ᠴᠠᠭᠠᠨ ᠰᠠᠷ᠎ᠠ ᠡᠬᠢᠯᠡᠬᠦ ᠪᠠᠷ ᠲᠦᠮᠡᠨ ᠦᠵᠡᠭᠳᠡᠯ ᠰᠢᠨᠡᠳᠪᠡ᠃ 2 ᠳ᠋ᠣᠭᠠᠷ ᠰᠠᠷ᠎ᠠ ᠶᠢᠨ 10 ᠤ ᠡᠳᠦᠷ ᠤᠨ | ᠦᠳᠡ ᠶᠢᠨ ᠬᠤᠶᠢᠨ᠎ᠠ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠠᠮ ᠤᠨ ᠤᠳᠤᠷᠢᠳᠬᠤ | ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠰᠢᠭᠤᠶᠢᠲᠤ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠ | ᠯᠢ ᠮᠢᠨ ᠬᠤᠷᠠᠯ ᠡᠷᠭᠢᠯᠡᠭᠰᠡᠨ ᠮᠦᠷᠲᠡᠭᠡᠨ ᠶᠠᠷᠢᠶ᠎ᠠ ᠲᠠᠯᠪᠢᠵᠤ᠂ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ | ᠂ ᠡᠯ᠎ᠡ ᠰᠤᠷᠭᠠᠭᠤᠯᠢ ᠶᠢᠨ ᠬᠠᠷᠢᠭᠤᠴᠠᠯᠭᠠᠲᠠᠨ᠂ ᠪᠥᠬᠦ ᠠᠵᠢᠯᠲᠠᠨ ᠠᠵᠢᠯᠴᠢᠨ ᠬᠤᠷᠠᠯ ᠳᠤ ᠣᠷᠣᠯᠴᠠᠵᠠᠢ᠃ | ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠ ᠯᠢ ᠮᠢᠨ ᠪᠥᠬᠦ ᠬᠤᠲᠠ ᠶᠢᠨ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ᠂ ᠴᠢᠳᠠᠪᠤᠷᠢᠲᠠᠨ ᠤᠷᠢᠵᠤ ᠣᠷ᠎ᠠ ᠴᠢᠳᠠᠪᠣᠷᠢ ᠣᠷᠣᠭᠤᠯᠬᠤ ᠬᠢᠭᠡᠳ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ᠂ ᠰᠢᠭᠤᠶᠢᠲᠤ | ᠲᠣᠭᠤᠷᠢᠭ ᠤᠨ ︽ᠭᠤᠷᠪᠠ ᠠᠴᠠ ᠬᠤᠶᠠᠷ ᠢ ᠡᠷᠢᠬᠦ︾ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠪᠠ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠪᠴᠢᠶᠠᠨ ᠤ ᠳᠡᠭᠡᠳᠦ ᠳᠣᠤᠷᠠᠳᠤ ᠱᠠᠲᠤᠨ ᠤ ᠬᠢᠨ᠂ ᠪᠥᠬᠦ | ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠳᠠᠪᠤᠷᠢᠲᠠᠨ ᠤᠷᠢᠵᠤ ᠣᠷ᠎ᠠ ᠴᠢᠳᠠᠪᠣᠷᠢ | ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠠᠶᠢᠴᠢᠯᠠᠯᠲᠠ ᠶᠢᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠭᠤᠶᠢᠲᠤ ᠲᠣᠭᠤᠷᠢᠭ ᠤᠨ ︽ | ᠭᠤᠷᠪᠠᠨ ᠪᠠᠶᠢᠳᠠᠯ ᠳᠤ ᠬᠤᠶᠠᠷ ᠢ ᠡᠷᠢᠬᠦ︾ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠢ ᠨᠠᠷᠢᠯᠢᠭ ᠬᠢᠵᠦ ᠪᠠᠶᠢᠷᠢᠯᠠᠭᠤᠯᠬᠤ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠪᠥᠬᠦ ᠲᠠᠯ᠎ᠠ ᠪᠠᠷ ᠪᠣᠶ | ᠪᠣᠯᠭᠠᠬᠤ᠂ ᠰᠤᠷᠭᠠᠨ ᠬᠥᠮᠦᠵᠢᠯ ᠤᠨ ᠬᠦᠴᠦᠷᠬᠡᠭ ᠬᠤᠲᠠ ᠶᠢ ᠲᠦᠷᠭᠡᠳᠬᠡᠨ ᠪᠠᠶᠢᠭᠤᠯᠬᠤ᠂ ᠰᠢᠭᠤᠶᠢᠲᠤ ᠶᠢᠨ | ᠰᠤᠷᠭᠠᠨ ᠬᠥᠮᠦᠵᠢᠯ ᠢ ᠬᠥᠭᠵᠢᠭᠦᠯᠬᠦ ᠪᠠᠷ ᠶᠡᠷᠦᠩᠬᠡᠶ ᠬᠠᠷᠠᠯᠲᠠ ᠪᠣᠯᠭᠠᠵᠤ᠂ ︽ᠰᠢᠢᠳᠪᠦᠷᠢᠯᠡᠭᠳᠡᠬᠦᠢ ᠰᠡᠳᠬᠢᠬᠦᠢ︾ | ᠪᠠᠷ ᠳᠠᠮᠵᠢᠭᠤᠯᠤᠨ 2025 ᠣᠨ ᠤ ᠭᠤᠤᠯᠳᠠᠯᠭ᠎ᠠ ᠲᠠᠢ ᠠᠵᠢᠯ ᠢᠶᠠᠨ ᠲᠦᠯᠤᠪᠵᠢᠭᠦᠯᠤᠨᠡ᠃ ᠴᠢᠨᠠᠷ ᠰᠠᠶᠢᠲᠠᠶ | ᠲᠡᠩᠴᠡᠭᠦᠷᠢᠲᠡᠶ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ | ᠪᠠᠶᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠠᠷᠠᠳ ᠲᠦᠮᠡᠨ ᠤ | ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠡ᠃ ᠮᠠᠨ ᠤ ᠲᠣᠭᠤᠷᠢᠭ ᠤᠨ ᠴᠢᠨᠠᠷ | ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠬᠤᠰᠢᠭᠤᠴᠢ ᠲᠣᠭᠤᠷᠢᠭ ᠤᠨ ᠰᠢᠰᠲ᠋ᠧᠮᠲᠦ ᠴᠢᠨᠠᠷᠲᠠᠢ | ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠤᠨ ᠬᠦᠴᠦᠨ ᠨᠡᠮᠡᠷᠢᠯᠡᠨ᠎ᠡ᠃ ᠰᠤᠷᠭᠠᠨ | ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠪᠣᠯᠤᠨ ᠬᠢᠷᠢ ᠲᠦᠪᠰᠢᠨ ᠢ ᠴᠢᠷᠮᠠᠶᠢᠨ | ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠶᠢ | ᠡᠭᠦᠳᠦᠨ ᠪᠠᠶᠢᠭᠤᠯᠬᠤ ᠠᠵᠢᠯ ᠤᠨ ᠲᠣᠭᠤᠷᠢᠨ ᠳᠤ ᠲᠡᠮᠦᠷ ᠵᠠᠮ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠲᠦᠷᠦᠯ ᠵᠦᠢᠯ ᠢ ᠠᠬᠢᠭᠤᠯᠤᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠬᠦ ᠶᠢ | ᠵᠣᠷᠢᠬᠵᠢᠭᠤᠯᠤᠨ ᠳᠡᠮᠵᠢᠨ᠎ᠡ᠃ ᠠᠵᠦ ᠦᠢᠯᠡᠰ ᠬᠢᠬᠡᠳ ᠰᠤᠷᠭᠠᠨ ᠭᠦᠮᠦᠵᠢᠯ ᠤᠨ ᠠᠭᠤᠰᠤᠯᠴᠠᠯ ᠢ ᠠᠬᠢᠭᠤᠯᠣᠨ᠂ | ᠮᠠᠨ ᠤ ᠲᠣᠭᠤᠷᠢᠭ ᠤᠨ ᠮᠢᠩ ᠶᠠᠩ᠂ ᠶᠠ ᠰᠢᠨ᠂ ᠹᠦ᠋ ᠢᠦᠶ ᠵᠡᠷᠭᠡ ᠺᠣᠮᠫᠠᠨᠢ ᠲᠠᠢ ᠵᠣᠯᠭᠠᠭᠤᠯᠵᠤ᠂ ᠴᠢᠳᠠᠪᠤᠷᠢᠲᠠᠨ | ᠬᠥᠮᠦᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ︽ᠣᠲᠣ ᠦᠶ᠎ᠡ ᠶᠢᠨ ᠱᠠᠪᠢ ᠶᠢᠨ ᠲᠦᠷᠢᠮ︾ ︽ᠬᠤᠤᠰ | ᠭᠤᠤᠯ ᠴᠣᠭᠴᠠ ᠶᠢᠨ ᠵᠠᠬᠢᠶᠠᠯᠠᠭ᠎ᠠ ᠶᠢᠨ ᠬᠡᠯᠪᠡᠷᠢ︾ ᠵᠡᠷᠭᠡ ᠴᠢᠳᠠᠪᠤᠷᠢᠲᠠᠨ ᠬᠥᠮᠦᠵᠢᠭᠦᠯᠬᠦ ᠵᠠᠭᠪᠣᠷ ᠢ ᠳᠡᠯᠭᠡᠷᠡᠭᠦᠯᠣᠨ᠂ | ᠴᠢᠳᠠᠪᠤᠷᠢᠲᠠᠨ ᠢ ᠬᠥᠮᠦᠵᠢᠭᠦᠯᠬᠦ ᠪᠠ ᠠᠵᠢᠯ ᠮᠡᠷᠭᠡᠵᠢᠯ ᠤᠨ ᠠᠵᠢᠯ ᠤᠨ ᠪᠠᠶᠢᠷᠢ ᠶᠢ ᠨᠠᠷᠢᠯᠢᠭ ᠣᠨᠣᠴᠠᠲᠠᠶ ᠪᠠᠷ | ᠵᠣᠯᠭᠠᠭᠤᠯᠬᠤ ᠶᠢ ᠪᠡᠶᠡᠯᠡᠭᠦᠯᠣᠨ᠎ᠡ᠃ ᠳᠡᠮᠥᠷ ᠵᠠᠮ ᠤᠨ ᠠᠵᠢᠯ ᠮᠡᠷᠭᠡᠵᠢᠯ ᠤᠨ ᠰᠣᠷᠭᠠᠭᠤᠯᠢ ᠳᠤ ᠳᠥᠰᠢᠭᠯᠡᠨ᠂ ᠲᠠᠬᠢᠨ | ᠨᠢᠭᠡ ᠠᠵᠢᠯ ᠮᠡᠷᠭᠡᠵᠢᠯ ᠤᠨ ᠰᠣᠷᠭᠠᠭᠤᠯᠢ ᠶᠢ ᠣᠷᠣᠭᠤᠯᠥᠨ ᠠᠪᠴᠢᠷᠡᠬᠦ ᠪᠠᠷ ᠴᠢᠷᠮᠡᠶᠢᠵᠦ᠂ ᠰᠢᠭᠤᠶᠢᠳᠦ | ᠲᠤᠭᠤᠷᠢᠭ ᠤᠨ ᠨᠡᠭᠡᠭᠡᠯᠳᠡ ᠶᠢᠨ ᠶᠡᠭᠡ ᠰᠣᠷᠭᠠᠭᠤᠯᠢ ᠳᠤ ᠳᠥᠰᠢᠭᠯᠡᠨ᠂ ᠰᠣᠷᠭᠠᠨ ᠬᠦᠮᠦᠵᠢᠯ ᠤᠨ | ᠪᠤᠯᠪᠠᠰᠣᠷᠡᠭᠤᠯᠥᠯ ᠤᠨ ᠦᠢᠯᠡᠴᠢᠯᠡᠭᠡᠨ ᠤ ᠦᠢᠯᠡᠰ ᠢ ᠶᠡᠭᠡᠪᠡᠷ ᠦᠷᠭᠡᠳᠬᠡᠨ᠎ᠡ᠃ ᠰᠣᠷᠭᠠᠨ ᠬᠦᠮᠦᠵᠢᠯ | ᠪᠤᠯᠪᠠᠰᠣᠷᠡᠭᠤᠯᠥᠯ ᠤᠨ ᠠᠵᠢᠯ ᠪᠠ ᠠᠵᠢᠯ ᠮᠡᠷᠭᠡᠵᠢᠯ ᠤᠨ ᠳᠥᠷᠦᠯ ᠤᠨ ᠰᠣᠷᠭᠠᠨ ᠬᠦᠮᠦᠵᠢᠯ ᠤᠨ ᠪᠤᠯᠪᠠᠰᠣᠷᠡᠭᠤᠯᠥᠯ ᠢ | ᠦᠷᠨᠢᠬᠦᠯᠵᠦ᠂ ᠨᠠᠰᠣᠨ ᠲᠣᠷᠰᠢᠳᠡ ᠶᠢᠨ ᠰᠣᠷᠣᠯᠴᠠᠬᠤ ᠰᠣᠷᠭᠠᠨ ᠬᠦᠮᠦᠵᠢᠯ ᠤᠨ ᠰᠢᠰᠲᠠᠮ ᠢ ᠪᠠᠶᠢᠭᠤᠯᠥᠨ᠂ ᠮᠠᠨ ᠤ | ᠲᠣᠭᠤᠷᠢᠭ ᠤᠨ ᠠᠵᠦ ᠦᠢᠯᠡᠰ ᠤᠨ ᠬᠦᠳᠡᠯᠮᠥᠷᠢ ᠬᠦᠴᠣᠨ ᠤ ᠬᠢᠷᠢ ᠭᠡᠮᠵᠢᠶ᠎ᠠ ᠶᠢ ᠪᠦᠬᠦᠯᠢ ᠴᠣᠠᠠᠴᠠ ᠪᠠᠷ ᠨᠢ | ᠳᠡᠭᠡᠭᠰᠢᠯᠡᠭᠦᠯᠬᠦ ᠬᠡᠷᠡᠭᠲᠡᠢ᠃ | | ᠬᠤᠷᠠᠯ ᠠᠴᠠ ᠴᠢᠬᠤᠯᠠᠴᠢᠯᠠᠭᠰᠠᠨ ᠨᠢ᠂ ︽ᠭᠤᠷᠪᠠ ᠠᠴᠠ ᠬᠤᠶᠠᠷ ᠢ ᠡᠷᠢᠬᠦ︾ ᠪᠠ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠨᠢᠭᠡ ᠡᠳᠦᠷ ᠤᠨ | ᠲᠦᠯᠤᠪᠯᠡᠭᠡ ᠦᠷᠯᠦᠭᠡᠨ ᠳᠤ᠂ ᠨᠢᠭᠡ ᠵᠢᠯ ᠤᠨ ᠲᠦᠯᠤᠪᠯᠡᠭᠡ ᠬᠠᠪᠣᠷ ᠲᠤ ᠪᠠᠨ︾ ᠭᠡᠳᠡᠭ ᠢ ᠭᠦᠨᠵᠡᠭᠡᠢ ᠲᠠᠨᠢᠵᠤ᠂ | ᠡᠭᠦᠨ ᠢᠶᠠᠷ ᠤᠳᠤᠷᠢᠳᠤᠮᠵᠢ ᠪᠣᠯᠭᠠᠵᠤ᠂ ᠲᠡᠷᠢᠭᠦᠨ ᠤ ᠬᠢ ᠶᠢ ᠲᠡᠮᠡᠴᠡᠨ ᠤᠯᠬᠤ᠂ ᠬᠦᠴᠢᠷ ᠢ ᠲᠤᠭᠤᠯᠤᠨ ᠪᠡᠷᠬᠡ ᠶᠢ | ᠳᠠᠪᠠᠭ᠋ᠤ ᠰᠥᠰᠥ ᠵᠣᠷᠢᠭ ᠢᠶᠠᠷ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ | ᠡᠷᠬᠢᠯᠡᠬᠦ ᠪᠠᠷ ᠬᠠᠷᠠᠯᠲᠠ ᠪᠣᠯᠭᠠᠵᠤ᠂ ᠮᠠᠨ ᠤ ᠲᠤᠭᠤᠷᠢᠭ ᠤᠨ ᠣᠳᠣᠬᠢᠴᠢᠯᠠᠭᠰᠠᠨ ᠰᠤᠷᠭᠠᠨ ᠬᠥᠮᠦᠵᠢᠯ ᠤᠨ | ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢ ᠶᠡᠬᠡᠪᠡᠷ ᠪᠠᠳᠠᠷᠠᠭᠤᠯᠵᠤ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ | ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠣᠳᠣᠬᠢᠴᠢᠯᠠᠭᠰᠠᠨ ᠰᠤᠷᠭᠠᠨ ᠬᠥᠮᠦᠵᠢᠯ ᠢ ᠬᠦᠴᠦᠯᠡᠨ | ᠠᠬᠢᠭᠤᠯᠵᠤ᠂ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠷᠠᠯᠲᠠ ᠶᠢ ᠪᠡᠶᠡᠯᠡᠭᠦᠯᠵᠦ᠂ | ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ︕ ᠮᠠᠨ ᠤ | ᠲᠣᠭᠤᠷᠢᠭ ᠤᠨ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠤᠰᠢᠭᠤᠴᠢ ᠲᠣᠭᠤᠷᠢᠭ ᠤᠨ | ᠰᠢᠰᠲ᠋ᠧᠮᠲᠦ ᠴᠢᠨᠠᠷᠲᠠᠢ ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠤᠨ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ 2025 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠲᠡᠮᠡᠴᠡᠯ ᠤᠨ ᠵᠣᠷᠢᠭ ᠢᠶᠠᠨ ᠳᠠᠬᠢᠨᠲᠠ | ᠬᠥᠪᠴᠢᠯᠡᠵᠦ᠂ ︽ᠲᠦᠮᠡᠨ ᠶᠠᠪᠤᠳᠠᠯ ᠬᠠᠷᠢᠭᠤᠯᠲᠠ ᠪᠣᠢ︾ ᠭᠡᠬᠦ ᠪᠣᠭᠤᠮᠲᠠ ᠰᠢᠪᠲᠤᠯᠬᠤ ᠵᠣᠷᠢᠭ ᠰᠠᠨᠠᠭ᠎ᠠ᠂ ᠨᠠᠷᠢᠨ | ᠬᠢᠨᠠᠮᠠᠭᠠᠢ ᠠᠵᠢᠯ ᠤᠨ ᠪᠠᠷᠢᠮᠵᠢᠶ᠎ᠠ᠂ ᠲᠡᠷᠢᠭᠦᠨ ᠤ ᠪᠣᠯᠬᠤ ᠪᠠᠷ ᠴᠢᠷᠮᠠᠶᠢᠬᠤ ᠵᠣᠷᠢᠭ ᠰᠠᠨᠠᠭ᠎ᠠ ᠪᠠᠨ ᠪᠠᠳᠠᠷᠠᠭᠤᠯᠵᠤ᠂ | ᠰᠢᠨ᠎ᠡ ᠵᠢᠯ ᠤᠨ ︽ᠨᠢᠭᠡᠳᠦᠭᠡᠷ ᠰᠢᠳᠠᠮ︾ ᠢ ᠴᠢᠷᠮᠠᠶᠢᠨ ᠰᠠᠶᠢᠲᠤᠷ ᠭᠦᠶᠦᠵᠦ᠂ ᠬᠤᠶᠢᠰᠢᠳᠠ ᠶᠢᠨ ︽ᠰᠢᠳᠠᠮ | ᠨᠢᠭᠡᠪᠦᠷᠢ︾ ᠶᠢ ᠦᠷᠭᠦᠯᠵᠢᠯᠡᠨ ᠰᠠᠶᠢᠲᠤᠷ ᠭᠦᠶᠦᠯᠭᠡᠵᠦ᠂ ︽ᠭᠤᠷᠪᠠᠨ ᠪᠠᠶᠢᠳᠠᠯ ᠳᠤ ᠬᠤᠶᠠᠷ ᠢ ᠡᠷᠢᠬᠦ︾ ᠠᠵᠢᠯ ᠢ | ᠰᠡᠳᠬᠢᠯ ᠲᠠᠯᠪᠢᠨ ᠪᠣᠳᠠᠲᠠᠢ ᠨᠠᠷᠢᠯᠢᠭ ᠬᠢᠵᠦ ᠰᠤᠷᠭᠠᠨ ᠬᠥᠮᠦᠵᠢᠯ ᠤᠨ ᠰᠢᠰᠲ᠋ᠧᠮ ᠳᠤ ᠨᠠᠶᠢᠳᠠᠪᠤᠷᠢᠵᠢᠭᠤᠯᠵᠤ᠂ | ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ | ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ | |