ᠮᠣᠭᠠᠢ ᠵᠢᠯ ᠤᠨ ᠴᠠᠭᠠᠨ ᠰᠠᠷ᠎ᠠ ᠶᠢᠨ ᠦᠶ᠎ᠡ ᠪᠠᠷ᠂ ᠰᠢᠨ ᠸᠠᠩ ᠨᠡᠶᠢᠭᠡᠮ ᠲᠣᠭᠤᠷᠢᠭ ᠤᠨ ᠴᠠᠭᠠᠨ | ᠰᠠᠷ᠎ᠠ ᠶᠢᠨ ᠰᠢᠨ᠎ᠡ ᠶᠢᠨ ᠨᠠᠢᠮᠠᠨ ᠳᠤ ᠤᠷᠢᠬᠠᠨ ᠬᠠᠪᠤᠷ ᠤᠨ ᠠᠵᠢᠯᠯᠠᠭ᠎ᠠ — ᠭᠡᠷ ᠲᠤᠨᠢ ᠬᠦᠷᠴᠦ ᠰᠢᠨ᠎ᠡ ᠶᠢᠨ | ᠮᠡᠨᠳᠦ ᠬᠦᠷᠭᠡᠬᠦ︾ ᠠᠵᠢᠯᠯᠠᠭ᠎ᠠ ᠶᠢ ᠡᠬᠢᠯᠡᠭᠦᠯᠵᠦ᠂ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠪᠣᠯᠤᠨ ᠨᠡᠶᠢᠭᠡᠮ | ᠲᠣᠭᠤᠷᠢᠭ ᠤᠨ ᠬᠠᠶᠢᠷ᠎ᠠ ᠰᠡᠳᠭᠢᠯᠭᠡ ᠶᠢ ᠨᠡᠶᠢᠭᠡᠮ ᠲᠣᠭᠤᠷᠢᠭ ᠤᠨ ᠥᠨᠴᠥᠭ ᠪᠤᠯᠤᠩ ᠪᠦᠷᠢ᠂ ᠣᠨᠴᠠᠭᠠᠶᠢᠯᠠᠨ | ᠲᠡᠳᠡᠭᠡᠷ ᠠᠮᠢᠳᠤᠷᠠᠯ ᠨᠢ ᠨᠡᠯᠢᠶᠡᠳ ᠬᠦᠴᠢᠷᠳᠡᠯᠲᠡᠢ ᠰᠠᠭᠤᠭᠠᠯᠢ ᠠᠷᠠᠳ ᠤᠨ ᠭᠡᠷ ᠲᠤ ᠳᠠᠮᠵᠢᠭᠤᠯᠪᠠ᠃ | ᠰᠢᠨ ᠸᠠᠩ ᠨᠡᠶᠢᠭᠡᠮ ᠲᠣᠭᠤᠷᠢᠭ ᠤᠨ ᠠᠵᠢᠯᠲᠠᠳ᠂ ᠮᠡᠨᠳᠦᠴᠢᠯᠡᠯ ᠤᠨ ᠪᠡᠯᠡᠭ ᠢᠶᠠᠨ ᠪᠠᠷᠢᠨ᠂ ᠰᠢᠨ᠎ᠡ ᠶᠢᠨ | ᠵᠣᠯᠭᠠᠯᠲᠠ ᠶᠢᠨ ᠠᠶᠠᠨ ᠳᠤ ᠪᠠᠨ ᠮᠣᠷᠳᠠᠪᠠ᠃ ᠲᠡᠳᠡᠨ ᠤ ᠴᠢᠷᠠᠶ ᠳᠤ ᠢᠨᠢᠶᠡᠮᠰᠦᠭᠯᠡᠯ ᠪᠢᠯᠬᠠᠵᠤ᠂ ᠰᠡᠳᠭᠢᠯ ᠳᠤ ᠨᠢ | ᠬᠦᠴᠢᠷᠳᠡᠯᠲᠡᠶ ᠣᠯᠠᠨ ᠲᠦᠮᠡᠨ ᠳᠠᠬᠢ ᠬᠠᠯᠠᠮᠵᠢᠯᠠᠯ ᠵᠦᠩᠨᠡᠯ ᠢᠶᠠᠷ ᠲᠦᠭᠦᠷᠡᠪᠡ᠃ | ᠡᠭᠦᠳᠡ ᠲᠣᠭᠰᠢᠬᠤ ᠳᠠᠭᠤᠨ ᠴᠤᠤᠷᠢᠶᠠᠲᠤᠬᠤ ᠶᠢ ᠳᠠᠭᠠᠯᠳᠤᠨ᠂ ︽ᠰᠠᠶᠢᠨ ᠰᠢᠨᠡᠯᠡᠪᠦᠦ︕ ᠪᠢᠳᠡ ᠲᠠᠨ ᠢ | ᠡᠷᠭᠢᠨ ᠦᠵᠡᠬᠦ ᠪᠠᠷ ᠢᠷᠡᠯ᠎ᠡ︕ ︾ ᠭᠡᠬᠦ ᠬᠠᠯᠠᠭᠤᠨ ᠳᠤᠯᠠᠭᠠᠨ ᠦᠭᠡ ᠶᠠᠷᠢᠶ᠎ᠠ ᠨᠢ ᠶᠠᠭ ᠯᠠ ᠳᠤᠯᠠᠭᠠᠨ ᠤᠷᠤᠰᠬᠠᠯ | ᠮᠡᠲᠦ ᠪᠠᠢᠵᠤ ᠂ ᠭᠱᠠᠨ ᠵᠠᠭᠤᠷ᠎ᠠ ᠶᠠᠳᠠᠭᠤ ᠬᠦᠴᠢᠷᠳᠡᠯᠲᠡᠢ ᠣᠯᠠᠨ ᠲᠦᠮᠡᠨ ᠤ ᠰᠡᠳᠬᠢᠯ ᠢ | ᠳᠤᠯᠠᠭᠠᠴᠠᠭᠤᠯᠪᠠ᠃ ᠨᠢᠭᠡ ᠠᠶᠢᠯ ᠳᠤ ᠬᠦᠷᠬᠦ ᠪᠦᠷᠢ᠂ ᠠᠵᠢᠯᠲᠠᠳ ᠴᠥᠮ ᠤᠳᠠᠲᠠᠯ᠎ᠠ ᠠᠭᠤᠯᠵᠠᠭ᠎ᠠ ᠦᠭᠡᠢ | ᠲᠥᠷᠥᠯ ᠰᠠᠳᠤᠨ ᠲᠠᠢ ᠪᠠᠨ ᠠᠭᠤᠯᠵᠠᠭᠰᠠᠨ ᠮᠡᠲᠦ ᠂ ᠬᠦᠴᠢᠷᠳᠡᠯᠲᠡᠶ ᠣᠯᠠᠨ ᠲᠦᠮᠡᠨ ᠲᠠᠢ ᠬᠠᠯᠠᠭᠤᠨ ᠢᠶᠠᠷ ᠭᠠᠷ | ᠠᠳᠬᠤᠵᠤ᠂ ᠲᠡᠪᠡᠷᠢᠵᠦ᠂ ᠰᠢᠨ᠎ᠡ ᠵᠢᠯ ᠤᠨ ᠵᠥᠩᠨᠡᠯ ᠪᠠ ᠮᠡᠨᠳᠦᠴᠢᠯᠡᠯ ᠢᠶᠠᠨ ᠳᠡᠪᠰᠢᠭᠦᠯᠦᠨ᠎ᠡ ᠃ | ᠶᠠᠷᠢᠯᠴᠠᠬᠤ ᠳᠤᠮᠳᠠ᠂ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ | ᠂ ᠲᠡᠳᠡᠨ ᠤ ᠬᠦᠰᠡᠯ ᠱᠠᠭᠠᠷᠳᠠᠯᠭ᠎ᠠ ᠶᠢ ᠬᠦᠯᠢᠴᠡᠩᠭᠦᠶ ᠪᠠᠷ ᠰᠣᠨᠣᠰᠪᠠ᠃ ᠲᠡᠳᠡ ᠬᠦᠴᠢᠷᠳᠡᠯᠲᠡᠶ ᠣᠯᠠᠨ ᠲᠦᠮᠡᠨ ᠢ | ᠪᠠᠶᠠᠰᠤᠩᠭᠤᠶ ᠰᠡᠳᠬᠢᠯᠭᠡ ᠲᠠᠢ ᠪᠠᠶᠢᠵᠤ᠂ ᠠᠮᠢᠳᠤᠷᠠᠯ ᠤᠨ ᠳᠤᠮᠳᠠᠬᠢ ᠬᠦᠴᠢᠷᠳᠡᠯ ᠪᠣᠯᠤᠨ ᠥᠷᠢᠰᠥᠯᠳᠦᠭᠡᠨ ᠳᠤ | ᠢᠳᠡᠪᠬᠢᠲᠡᠶ ᠬᠠᠨᠳᠤᠬᠤ ᠶᠢ ᠵᠣᠷᠢᠭᠵᠢᠭᠤᠯᠵᠠᠶ᠃ ᠡᠭᠦᠨ ᠤ ᠬᠠᠮᠲᠤ ᠪᠠᠰᠠ ᠬᠦᠴᠢᠷᠳᠡᠯᠲᠡᠶ ᠣᠯᠠᠨ ᠲᠦᠮᠡᠨ ᠳᠤ | ᠨᠡᠶᠢᠭᠡᠮ ᠲᠣᠭᠤᠷᠢᠭ ᠤᠨ ᠬᠠᠩᠭᠠᠭᠰᠠᠨ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ | ᠪᠣᠯᠤᠨ ᠡᠬᠢ ᠪᠠᠶᠠᠯᠢᠭ ᠢ ᠲᠠᠨᠢᠯᠴᠠᠭᠤᠯᠵᠤ᠂ ᠲᠡᠳᠡᠨ ᠢ ᠬᠠᠪᠰᠤᠷᠤᠨ ᠨᠡᠶᠢᠭᠡᠮ ᠲᠣᠭᠤᠷᠢᠭ ᠤᠨ ᠠᠮᠢᠳᠤᠷᠠᠯ ᠳᠤ ᠨᠠᠩ | ᠰᠠᠶᠢᠲᠤᠷ ᠠᠭᠤᠰᠤᠯᠴᠠᠭᠤᠯᠪᠠ᠃ | ᠲᠣᠰ ᠤᠳᠠᠭᠠᠨ ᠤ ︽ ᠤᠷᠢᠬᠠᠨ ᠬᠠᠪᠤᠷ ᠤᠨ ᠠᠵᠢᠯᠯᠠᠭ᠎ᠠ︾ ᠳᠤ ᠪᠠᠰᠠ ︽ᠬᠦᠰᠡᠯ ᠤᠨ ᠬᠡᠷᠡᠮ︾ ᠤᠨ | ᠭᠤᠭᠴᠤᠭ᠎ᠠ ᠭᠠᠷᠭᠠᠪᠠ᠃ ᠬᠦᠴᠢᠷᠳᠡᠯᠲᠡᠢ ᠣᠯᠠᠨ ᠲᠦᠮᠡᠨ ᠤ ᠥᠪᠡᠷ ᠤᠨ ᠰᠢᠨ᠎ᠡ ᠵᠢᠯ ᠤᠨ ᠬᠦᠰᠡᠯ ᠡᠷᠡᠮᠡᠯᠵᠡᠯ ᠢᠶᠠᠨ | ᠪᠢᠴᠢᠬᠦ ᠶᠢ ᠵᠣᠷᠢᠭᠵᠢᠭᠤᠯᠵᠤ᠂ ᠡᠷᠡᠭᠦᠯ ᠮᠡᠨᠳᠦ ᠶᠢᠨ ᠬᠦᠰᠡᠯ ᠡᠷᠡᠮᠡᠯᠵᠡᠯ᠂ ᠠᠮᠢᠳᠤᠷᠠᠯ ᠤᠨ ᠨᠥᠬᠦᠴᠡᠯ ᠢ | ᠰᠠᠶᠢᠵᠢᠷᠠᠭᠤᠯᠬᠤ ᠲᠤᠬᠠᠢ ᠬᠦᠰᠡᠯ ᠡᠷᠡᠮᠡᠯᠵᠡᠯ ᠳᠤ ᠭᠡᠰᠡᠨ ᠦᠭᠡᠢ ᠴᠥᠮ ᠨᠢᠭᠡᠳ ᠨᠢᠭᠡ ᠪᠠᠷ ᠲᠡᠮᠳᠡᠭᠯᠡᠵᠦ ᠠᠪᠤᠪᠠ᠃ | ᠡᠨᠡ ᠬᠦ ᠠᠷᠭ᠎ᠠ ᠬᠡᠮᠵᠢᠶ᠎ᠡ ᠨᠢ ᠬᠦᠴᠢᠷᠳᠡᠯᠲᠡᠶ ᠣᠯᠠᠨ ᠲᠦᠮᠡᠨ ᠳᠤ ᠨᠡᠶᠢᠭᠡᠮ ᠲᠣᠭᠤᠷᠢᠭ ᠤᠨ ᠬᠠᠯᠠᠮᠵᠢᠯᠠᠯ ᠪᠠ | ᠳᠡᠮᠵᠢᠯᠭᠡ ᠶᠢ ᠮᠡᠳᠡᠷᠡᠭᠦᠯᠦᠭᠰᠡᠨ ᠢᠶᠠᠷ ᠪᠠᠷᠠᠬᠤ ᠥᠬᠡᠶ᠂ ᠲᠡᠳᠡᠨ ᠤ ᠢᠳᠡᠪᠬᠢᠲᠡᠶ ᠥᠭᠡᠳᠡᠯᠡᠨ ᠳᠠᠪᠰᠢᠬᠤ | ᠠᠮᠢᠳᠤᠷᠠᠯ ᠤᠨ ᠣᠪᠣᠷ ᠢ ᠨᠠᠩ ᠬᠥᠭᠵᠢᠭᠡᠭᠰᠡᠨ ᠪᠠᠶᠢᠨ᠎ᠠ᠃ | ︽ᠰᠠᠶᠢᠨ ᠰᠢᠨᠡᠯᠡᠪᠦᠦ︕ ᠪᠢᠳᠡ ᠲᠠᠨ ᠢ ᠡᠷᠭᠢᠨ ᠦᠵᠡᠬᠦ ᠪᠠᠷ ᠢᠷᠡᠯ᠎ᠡ︕ ︾ ᠭᠡᠬᠦ ᠵᠣᠯᠭᠠᠯᠲᠠ ᠪᠦᠷᠢ | ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠬᠢᠭᠰᠡᠨ ᠪᠠᠶᠠᠷ ᠤᠨ ᠡᠳᠦᠷ ᠤᠨ ᠵᠥᠩᠨᠡᠯ ᠪᠣᠯᠬᠤ ᠪᠠᠷ ᠪᠠᠷᠠᠬᠤ ᠥᠬᠡᠶ᠂ | ᠨᠠᠩ ᠴᠤ ᠲᠡᠳᠡᠨ ᠤ ᠠᠮᠢᠳᠤᠷᠠᠯ ᠢ ᠬᠠᠯᠠᠮᠵᠢᠯᠠᠨ ᠵᠣᠷᠢᠭᠵᠢᠭᠤᠯᠵᠤ ᠪᠠᠶᠢᠭ᠎ᠠ ᠶᠠᠪᠤᠳᠠᠯ ᠪᠣᠯᠤᠨ᠎ᠠ᠃ ᠭᠡᠷ ᠲᠤᠨᠢ ᠬᠦᠷᠴᠦ | ᠰᠢᠨ᠎ᠡ ᠶᠢᠨ ᠵᠣᠯᠭᠠᠯᠲᠠ ᠬᠢᠬᠦ ᠡᠨᠡ ᠬᠦ ᠤᠯᠠᠮᠵᠢᠯᠠᠯ ᠤᠨ ᠪᠥᠭᠡᠳ ᠬᠠᠯᠠᠭᠤᠨ ᠳᠤᠯᠠᠭᠠᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠰᠢᠨ ᠸᠠᠩ ᠨᠡᠶᠢᠭᠡᠮ ᠲᠣᠭᠤᠷᠢᠭ ᠤᠨ ᠬᠢᠨ ᠬᠦᠴᠢᠷᠳᠡᠯᠲᠡᠶ ᠣᠯᠠᠨ ᠲᠦᠮᠡᠨ ᠯᠦᠭᠡ ᠶᠢᠨ | ᠬᠤᠭᠤᠷᠣᠨᠳᠣᠬᠢ ᠵᠠᠶ ᠪᠠᠨ ᠣᠶᠢᠷᠠᠲᠤᠭᠤᠯᠤᠭᠰᠠᠨ ᠢᠶᠠᠷ ᠪᠠᠷᠠᠬᠤ ᠥᠬᠡᠶ᠂ ᠨᠡᠶᠢᠭᠡᠮ ᠲᠣᠭᠤᠷᠢᠭ ᠤᠨ ᠬᠠᠯᠠᠮᠵᠢᠯᠠᠯ ᠪᠠ | ᠳᠡᠮᠵᠢᠯᠭᠡ ᠶᠢ ᠨᠠᠩ ᠳᠠᠮᠵᠢᠭᠤᠯᠪᠠ᠂ ᠭᠠᠭᠴᠠ ᠬᠦ ᠣᠯᠠᠨ ᠲᠦᠮᠡᠨ ᠤ ᠬᠡᠷᠡᠭᠴᠡᠭᠡ ᠪᠠ ᠬᠦᠰᠡᠯ ᠡᠷᠡᠮᠡᠯᠵᠡᠯ ᠢ ᠨᠠᠩ | ᠰᠠᠶᠢᠲᠤᠷ ᠬᠠᠩᠭᠠᠪᠠᠯ ᠰᠠᠶ᠋ᠢ ᠨᠡᠶᠢᠭᠡᠮ ᠲᠣᠭᠤᠷᠢᠭ ᠢ ᠵᠢᠩᠬᠢᠨᠢ ᠠᠴᠢ ᠬᠤᠯᠪᠣᠭᠳᠠᠯ ᠤᠨ ᠲᠠᠯ᠎ᠠ ᠪᠠᠷ ᠬᠢ ︽ᠶᠡᠭᠡ ᠬᠡᠷ | ᠪᠦᠯᠢ︾ ᠪᠣᠯᠭᠠᠵᠤ ᠴᠢᠳᠠᠨ᠎ᠠ᠃ | |