ᠰᠢᠭᠤᠶᠢᠲᠤ ᠵᠡᠭᠡᠯᠢ ᠭᠤᠳᠤᠮᠵᠢ ᠺᠠᠳ᠋ᠷ ᠠᠵᠢᠯᠲᠠᠨ ᠤ ᠶᠡᠭᠡ ᠬᠤᠷᠠᠯ ᠬᠤᠷᠠᠯᠳᠤᠭᠤᠯᠵᠤ ᠬᠤᠲᠠ ᠲᠣᠭᠤᠷᠢᠭ ᠬᠤᠶᠠᠷ ᠱᠠᠲᠤᠨ ᠤ ᠬᠤᠳᠠᠯᠳᠤᠭᠠᠴᠢᠨ ᠤᠷᠢᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2025/2/26
        2 ᠳ᠋ᠤᠭᠠᠷ ᠰᠠᠷ᠎ᠠ ᠶᠢᠨ 7 ᠤ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ᠂ ᠰᠢᠭᠤᠶᠢᠲᠤ ᠲᠣᠭᠤᠷᠢᠭ ᠤᠨ ︽ᠭᠤᠷᠪᠠ ᠪᠠᠶᠢᠵᠤ ᠬᠤᠶᠠᠷ ᠢ ᠡᠷᠢᠬᠦ︾ ᠶᠢ ᠨᠠᠷᠢᠯᠢᠭ ᠪᠣᠲᠠᠲᠠᠢ ᠬᠢᠬᠦ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠶᠢᠷᠢᠯᠠᠭᠤᠯᠤᠯᠲᠠ ᠶᠢᠨ ᠬᠤᠷᠠᠯ ᠳᠠᠭᠤᠰᠤᠭᠰᠠᠨ ᠤ ᠳᠠᠷᠠᠭ᠎ᠠ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠲᠡᠷᠡ ᠳᠠᠷᠤᠶ ᠳᠤᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠭᠠᠷᠠᠭ ᠤᠨ ᠬᠤᠭᠤᠴᠠᠭᠠᠨ ᠤ ᠰᠤᠷᠤᠯᠴᠠᠬᠤ ᠲᠥᠰᠦᠯ ᠢ ᠲᠣᠭᠲᠠᠭᠠᠬᠤ ᠶᠢᠨ ᠬᠠᠮᠲᠤ ᠺᠠᠳ᠋ᠷ ᠠᠵᠢᠯᠲᠠᠨ ᠤ ᠶᠡᠭᠡ ᠬᠤᠷᠠᠯ ᠬᠤᠷᠠᠯᠳᠤᠭᠤᠯᠵᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠬᠠᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠥᠬᠦ ᠺᠠᠳ᠋ᠷ ᠠᠵᠢᠯᠲᠠᠨ ᠠᠵᠢᠯᠴᠢᠳ ᠬᠤᠷᠠᠯ ᠳᠤ ᠣᠷᠣᠯᠴᠠᠵᠠᠶ᠃        ᠬᠤᠷᠠᠯ ᠳᠡᠭᠡᠷ᠎ᠡ᠂ ᠰᠢᠭᠤᠶᠢᠳᠤ ᠲᠣᠭᠤᠷᠢᠭ ᠤᠨ ︽ᠭᠤᠷᠪᠠ ᠪᠠᠶᠢᠵᠤ ᠬᠤᠶᠠᠷ ᠢ ᠡᠷᠢᠬᠦ︾ ᠶᠢ ᠨᠠᠷᠢᠯᠢᠭ ᠪᠣᠲᠠᠲᠠᠢ ᠬᠢᠬᠦ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠶᠢᠷᠢᠯᠠᠭᠤᠯᠤᠯᠲᠠ ᠶᠢᠨ ᠬᠤᠷᠠᠯ᠂ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠲᠦᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠵᠢᠴᠢ ᠪᠦᠬᠦ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠤᠯᠠᠮᠵᠢᠯᠠᠨ ᠰᠤᠷᠤᠯᠴᠠᠪᠠ᠃        ᠬᠤᠷᠠᠯ ᠠᠴᠠ ᠂ ᠨᠢᠭᠡ ᠳᠤ ᠦᠳᠲᠡᠷ ᠲᠦᠷᠭᠡᠨ ᠢᠶᠠᠷ ᠰᠡᠳᠬᠢᠯ ᠢᠶᠠᠨ ᠬᠤᠷᠢᠶᠠᠵᠤ ᠪᠠᠶᠢᠷᠢᠨ ᠳᠤ ᠪᠠᠨ ᠣᠷᠤᠬᠤ ᠬᠡᠷᠡᠭᠲᠡᠢ ᠃ ᠪᠠᠶᠠᠷ ᠳᠤᠷᠠᠰᠬᠠᠯ ᠤᠨ ᠡᠳᠦᠷ ᠤᠨ ᠬᠡᠪ ᠵᠠᠭᠪᠤᠷ ᠠᠴᠠ ᠠᠵᠢᠯ ᠤᠨ ︽ᠭᠦᠶᠦᠯᠲᠡ︾ ᠶᠢᠨ ᠵᠠᠭᠪᠤᠷ ᠲᠡᠶᠢᠰᠢ ᠰᠣᠯᠢᠵᠤ᠂ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠵᠠᠩᠭᠢᠯᠠᠭ᠎ᠠ ᠶᠢᠨ ᠦᠢᠯᠡᠳᠦᠯ ᠢᠶᠠᠨ ᠪᠠᠳᠠᠷᠠᠭᠤᠯᠵᠤ᠂ ᠰᠠᠬᠢᠯᠭ᠎ᠠ ᠪᠠᠲᠤ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠣᠯᠢᠯᠴᠠᠬᠤ᠂ ᠰᠡᠷᠡᠮᠵᠢᠯᠡᠭᠦᠯᠦᠨ ᠢᠳᠬᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠢᠯ ᠤᠨ ᠳᠤᠮᠳᠠᠬᠢ ᠠᠰᠠᠭᠤᠳᠠᠯ ᠢ ᠴᠠᠭ ᠲᠤᠬᠠᠶ ᠳᠤᠨᠢ ᠣᠶᠢᠯᠠᠭᠠᠵᠤ᠂ ᠡᠷᠡᠭᠦᠯ ᠪᠤᠰᠤ ᠰᠤᠷᠲᠠᠯ ᠢ ᠵᠠᠯᠠᠷᠠᠭᠤᠯᠵᠤ᠂ ᠴᠣ ᠰᠢᠨ᠎ᠡ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠠᠵᠢᠯ ᠤᠨ ᠪᠠᠶᠢᠳᠠᠯ ᠢᠶᠠᠷ ᠰᠢᠨ᠎ᠡ ᠨᠢᠭᠡ ᠵᠢᠯ ᠤᠨ ᠥᠷᠢᠰᠥᠯᠳᠦᠭᠡᠨ ᠢ ᠤᠭᠲᠤᠬᠤ ᠬᠡᠷᠡᠭᠲᠡᠶ᠃ ᠬᠤᠶᠠᠷ ᠲᠤ᠂ ᠠᠵᠢᠯ ᠤᠨ ᠲᠥᠯᠥᠪᠵᠢᠭᠦᠯᠭᠡ ᠶᠢ ᠰᠠᠶᠢᠲᠤᠷ ᠬᠢᠬᠦ ᠬᠡᠷᠡᠭᠲᠡᠢ᠃ ᠤᠳᠤᠷᠢᠳᠬᠤ ᠪᠠᠭ ᠤᠨ ᠭᠡᠰᠢᠭᠦᠨ ᠪᠣᠯᠤᠨ ᠵᠠᠩᠭᠢᠯᠠᠭ᠎ᠠ ᠶᠢᠨ ᠺᠠᠳ᠋ᠷ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠵᠦᠢᠯ ᠤᠨ ᠠᠵᠢᠯ ᠢ ᠭᠦᠨᠵᠡᠭᠡᠢ ᠰᠤᠳᠤᠯᠵᠤ᠂ ᠣᠨᠴᠠᠭᠠᠶᠢᠯᠠᠨ ᠨᠡᠶᠢᠭᠡᠮ ᠲᠣᠭᠤᠷᠢᠭ ᠤᠨ ᠠᠵᠤ ᠠᠬᠤᠢ ᠶᠢᠨ ᠬᠥᠭᠵᠢᠯᠲᠡ᠂ ︽ᠳ᠋ᠠ ᠹᠠ 1913︾ ᠤᠨᠴᠠᠯᠢᠬᠳᠤ ᠲᠡᠦᠬᠡ ᠰᠣᠶᠣᠯ ᠤᠨ ᠵᠡᠭᠡᠯᠢ ᠲᠣᠭᠤᠷᠢᠭ ᠢ ᠪᠠᠶᠢᠭᠤᠯᠬᠤ ᠵᠡᠷᠭᠡ ᠭᠤᠣᠯᠳᠠᠯᠭ᠎ᠠ ᠪᠣᠯᠬᠤ ᠡᠭᠦᠷᠭᠡ ᠳᠤ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠦᠨᠡᠨ ᠬᠦ ᠲᠤᠬᠠᠶᠢᠯᠠᠭᠰᠠᠨ ᠠᠵᠢᠯ ᠤᠨ ᠲᠠᠯ᠎ᠠ ᠪᠠᠷ ᠮᠡᠷᠭᠡᠵᠢᠯᠲᠡᠨ ᠪᠤᠯᠵᠤ᠂ ᠡᠯ᠎ᠡ ᠵᠦᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠳᠠᠶᠢᠴᠢᠯᠠᠬᠤ ᠬᠡᠷᠡᠭᠲᠡᠢ ᠃ ᠭᠤᠷᠪᠠ ᠳᠤ᠂ ᠭᠤᠣᠯᠳᠠᠯᠭ᠎ᠠ ᠪᠣᠯᠬᠤ ᠡᠭᠦᠷᠭᠡ ᠶᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠬᠤ ᠬᠡᠷᠡᠭᠲᠡᠢ ᠃ ᠠᠵᠢᠯ ᠤᠨ ᠠᠭᠤᠯᠭ᠎ᠠ ᠪᠠᠨ ᠪᠥᠬᠦ ᠲᠠᠯ᠎ᠠ ᠪᠠᠷ ᠡᠮᠬᠢᠯᠡᠵᠦ᠂ ᠡᠯ᠎ᠡ ᠠᠮᠠᠰᠠᠷ ᠤᠨ ᠭᠤᠤᠯᠳᠠᠯᠭ᠎ᠠ ᠪᠣᠯᠬᠤ ᠡᠭᠦᠷᠭᠡ ᠬᠢᠭᠡᠳ ᠬᠠᠷᠠᠯᠲᠠ ᠪᠠᠨ ᠲᠣᠳᠣᠷᠬᠠᠶᠢᠯᠠᠵᠤ᠂ ᠣᠨ ᠤ ᠠᠵᠢᠯ ᠤᠨ ᠭᠤᠤᠯᠳᠠᠯᠭ᠎ᠠ ᠪᠠᠨ ᠲᠣᠭᠲᠠᠭᠠᠬᠤ ᠬᠡᠷᠡᠭᠲᠡᠶ︔ ᠭᠤᠤᠯᠳᠠᠯᠭ᠎ᠠ ᠪᠣᠯᠬᠤ ᠲᠥᠷᠥᠯ ᠵᠦᠢᠯ ᠤᠨ ᠭᠠᠷᠠᠭ ᠪᠦᠷᠢ ᠳᠣᠭᠢᠷᠠᠭᠤᠯᠬᠤ ᠲᠣᠭᠲᠠᠴᠠ ᠶᠢ ᠦᠷᠭᠦᠯᠵᠢᠯᠡᠨ ᠪᠠᠷᠢᠮᠲᠠᠯᠠᠵᠤ᠂ ᠭᠤᠤᠯᠳᠠᠯᠭ᠎ᠠ ᠪᠣᠯᠬᠤ ᠲᠥᠷᠥᠯ ᠵᠦᠢᠯ ᠤᠨ ᠲᠣᠬᠢᠷᠠᠭᠤᠯᠤᠯᠲᠠ ᠶᠢ ᠡᠮᠬᠢ ᠵᠢᠷᠤᠮ ᠲᠠᠢ ᠪᠥᠭᠡᠳ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ︔ ᠮᠡᠳᠡᠭᠡ ᠵᠠᠩᠭᠢ ᠶᠢᠨ ᠠᠵᠢᠯ ᠤᠨ ᠳᠡᠭᠡᠷ᠎ᠡ ᠨᠢᠭᠡ ᠵᠢᠯ ᠤᠨ ᠰᠠᠶᠢᠨ ᠰᠠᠶᠢᠬᠠᠨ ᠰᠤᠷᠲᠠᠯ ᠢ ᠦᠷᠭᠦᠯᠵᠢᠯᠡᠭᠦᠯᠵᠦ᠂ ᠥᠨᠳᠥᠷ ᠪᠦᠲᠦᠮᠵᠢᠲᠡᠶ᠂ ᠴᠠᠭ ᠲᠤᠬᠠᠶ ᠳᠤᠨᠢ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠶᠢ ᠪᠠᠲᠤᠯᠠᠵᠤ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠶ ᠦᠨᠳᠦᠰᠦᠯᠡᠯ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号