠷᠭᠡᠳᠬᠡᠵᠦ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ᠂ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠬᠤ᠂ ᠤᠶᠤᠨ ᠤᠬᠠᠭᠠᠨ ᠢ ᠰᠡᠬᠡᠭᠡᠷᠡᠭᠦᠯᠵᠦ ᠤᠶᠤᠨ ᠤᠬᠠᠭᠠᠨ ᠢ ᠨᠡᠮᠡᠭᠳᠡᠭᠦᠯᠬᠦ ᠴᠢᠨᠠᠷ ᠰᠠᠶᠢᠲᠠᠢ ᠵᠢᠭᠠᠬᠤ ᠮᠠᠲ᠋ᠧᠷᠢᠶᠠᠯ ᠢ ᠪᠠᠶᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠳᠤᠷᠠᠳᠪᠠ᠃        ᠭᠤᠷᠪᠠ ᠳᠤ᠂ ᠰᠠᠭᠤᠷᠢ ᠰᠤᠷᠭᠠᠨ ᠬᠥᠮᠦᠵᠢᠯ ᠢ ᠬᠦᠴᠦᠷᠬᠡᠭᠵᠢᠭᠦᠯᠦᠨ ᠡᠷᠭᠢᠯᠡᠵᠦ᠂ ᠠᠷᠠᠳ ᠢᠷᠭᠡᠳ ᠤᠨ ᠬᠡᠪ ᠴᠢᠨᠠᠷ ᠤᠨ ᠪᠠᠶᠢᠯᠳᠤᠬᠤ ᠪᠣᠳᠣᠯᠭ᠎ᠠ ᠶᠢᠨ ᠦᠨᠳᠦᠰᠦᠨ ᠴᠡᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠮᠦᠨ ᠠᠮᠠ ᠶᠢᠨ ᠬᠤᠪᠢᠷᠠᠯᠲᠠ ᠲᠠᠢ ᠵᠣᠬᠢᠴᠠᠭᠰᠠᠨ ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠳᠤ ᠲᠦᠭᠡᠮᠡᠯ ᠬᠠᠷᠠᠭᠠᠯᠵᠠᠯ ᠦᠵᠡᠭᠦᠯᠬᠦ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠣᠯᠠᠨ ᠶᠠᠩᠵᠤ ᠶᠢᠨ ᠬᠥᠭᠵᠢᠯᠲᠡ ᠶᠢ ᠠᠬᠢᠭᠤᠯᠵᠤ᠂ ︽ᠬᠤᠶᠠᠷ ᠢ ᠪᠠᠭᠠᠰᠬᠠᠬᠤ︾ ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠳᠤᠷᠠᠳᠪᠠ᠃        ᠳᠥᠷᠪᠡ ᠳᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠬᠦᠴᠦᠨ ᠢ ᠪᠤᠢ ᠪᠣᠯᠭᠠᠨ᠎ᠠ᠃ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠬᠥᠭᠵᠢᠯᠲᠡ ᠶᠢ ᠲᠥᠷᠥᠯ ᠬᠤᠪᠢᠶᠠᠨ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠶ ᠶᠢᠨ ᠲᠡᠷᠢᠭᠦᠨ ᠤ ᠶᠡᠭᠡ ᠰᠤᠷᠭᠠᠭᠤᠯᠢ ᠪᠠ ᠳᠠᠪᠠᠭᠤᠯᠢᠭ ᠰᠢᠨᠵᠢᠯᠡᠭᠡᠨ ᠢ ᠲᠦᠷᠭᠡᠳᠬᠡᠨ ᠪᠠᠶᠢᠭᠤᠯᠵᠤ᠂ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠯᠡᠷᠡᠭᠦᠯᠬᠦ ᠪᠠ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠳᠤᠮᠳᠠᠳᠤ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ ᠭᠡᠵᠦ ᠳᠤᠷᠠᠳᠪᠠ᠃        ᠲᠠᠪᠤ ᠳᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠲᠤᠯᠭᠠᠭᠤᠷᠢᠯᠠᠨ᠎ᠠ᠃ ᠰᠠᠭᠤᠷᠢ ᠰᠢᠨᠵᠢᠯᠡᠭᠡᠨ ᠤ ᠰᠠᠯᠠᠭ᠎ᠠ ᠪᠣᠯᠣᠨ ᠰᠣᠯᠪᠢᠴᠠᠭᠰᠠᠨ ᠰᠢᠨᠵᠢᠯᠡᠭᠡᠨ ᠤ ᠰᠠᠯᠠᠭ᠎ᠠ ᠶᠢᠨ ᠰᠢᠪᠲᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠦᠰᠦᠨ ᠪᠤᠶᠢᠵᠢᠵᠤ ᠬᠥᠭᠵᠢᠬᠦ ᠶᠢ ᠠᠬᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠤᠨ ᠮᠠᠨᠳᠤᠭᠤᠯᠵᠤ ᠰᠢᠨ᠎ᠡ ᠤᠷᠤᠯᠳᠤᠭᠠᠨ ᠤ ᠵᠠᠮ ᠢ ᠨᠡᠭᠡᠭᠡᠨ᠎ᠡ ᠭᠡᠵᠦ ᠳᠤᠷᠠᠳᠪᠠ᠃        ᠵᠢᠷᠭᠤᠭ᠎ᠠ ᠳᠤ᠂ ᠣᠳᠣ ᠦᠶ᠎ᠡ  ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠲᠣᠮᠣ ᠤᠯᠤᠰ ᠤᠨ ᠤᠷᠠᠨ ᠳᠠᠷᠬᠠᠨ᠂ ᠤᠷᠠᠨ ᠳᠠᠷᠬᠠᠨ᠂ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠢ ᠬᠦᠮᠦᠵᠢᠭᠦᠯᠦᠨ᠎ᠡ᠃ ᠤᠯᠠᠨ ᠡᠰᠢᠴᠢᠯᠡᠭᠰᠡᠨ ᠰᠤᠷᠭᠠᠭᠤᠯᠢ ᠡᠷᠬᠢᠯᠡᠬᠦ᠂ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ ᠰᠢᠨ᠎ᠡ ᠬᠡᠯᠪᠡᠷᠢ ᠪᠠᠶᠢᠳᠠᠯ ᠢ ᠪᠤᠢ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠲᠦᠭᠡᠮᠡᠯᠵᠢᠭᠦᠯᠬᠦ ᠠᠵᠢᠯᠯᠠᠭ᠎ᠠ  ᠪᠠᠷ ᠰᠤᠷᠤᠭᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠵᠠᠮ ᠢ ᠥᠷᠭᠡᠳᠬᠡᠵᠦ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠵᠠᠩᠭᠢᠯᠠᠭ᠎ᠠ ᠶᠢᠨ ᠰᠤᠷᠭᠠᠭᠤᠯᠢ ᠡᠷᠬᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠷ᠎ᠠ ᠮᠡᠷᠭᠡᠵᠢᠯ ᠤᠨ ᠴᠢᠳᠠᠪᠤᠷᠢᠲᠠᠨ ᠤ ᠦᠰᠦᠨ ᠪᠤᠶᠢᠵᠢᠬᠤ ᠲᠦᠷᠦ ᠶᠢᠨ ᠪᠤᠳᠤᠯᠭ᠎ᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠳᠤᠷᠠᠳᠪᠠ᠃        ᠳᠣᠯᠤᠭ᠎ᠠ ᠳᠤ᠂ ᠰᠤᠷᠤᠯᠴᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠲᠣᠭᠠᠴᠢᠯᠠᠯᠲᠠ ᠪᠠᠷ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ᠃ ᠨᠠᠰᠤᠨ ᠲᠤᠷᠰᠢᠳᠠ ᠰᠤᠷᠤᠯᠴᠠᠬᠤ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠵᠣᠬᠢᠶᠠᠮᠠᠯ ᠤᠶᠤᠨᠴᠢ ᠪᠠᠷ ᠰᠤᠷᠭᠠᠨ ᠬᠥᠮᠦᠵᠢᠯ ᠤᠨ ᠬᠤᠪᠢᠰᠤᠯᠲᠠ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ ᠭᠡᠵᠦ ᠳᠤᠷᠠᠳᠪᠠ᠃        ᠨᠠᠢᠮᠠ ᠳᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠰᠠᠭᠤᠷᠢ ᠶᠢ ᠪᠠᠬᠢᠵᠢᠭᠦᠯᠦᠨ᠎ᠡ᠃ ᠰᠤᠷᠭᠠᠨ ᠬᠥᠮᠦᠵᠢᠯ ᠤᠨ ᠬᠢᠨ ᠤ ᠵᠣᠷᠢᠭ ᠰᠠᠨᠠᠭᠠᠨ ᠤ ᠰᠦᠭ ᠰᠦᠨᠡᠰᠦ ᠶᠢ ᠱᠤᠭᠤᠵᠤ ᠪᠠᠭᠰᠢ ᠶᠢ ᠬᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠬᠠᠮᠢᠶᠠᠷᠤᠯᠲᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠠᠭᠰᠢ ᠶᠢᠨ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠦᠨ᠎ᠡ ᠭᠡᠵᠦ ᠳᠤᠷᠠᠳᠪᠠ᠃        ᠶᠢᠰᠦ ᠳᠤ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠬᠥᠮᠦᠵᠢᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠲᠠᠢ ᠲᠤᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠶᠣᠰᠣᠭᠠᠷ ᠰᠤᠷᠭᠠᠨ ᠬᠥᠮᠦᠵᠢᠯ ᠢ ᠵᠠᠰᠠᠬᠤ ᠪᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠬᠦᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠤᠬᠴᠠᠵᠢᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠣᠭᠲᠠᠴᠠ ᠶᠢ ᠪᠠᠶᠢᠭᠤᠯᠤᠨ᠎ᠠ ᠭᠡᠵᠦ ᠳᠤᠷᠠᠳᠪᠠ᠃        ᠠᠷᠪᠠ ᠳᠤ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ᠂ ᠪᠦᠬᠦ ᠳᠡᠯᠡᠡᠬᠢ ᠳᠤ ᠨᠥᠯᠥᠭᠡᠯᠡᠬᠦ ᠬᠦᠴᠦᠨ ᠲᠠᠢ ᠴᠢᠬᠤᠯᠠ ᠰᠤᠷᠭᠠᠨ ᠬᠥᠮᠦᠵᠢᠯ ᠤᠨ ᠲᠥᠪ ᠢ ᠪᠠᠶᠢᠭᠤᠯᠤᠨ᠎ᠠ ᠃ ᠪᠦᠬᠦ ᠪᠥᠮᠪᠥᠷᠴᠡᠭ ᠤᠨ ᠴᠢᠳᠠᠪᠤᠷᠢᠲᠠᠨ ᠢ ᠬᠥᠮᠦᠵᠢᠭᠦᠯᠬᠦ ᠪᠠ ᠲᠥᠪᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠥᠷᠭᠡᠳᠬᠡᠵᠦ᠂ ᠪᠦᠬᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠬᠤ ᠶᠢ ᠳᠤᠷᠠᠳᠪᠠ᠃        ᠠᠷᠪᠠᠨ ᠨᠢᠭᠡ ᠳᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠬᠤ᠂ ᠨᠠᠮ ᠵᠠᠰᠠᠭ ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠬᠦ ᠰᠤᠷᠭᠠᠨ ᠬᠦᠮᠦᠵᠢᠯ ᠤᠨ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠃ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ  ᠃        ᠲᠠᠪᠤ᠂ ︽ᠬᠥᠲᠥᠯᠪᠦᠷᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠡᠷᠬᠢᠨ ᠰᠠᠶᠢᠲᠤᠷ ᠠᠳᠬᠤᠬᠤ ᠪᠣᠶ︖        ︽ᠬᠦᠲᠦᠯᠪᠦᠷᠢ︾ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡᠨ ᠬᠤᠭᠤᠴᠠᠭᠠᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠴᠢᠬᠤᠯᠠ ᠡᠭᠦᠷᠭᠡ ᠪᠣᠯᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠤᠯᠠᠨ ᠬᠡᠯᠪᠡᠷᠢ ᠶᠢᠨ᠂ ᠲᠡᠰ ᠳᠠᠪᠬᠤᠷᠭ᠎ᠠ ᠬᠤᠪᠢᠶᠠᠭᠰᠠᠨ᠂ ᠪᠦᠬᠦᠨ ᠢ ᠬᠠᠮᠤᠷᠤᠭᠰᠠᠨ ᠰᠤᠷᠤᠯᠴᠠᠯᠭ᠎ᠠ ᠤᠬᠠᠭᠤᠯᠭ᠎ᠠ ᠪᠣᠯᠪᠠᠰᠤᠷᠠᠯ ᠢ ᠢᠳᠡᠪᠬᠢᠲᠡᠢ ᠥᠷᠨᠢᠭᠦᠯᠵᠦ᠂ ︽ᠬᠥᠲᠥᠯᠪᠦᠷᠢ︾ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠣᠨᠴᠠᠭᠠᠶᠢᠯᠠᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠢ ᠶᠢᠨ ᠫᠢᠩ ᠨᠥᠬᠦᠷ ᠤᠨ ︽ᠤᠨᠤᠯ ᠤᠨ ᠬᠥᠮᠦᠵᠢᠯ︾ ᠲᠠᠢ ᠤᠶᠠᠯᠳᠤᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠠᠭᠰᠢ  ᠶᠢ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠶᠢ ᠬᠦᠲᠦᠯᠦᠨ ᠵᠢᠯᠤᠭᠤᠳᠤᠨ᠎ᠠ᠃        ᠰᠤᠷᠭᠠᠨ ᠬᠥᠮᠦᠵᠢᠯ ᠤᠨ ᠶᠠᠮᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠥᠨᠳᠥᠷ ᠡᠬᠢᠯᠡᠯᠲᠡ ᠠᠴᠠ ᠴᠢᠨᠠᠷ ᠰᠠᠶᠢᠲᠠᠶ ᠡᠬᠢᠯᠡᠬᠦ ᠶᠢ ᠠᠬᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠥᠲᠥᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠱᠠᠯᠠᠪᠳᠠᠨ ᠰᠤᠳᠤᠯᠤᠨ ᠡᠬᠢᠯᠡᠭᠦᠯᠵᠦ᠂ ᠦᠵᠦ ᠲᠥᠯᠥᠪᠯᠡᠭᠡ ᠶᠢ ᠴᠢᠩᠭᠠᠳᠬᠠᠨ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠬᠢᠨᠠᠨ ᠬᠡᠮᠵᠢᠵᠦ ᠦᠨᠡᠯᠡᠬᠦ ᠶᠢ ᠴᠢᠩᠭᠠᠳᠬᠠᠨ᠂ ︽ᠬᠥᠲᠥᠯᠪᠦᠷᠢ︾ ᠶᠢᠨ ᠴᠢᠬᠤᠯᠠ ᠶᠡᠭᠡ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ ᠪᠠᠶᠢᠨ᠎ᠠ᠃        ᠰᠤᠷᠭᠠᠨ ᠬᠥᠮᠦᠵᠢᠯ ᠪᠣᠯ ᠲᠦᠭ ᠲᠦᠮᠡᠨ ᠠᠶᠢᠯ ᠡᠷᠦᠬᠡ ᠲᠠᠢ ᠬᠤᠯᠪᠤᠭᠳᠠᠨ᠎ᠠ᠂ ︽ᠬᠦᠲᠦᠯᠪᠦᠷᠢ ︾ ᠶᠢ ᠰᠠᠶᠢᠲᠤᠷ ᠬᠡᠷᠡᠭᠵᠢᠭᠦᠯᠬᠦ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠪᠣᠯᠤᠨ᠎ᠠ᠃ ᠰᠤᠷᠭᠠᠭᠤᠯᠢ ᠬᠡᠷ ᠪᠦᠯᠢ ᠨᠡᠶᠢᠭᠡᠮ ᠤᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠵᠦ᠂ ᠪᠥᠬᠦ ᠨᠡᠶᠢᠭᠡᠮ ᠢ ᠳᠠᠶᠢᠴᠢᠯᠠᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠬᠠᠮᠲᠤ ᠪᠠᠷ ᠬᠠᠯᠠᠮᠵᠢᠯᠠᠨ ᠳᠡᠮᠵᠢᠬᠦ ᠬᠡᠷᠡᠭᠲᠡᠶ ᠃ ᠡᠯ᠎ᠡ ᠭᠠᠵᠠᠷ ᠡᠯ᠎ᠡ ᠰᠤᠷᠭᠠᠭᠤᠯᠢ ᠶᠢᠨ ︽ᠬᠦᠲᠦᠯᠪᠦᠷᠢ︾ ᠶᠢ ᠰᠤᠷᠤᠯᠴᠠᠨ ᠲᠤᠭᠤᠰᠢᠯᠠᠭᠤᠯᠤᠭᠰᠠᠨ ᠠᠬᠢᠴᠠ ᠶᠢᠨ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠤᠨ ᠮᠡᠳᠡᠭᠡᠯᠡᠵᠦ᠂ ᠲᠤᠷᠰᠢᠯᠭ᠎ᠠ ᠦᠷ᠎ᠡ ᠪᠦᠲᠦᠭᠡᠯ ᠪᠣᠯᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠳᠡᠯᠭᠡᠷᠡᠭᠦᠯᠦᠨ᠂ ᠨᠡᠶᠢᠭᠡᠮ ᠤᠨ ᠰᠠᠶᠢᠨ ᠰᠠᠶᠢᠬᠠᠨ ᠣᠷᠴᠢᠨ ᠠᠬᠤᠶ ᠪᠣᠯᠤᠨ ᠶᠠᠷᠢᠶ᠎ᠠ ᠬᠡᠯᠡᠯᠴᠡᠭᠡᠨ ᠤ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ᠃ 
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号