ᠠᠮᠤᠷ ᠲᠠᠶᠢᠪᠤᠩ ᠲᠣᠣᠷᠵᠢᠯ  ᠬᠠᠮᠲᠤᠪᠠᠷ ᠰᠡᠷᠭᠡᠶᠢᠯᠡᠯᠳᠡ ᠶᠢᠨ ᠱᠤᠭᠤᠮ ᠪᠠᠶᠢᠭᠤᠯᠵᠤ ᠰᠢᠨ᠎ᠡ ᠵᠢᠯ ᠢᠶᠠᠨ ᠤᠭᠲᠤᠶ᠎ᠠ
ᠨᠡᠶᠢᠲᠡᠯᠡᠭᠰᠡᠨ ᠴᠠᠭ᠄
2025/2/8
        ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠰᠢᠨ ᠸᠠᠩ ᠨᠡᠶᠢᠭᠡᠮ ᠲᠣᠭᠤᠷᠢᠭ ᠤᠨ  ᠬᠢᠨ ᠠᠮᠤᠷ ᠠᠮᠤᠭᠤᠯᠠᠩ ᠪᠣᠯ ᠡᠶ᠎ᠡ ᠵᠣᠬᠢᠴᠠᠩᠭᠤᠢ ᠰᠠᠶᠢᠨ ᠰᠠᠶᠢᠬᠠᠨ ᠭᠡᠷ ᠣᠷᠣᠨ ᠢ ᠪᠠᠶᠢᠭᠤᠯᠬᠤ ᠪᠠᠲᠤ ᠪᠠᠬᠢ ᠰᠠᠭᠤᠷᠢ ᠪᠣᠯᠬᠤ ᠶᠢ ᠭᠦᠨᠵᠡᠭᠡᠢ ᠣᠶᠢᠯᠠᠭᠠᠵᠤ᠂ ᠪᠦᠬᠦ ᠬᠦᠴᠦᠨ ᠢᠶᠠᠷ ᠢᠶᠠᠨ ᠨᠡᠶᠢᠭᠡᠮ ᠲᠣᠭᠤᠷᠢᠭ ᠤᠨ ᠠᠮᠤᠷ ᠠᠮᠤᠭᠤᠯᠠᠩ ᠬᠤᠯᠪᠣᠭᠠᠯᠠᠨ ᠰᠡᠷᠭᠡᠶᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠨᠢᠭᠡᠪᠦᠷᠢ ᠶᠢᠨ ᠠᠮᠤᠷ ᠲᠦᠪᠰᠢᠨ᠂ ᠬᠠᠯᠠᠭᠤᠨ ᠳᠤᠯᠠᠭᠠᠨ ᠣᠷᠴᠢᠨ ᠲᠣᠭᠤᠷᠢᠨ ᠳᠤ ᠪᠠᠶᠠᠷ ᠤᠨ ᠡᠳᠦᠷ ᠢᠶᠠᠨ ᠪᠠᠶᠠᠷ ᠬᠦᠷ ᠲᠠᠢ ᠥᠩᠭᠡᠷᠡᠭᠦᠯᠬᠦ ᠶᠢ ᠪᠠᠲᠤᠯᠠᠨ᠎ᠠ᠃        ᠮᠡᠬᠡᠯᠡᠯ ᠤᠨ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠵᠦ᠂ ᠰᠠᠭᠤᠭᠠᠯᠢ ᠠᠷᠠᠳ ᠤᠨ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠬᠤ ᠶᠢᠨ ᠲᠥᠯᠥᠭᠡ᠂ ᠰᠢᠨ ᠸᠠᠩ ᠨᠡᠶᠢᠭᠡᠮ ᠲᠣᠭᠤᠷᠢᠭ ᠤᠨ ᠬᠢᠨ ᠲᠦᠷᠦᠭᠦᠯᠡᠨ ᠬᠥᠳᠡᠯᠦᠯᠴᠡᠵᠦ᠂ ᠠᠮᠢᠳᠤ ᠴᠣᠪᠣᠭᠤᠯᠢᠭ᠂ ᠭᠦᠨᠵᠡᠭᠡᠶ ᠪᠥᠭᠡᠳ ᠣᠶᠢᠯᠠᠭᠠᠮᠵᠢᠲᠠᠶ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠦᠷᠭᠦᠯᠵᠢ ᠲᠣᠬᠢᠶᠠᠯᠳᠤᠳᠠᠭ ᠮᠡᠬᠡᠯᠡᠬᠦ ᠠᠷᠭ᠎ᠠ ᠪᠠᠷᠢᠯ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠦᠭᠡᠮᠡᠯᠵᠢᠭᠦᠯᠪᠡ᠃ ᠨᠡᠶᠢᠭᠡᠮ ᠲᠣᠭᠤᠷᠢᠭ ᠤᠨ ᠠᠵᠢᠯᠲᠠᠨ ᠰᠠᠭᠤᠭᠠᠯᠢ ᠠᠷᠠᠳ ᠲᠤ ᠂ ᠮᠡᠬᠡᠯᠡᠬᠦ ᠣᠬᠤᠷ ᠮᠡᠳᠡᠭᠡ ᠨᠢ ᠶᠡᠷᠦ ᠨᠢ ᠮᠠᠰᠢ ᠦᠨᠡᠨ ᠪᠣᠳᠠᠲᠠᠢ ᠪᠠᠶᠢᠳᠠᠭ ᠂ ᠭᠡᠪᠡᠴᠦ ᠰᠣᠨᠣᠷ ᠰᠡᠷᠡᠮᠵᠢ ᠲᠠᠢ ᠪᠠᠶᠢᠵᠤ ᠂ ᠲᠠᠨᠢᠯ ᠪᠤᠰᠤ ᠴᠥᠷᠬᠡᠯᠡᠭᠡ ᠶᠢ ᠳᠠᠷᠤᠬᠤ ᠪᠤᠶᠤ ᠬᠤᠪᠢ ᠬᠥᠮᠦᠨ ᠤ ᠮᠡᠳᠡᠭᠡ ᠵᠠᠩᠭᠢ ᠪᠠᠨ ᠵᠠᠳᠠᠷᠠᠭᠤᠯᠬᠤ ᠦᠭᠡᠢ ᠪᠣᠯ ᠠᠮᠠᠷᠬᠠᠨ ᠮᠡᠬᠡᠯᠡᠭᠳᠡᠬᠦ  ᠠᠴᠠ ᠵᠠᠶᠢᠯᠠᠰᠬᠢᠵᠤ ᠴᠢᠳᠠᠨ᠎ᠠ ᠭᠡᠳᠡᠭ ᠢ ᠬᠦᠯᠢᠴᠡᠩᠭᠦᠢ ᠲᠠᠶᠢᠯᠪᠤᠷᠢᠯᠠᠪᠠ ᠃ ᠡᠭᠦᠨ ᠤ ᠬᠠᠮᠲᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠪᠠᠰᠠ ᠤᠬᠠᠭᠤᠯᠭ᠎ᠠ ᠶᠢᠨ ᠪᠤᠯᠤᠩ᠂ ᠵᠢᠷᠭᠢᠶ᠎ᠡ ᠶᠢᠨ ᠪᠦᠯᠦᠭ ᠵᠡᠷᠭᠡ ᠤᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠵᠤ᠂ ᠮᠡᠬᠡᠯᠡᠯ ᠢ ᠡᠰᠡᠷᠭᠦᠴᠡᠬᠦ ᠮᠡᠳᠡᠯᠭᠡ ᠶᠢ ᠥᠷᠭᠡᠨ ᠢᠶᠠᠷ ᠤᠯᠠᠮᠵᠢᠯᠠᠵᠤ᠂ ᠮᠡᠬᠡᠯᠡᠯ ᠢ ᠡᠰᠡᠷᠭᠦᠴᠡᠬᠦ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠪᠦᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃
        ᠡᠭᠦᠨ ᠤ ᠬᠠᠮᠲᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠴᠤ ᠠᠮᠤᠷ ᠲᠦᠪᠰᠢᠨ ᠤ ᠲᠣᠭᠤᠷᠢᠨ ᠴᠠᠭᠳᠠᠬᠤ ᠠᠵᠢᠯ ᠢ ᠪᠠᠴᠢᠮ ᠶᠠᠭᠠᠷᠠᠯᠲᠠᠶ ᠦᠷᠨᠢᠭᠦᠯᠪᠡ᠃ ᠲᠣᠣᠷᠵᠢᠭᠤᠯᠤᠭᠴᠢ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ ᠵᠢᠴᠢ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠲᠠᠰᠤᠭ ᠤᠨ ᠭᠡᠰᠢᠭᠦᠨ ᠢᠶᠠᠷ ᠪᠦᠷᠢᠯᠳᠦᠭᠰᠡᠨ ᠠᠮᠤᠷ ᠲᠦᠪᠰᠢᠨ ᠤ ᠲᠣᠭᠤᠷᠢᠨ ᠴᠠᠭᠳᠠᠬᠤ ᠳᠤᠭᠤᠶᠢᠯᠠᠩ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠳᠡᠯᠭᠡᠭᠦᠷ ᠪᠣᠯᠤᠨ ᠤᠯᠠᠨ ᠨᠡᠶᠢᠲᠡ ᠶᠢᠨ ᠲᠠᠯᠠᠪᠤᠷ ᠲᠤ ᠭᠦᠨᠵᠡᠭᠡᠶᠢᠷᠡᠵᠦ᠂ ᠪᠦᠬᠦ ᠲᠠᠯ᠎ᠠ ᠶᠢᠨ᠂ ᠥᠨᠴᠥᠭ ᠪᠤᠯᠤᠩ ᠦᠭᠡᠢ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠪᠠ᠃ ᠲᠡᠳᠡ ᠭᠠᠯ ᠤᠨᠲᠠᠷᠠᠭᠠᠬᠤ ᠵᠠᠮ ᠰᠠᠭᠠᠳ ᠦᠭᠡᠢ ᠨᠡᠪᠲᠡᠷᠡᠬᠦ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠨᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠵᠢᠴᠢ ᠴᠠᠬᠢᠯᠭᠠᠨ ᠤᠲᠠᠰᠤ ᠴᠠᠬᠢᠯᠭᠠᠨ ᠬᠡᠷᠡᠭᠰᠡᠯ ᠢ ᠳᠤᠷ᠎ᠠ ᠪᠠᠷ ᠢᠶᠠᠨ ᠲᠠᠲᠠᠵᠤ ᠵᠠᠯᠭᠠᠬᠤ ᠵᠡᠷᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠡᠰᠡᠬᠦ ᠶᠢ ᠨᠠᠷᠢᠨ ᠪᠠᠶᠢᠴᠠᠭᠠᠪᠠ᠃ ᠠᠰᠠᠭᠤᠳᠠᠯ ᠢ ᠣᠯᠵᠤ ᠮᠡᠳᠡᠪᠡᠯ᠂ ᠲᠣᠭᠤᠷᠢᠨ ᠴᠠᠭᠳᠠᠬᠤ ᠳᠤᠭᠤᠶᠢᠯᠠᠩ ᠲᠡᠷᠡ ᠳᠠᠷᠤᠶ ᠳᠤᠨᠢ ᠬᠤᠳᠠᠯᠳᠤᠭᠠᠴᠢᠨ ᠪᠠ ᠰᠠᠭᠤᠭᠠᠯᠢ ᠠᠷᠠᠳ ᠯᠤᠭ᠎ᠠ ᠨᠡᠪᠲᠡᠷᠡᠯᠴᠡᠵᠦ᠂ ᠲᠡᠳᠡᠨ ᠢ ᠰᠢᠮᠳᠠᠭᠤᠯᠵᠤ ᠪᠠᠶᠢᠭᠠᠳ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠶᠢ ᠦᠨᠡᠨ ᠬᠦ ᠪᠠᠲᠤᠯᠠᠨ᠎ᠠ᠃
图片2.png
图片3.png
        ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠴᠠ ᠭᠠᠳᠠᠨ᠎ᠠ᠂ ᠰᠢᠨ ᠸᠠᠩ ᠨᠡᠶᠢᠭᠡᠮ ᠲᠣᠭᠤᠷᠢᠭ ᠤᠨ  ᠬᠢᠨ ᠪᠠᠰᠠ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠮᠠᠰᠢ ᠴᠢᠬᠤᠯᠠᠴᠢᠯᠠᠳᠠᠭ᠃ ᠴᠠᠭᠳᠠᠨ ᠪᠠᠶᠢᠴᠠᠭᠠᠬᠤ ᠳᠤᠭᠤᠶᠢᠯᠠᠩ ᠴᠠᠭᠳᠠᠨ ᠲᠣᠭᠤᠷᠢᠬᠤ ᠶᠠᠪᠤᠴᠠ ᠳᠤ᠂ ᠰᠠᠭᠤᠭᠠᠯᠢ ᠠᠷᠠᠳ ᠪᠣᠯᠤᠨ ᠬᠤᠳᠠᠯᠳᠤᠭᠠᠴᠢᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠭᠠᠯ ᠤᠨ ᠠᠶᠤᠯ ᠢ ᠰᠡᠷᠭᠡᠶᠢᠯᠡᠬᠦ᠂ ᠠᠩᠬᠠᠨ ᠤ ᠬᠤᠭᠤᠴᠠᠭᠠᠨ ᠤ ᠭᠠᠯ ᠤᠨ ᠠᠶᠤᠯ ᠠᠴᠠ ᠠᠪᠤᠷᠠᠬᠤ ᠵᠢᠴᠢ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠭᠠᠯ ᠤᠨᠲᠠᠷᠠᠭᠠᠬᠤ ᠮᠡᠳᠡᠯᠭᠡ ᠶᠢ ᠲᠦᠭᠡᠮᠡᠯᠵᠢᠭᠦᠯᠵᠡᠶ᠃ ᠲᠡᠳᠡ ᠬᠠᠯᠠᠰᠢᠷᠠᠯ ᠦᠭᠡᠢ ᠲᠠᠶᠢᠯᠪᠤᠷᠢᠯᠠᠨ ᠶᠠᠷᠢᠵᠤ᠂ ᠨᠠᠷᠢᠨ ᠨᠢᠮᠪᠠᠶ ᠦᠵᠡᠭᠦᠯᠤᠨ᠂ ᠬᠥᠮᠦᠨ ᠪᠦᠬᠦᠨ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠤᠷ᠎ᠠ ᠴᠢᠳᠠᠪᠤᠷᠢ ᠶᠢ ᠡᠵᠡᠮᠰᠢᠬᠦ ᠶᠢ ᠪᠠᠲᠤᠯᠠᠵᠤ᠂ ᠰᠢᠨ᠎ᠡ ᠵᠢᠯ ᠤᠨ ᠪᠠᠶᠠᠷ ᠤᠨ ᠡᠳᠦᠷ ᠤᠨ ᠠᠮᠤᠷ ᠲᠦᠪᠰᠢᠨ ᠢ ᠬᠠᠮᠠᠭᠠᠯᠠᠪᠠ᠃
图片4.png
        ᠰᠢᠨ ᠸᠠᠩ ᠨᠡᠶᠢᠭᠡᠮ ᠲᠣᠭᠤᠷᠢᠭ ᠤᠨ ᠡᠨᠡ ᠬᠦ ᠰᠢᠷᠢᠰ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠶᠠᠪᠤᠳᠠᠯ ᠨᠢ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠵᠢᠭᠠᠯᠲᠠ ᠲᠤᠭ᠎ᠠ ᠶᠢ ᠴᠦ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠰᠠᠭᠤᠭᠠᠯᠢ ᠠᠷᠠᠳ ᠤᠳ᠂ ᠨᠡᠶᠢᠭᠡᠮ ᠲᠣᠭᠤᠷᠢᠭ ᠤᠨ ᠰᠠᠬᠢᠨ ᠬᠠᠮᠠᠭᠠᠯᠠᠬᠤ ᠪᠠ ᠬᠠᠯᠠᠮᠵᠢᠯᠠᠯ ᠲᠠᠢ ᠪᠣᠯᠤᠭᠰᠠᠨ ᠠᠴᠠ᠂ ᠲᠡᠳᠡ ᠨᠡᠩ ᠰᠠᠨᠠᠭ᠎ᠠ ᠠᠮᠤᠷ ᠪᠠᠶᠠᠷ ᠤᠨ ᠡᠳᠦᠷ ᠢᠶᠠᠨ ᠪᠠᠶᠠᠷᠯᠠᠨ ᠪᠡᠯᠭᠡᠯᠡᠵᠦ ᠪᠣᠯᠤᠨ᠎ᠠ ᠭᠡᠵᠦ ᠢᠯᠡᠷᠬᠡᠶᠢᠯᠡᠵᠡᠭᠡᠪᠡ᠃ ᠲᠠᠷᠠᠭᠠᠴᠢ ᠶᠢᠨ ᠠᠯᠬᠤᠮ ᠳᠤ ︽ᠬᠥᠮᠦᠨ ᠢᠶᠠᠷ ᠦᠨᠳᠦᠰᠦ ᠪᠣᠯᠭᠠᠵᠤ᠂ ᠠᠷᠠᠳ ᠤᠨ ᠲᠥᠯᠥᠭᠡ ᠦᠢᠯᠡᠴᠢᠯᠡᠬᠦ︾ ᠵᠣᠷᠢᠯᠲᠠ ᠶᠢ ᠦᠷᠭᠦᠯᠵᠢᠯᠡᠨ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠬᠤᠯᠪᠣᠭᠠᠯᠠᠨ ᠰᠡᠷᠭᠡᠶᠢᠯᠡᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ᠂ ᠠᠮᠤᠷ ᠲᠦᠪᠰᠢᠨ ᠤ ᠲᠣᠭᠤᠷᠢᠨ ᠴᠠᠭᠳᠠᠬᠤ ᠵᠡᠷᠭᠡ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠬᠤ ᠶᠢᠨ ᠬᠠᠮᠲᠤ ᠨᠠᠩ ᠣᠯᠠᠨ ᠠᠷᠭ᠎ᠠ ᠬᠡᠮᠵᠢᠶ᠎ᠡ ᠶᠢ ᠢᠳᠡᠪᠬᠢᠲᠡᠶ ᠰᠦᠪᠡᠭᠴᠢᠯᠡᠵᠦ᠂ ᠰᠠᠭᠤᠭᠠᠯᠢ ᠠᠷᠠᠳ ᠲᠤ ᠨᠠᠩ ᠬᠠᠯᠠᠭᠤᠨ ᠳᠤᠯᠠᠭᠠᠨ ᠡᠶ᠎ᠡ ᠨᠠᠶᠢᠷᠠᠮᠳᠠᠭᠤ᠂ ᠠᠮᠤᠷ ᠲᠦᠪᠰᠢᠨ ᠠᠮᠢᠳᠤᠷᠠᠯ ᠤᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ ᠥᠭᠭᠦᠨ᠎ᠡ᠃ ᠪᠢᠳᠡ ᠭᠠᠷ ᠬᠤᠯᠪᠣᠯᠴᠠᠨ ᠠᠮᠤᠷ ᠠᠮᠤᠭᠤᠯᠠᠩ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠤᠭᠲᠤᠶ᠎ᠠ︕ 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号