ᠡᠬᠢᠯᠡᠮᠡᠭᠴᠡ ᠡᠷᠬᠡ ᠰᠦᠷ ᠲᠠᠢ︕ ᠰᠢᠭᠤᠶᠢᠲᠤ ᠲᠣᠭᠤᠷᠢᠭ ᠤᠨ ᠰᠢᠨ᠎ᠡ ᠵᠢᠯ ᠤᠨ ︽ᠨᠢᠭᠡᠳᠦᠭᠡᠷ ᠭᠡᠷ᠎ᠡ︾ ᠬᠥᠭᠵᠢᠯᠲᠡ ᠶᠢᠨ ᠰᠢᠨ᠎ᠡ ᠬᠤᠪᠢᠶᠠᠷᠢ ᠶᠢ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2025/2/8
        ᠰᠢᠨ᠎ᠡ ᠵᠢᠯ ᠤᠨ ︽ᠨᠢᠭᠡᠳᠦᠭᠡᠷ ᠭᠡᠷ᠎ᠡ︾᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠨᠢ ︽ ᠡᠬᠢᠯᠡᠮᠡᠭᠴᠡ ᠠᠮᠵᠢᠯᠲᠠ ᠣᠯᠬᠤ ︾  ᠶᠢ ᠤᠭᠲᠠᠪᠠ᠃ 1 ᠳ᠋ᠦ᠋ᠭᠡᠷ ᠰᠠᠷ᠎ᠠ ᠶᠢᠨ 7 ᠤ ᠡᠳᠦᠷ᠂ ᠰᠢᠭᠤᠶᠢᠲᠤ ᠲᠣᠭᠤᠷᠢᠭ ᠨᠢ ᠥᠪᠥᠷ ᠮᠣᠩᠭᠤᠯ ᠤᠨ ᠶᠦᠩ ᠢ ᠵᠦᠩ ᠰᠢᠩ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠵᠢᠯ ᠳᠤ 50000 ᠲᠤᠨ ᠤᠭᠰᠠᠷᠠᠮᠠᠯ ᠪᠠᠷᠢᠯᠭ᠎ᠠ ᠶᠢᠨ ᠪᠣᠯᠣᠳ ᠪᠦᠲᠦᠴᠡ ᠵᠢᠴᠢ ᠰᠢᠨ᠎ᠡ ᠡᠨᠧᠷᠭᠢ ᠶᠢᠨ ᠢᠵᠢ ᠪᠦᠷᠢᠳᠦᠭᠦᠯᠬᠦ ᠲᠥᠷᠥᠯ ᠵᠦᠢᠯ ᠲᠠᠢ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃
图片2.png
        ᠲᠣᠭᠤᠷᠢᠭ ᠤᠨ ᠳᠡᠳ᠋ ᠳᠠᠷᠤᠭ᠎ᠠ ᠰᠦᠨ ᠶᠤᠸᠠᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠠᠨ ᠴᠦᠨ᠂ ᠰᠢᠭᠤᠶᠢᠲᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠧᠨ ᠶᠦᠩ ᠫᠢᠩ᠂ ᠥᠪᠥᠷ ᠮᠣᠩᠭᠤᠯ ᠤᠨ ᠶᠦᠩ ᠢ ᠵᠥᠩ ᠰᠢᠩ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠦᠨ ᠵᠥᠩ ᠲᠠᠩ᠂ ᠶᠡᠷᠦᠩᠬᠡᠶ ᠳᠠᠭᠠᠭᠠᠮᠠᠯ ᠰᠤ᠋ ᠫᠢᠩ ᠫᠢᠩ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃        ︽ᠠᠵᠢᠯ ᠤᠨ ᠦᠷ᠎ᠡ ᠪᠦᠲᠦᠮᠵᠢ ᠥᠨᠳᠥᠷ᠂ ᠦᠢᠯᠡᠴᠢᠯᠡᠭᠡᠨ ᠤ ᠣᠪᠣᠷ ᠰᠠᠶᠢᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠠᠪᠠᠭᠤᠯᠢᠭ ︕︾ ᠭᠡᠵᠦ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠶᠦᠩ ᠢ ᠵᠦᠩ ᠰᠢᠩ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠦᠨ ᠵᠦᠩ ᠲᠠᠩ ᠮᠠᠭᠲᠠᠨ ᠰᠠᠶᠢᠰᠢᠶᠠᠪᠠ᠃ ᠲᠡᠷᠡ᠂ ᠰᠢᠭᠤᠶᠢᠲᠤ ᠲᠣᠭᠤᠷᠢᠭ ᠤᠨ ᠭᠠᠵᠠᠷ ᠵᠦᠢ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠰᠠᠶᠢᠨ ᠰᠠᠶᠢᠬᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠨᠥᠬᠦᠴᠡᠯ ᠲᠠᠢ ᠶᠤᠮ᠂ ᠺᠣᠮᠫᠠᠨᠢ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠭᠤᠶᠢᠲᠤ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃        ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠶᠦᠩ ᠢ ᠵᠥᠩ ᠰᠢᠩ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠵᠢᠯ ᠳᠤ 50000 ᠲᠣᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠪᠣᠯᠣᠳ ᠪᠦᠲᠦᠴᠡ ᠵᠢᠴᠢ ᠰᠢᠨ᠎ᠡ ᠡᠨᠧᠷᠭᠢ ᠶᠢᠨ ᠢᠵᠢ ᠪᠥᠷᠢᠳᠦᠭᠦᠯᠬᠦ ᠲᠥᠷᠥᠯ ᠵᠦᠢᠯ ᠵᠢᠱᠢᠯᠲᠡ ᠪᠠᠷ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 3.42 ᠳ᠋ᠦᠩᠰᠢᠭᠤᠷ ᠲᠥᠭᠦᠷᠢᠭ ᠪᠠᠶᠢᠵᠤ᠂ ᠲᠥᠷᠥᠯ ᠵᠦᠢᠯ ᠤᠨ ᠬᠡᠷᠡᠭᠯᠡᠬᠦ ᠭᠠᠵᠠᠷ ᠨᠢ ᠪᠠᠷᠤᠭ 114 ᠮᠥ ᠪᠠᠶᠢᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 4.5 ᠲᠦᠮᠡᠨ ᠺᠦᠸᠠᠳ᠋ ᠮᠧᠲᠷ᠂ ᠨᠢᠭᠡᠳᠦᠭᠡᠷ ᠬᠤᠭᠤᠴᠠᠭᠠᠨ ᠳᠤ ᠭᠤᠣᠯᠳᠠᠭᠤ ᠦᠢᠯᠡᠳᠪᠦᠷᠢᠯᠡᠯ ᠤᠨ ᠲᠠᠰᠤᠭ᠂ ᠠᠯᠪᠠᠨ ᠠᠰᠠᠷ ᠵᠢᠴᠢ ᠠᠯᠪᠠᠨ ᠲᠤᠰᠠᠯᠠᠬᠤ ᠲᠥᠬᠦᠭᠡᠷᠦᠮᠵᠢ ᠵᠡᠷᠭᠡ ᠶᠢ ᠪᠠᠶᠢᠭᠤᠯᠵᠤ᠂ 12 ᠳ᠋ᠤᠭᠠᠷ ᠰᠠᠷ᠎ᠠ ᠶᠢᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠤᠢ︔ ᠬᠤᠶᠠᠳᠤᠭᠠᠷ ᠬᠤᠭᠤᠴᠠᠭᠠᠨ ᠤ ᠭᠤᠣᠯᠳᠠᠭᠤ ᠦᠢᠯᠡᠳᠪᠦᠷᠢᠯᠡᠯ ᠤᠨ ᠲᠠᠰᠤᠭ ᠪᠠᠶᠢᠭᠤᠯᠵᠤ᠂ 24 ᠰᠠᠷ᠎ᠠ ᠶᠢᠨ ᠳᠣᠲᠣᠷ᠎ᠠ ᠪᠠᠷᠢᠵᠤ ᠳᠠᠭᠤᠰᠬᠠᠬᠤ ᠪᠠᠷ ᠵᠢᠱᠢᠵᠦ ᠪᠤᠢ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ 5 ᠲᠦᠮᠡᠨ ᠲᠣᠨ ᠠᠴᠠ ᠳᠡᠭᠡᠭᠰᠢ ᠦᠢᠯᠡᠳᠪᠦᠷᠢᠯᠡᠬᠦ ᠴᠢᠳᠠᠮᠵᠢ ᠶᠢ ᠪᠡᠶᠡᠯᠡᠭᠦᠯᠵᠦ᠂ ᠦᠢᠯᠡᠳᠬᠦᠨ ᠤ ᠥᠷᠲᠡᠭ ᠢ 4 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠵᠤ᠂ ᠭᠠᠶᠢᠯᠢ ᠲᠠᠲᠠᠪᠤᠷᠢ ᠶᠢ 1200 ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠵᠤ᠂ 500 ᠬᠥᠮᠦᠨ ᠤ ᠠᠵᠢᠯ ᠣᠯᠭᠤᠬᠤ ᠶᠢ ᠳᠠᠶᠢᠴᠢᠯᠠᠨ᠎ᠠ᠃ ᠲᠣᠰ ᠲᠥᠷᠥᠯ ᠵᠦᠢᠯ ᠤᠨ ᠠᠵᠤ ᠦᠢᠯᠡᠰ ᠤᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢᠯᠡᠷᠬᠡᠶ ᠪᠠᠶᠢᠵᠤ᠂ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠪᠣᠯᠣᠳ ᠲᠡᠮᠦᠷ᠂ ᠪᠠᠷᠢᠯᠭ᠎ᠠ᠂ ᠰᠠᠯᠬᠢᠨ ᠬᠦᠴᠦᠨ ᠤ ᠴᠠᠬᠢᠯᠭᠠᠨ ᠤ ᠰᠢᠨ᠎ᠡ ᠡᠨᠧᠷᠭᠢ ᠶᠢᠨ ᠠᠵᠤ ᠦᠢᠯᠡᠰ ᠵᠢᠴᠢ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡ ᠵᠡᠷᠭᠡ ᠠᠵᠤ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢ ᠬᠦᠴᠦᠲᠡᠶ ᠳᠠᠶᠢᠴᠢᠯᠠᠬᠤ ᠪᠣᠯᠤᠨ᠎ᠠ᠃ ᠡᠭᠦᠨ ᠤ ᠬᠠᠮᠲᠤ᠂ ᠲᠥᠷᠥᠯ ᠵᠦᠢᠯ ᠨᠢ ᠣᠯᠠᠨ ᠶᠠᠩᠵᠤ ᠶᠢᠨ ᠠᠵᠢᠯ ᠣᠯᠭᠤᠬᠤ ᠲᠣᠬᠢᠶᠠᠯ ᠢ ᠡᠭᠦᠳᠴᠦ᠂ ᠣᠯᠠᠨ ᠲᠠᠯ᠎ᠠ ᠠᠴᠠ ᠣᠷᠣᠨ ᠪᠦᠰᠡ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠬᠦ ᠪᠣᠯᠤᠨ᠎ᠠ᠃        ᠰᠦᠨ ᠶᠤᠸᠠᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠠᠴᠠ ᠠᠵᠤ ᠠᠬᠤᠶᠢᠯᠠᠯᠲᠠᠳ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ ᠤᠯᠠᠨ ᠤ ᠰᠢᠭᠤᠶᠢᠲᠤ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠦᠷᠦᠯ ᠵᠦᠢᠯ ᠤᠨ ᠭᠡᠷ᠎ᠡ ᠲᠣᠭᠲᠠᠬᠤ ᠪᠣᠯ ᠡᠬᠢᠯᠡᠯᠲᠡ ᠶᠢᠨ ᠴᠡᠭ ᠪᠣᠯᠤᠨ᠎ᠠ᠂ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠨᠢ ᠰᠠᠶ᠋ᠢ ᠵᠠᠩᠭᠢᠯᠠᠭ᠎ᠠ ᠪᠣᠯᠤᠨ᠎ᠠ᠂ ᠰᠢᠭᠤᠶᠢᠲᠤ ᠲᠣᠭᠤᠷᠢᠭ ᠲᠦᠷᠦᠯ ᠵᠦᠢᠯ ᠤᠨ ᠭᠡᠷ᠎ᠡ ᠲᠣᠭᠲᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽︿ᠰᠢᠭᠤᠶᠢᠲᠤ﹀ ᠶᠢᠨ ᠦᠨᠡᠨ ᠰᠡᠳᠭᠢᠯ︾ ᠤᠨ ᠦᠢᠯᠡᠴᠢᠯᠡᠭᠡᠨ ᠤ ᠲᠦᠷᠦᠯ ᠲᠡᠮᠳᠡᠭ ᠢ ᠦᠷᠭᠦᠯᠵᠢᠯᠡᠨ ᠭᠡᠷᠡᠯᠳᠦᠬᠦᠯᠵᠦ᠂ ᠠᠵᠤ ᠠᠬᠤᠶᠢᠯᠠᠯ ᠲᠠᠢ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠦᠴᠦ ᠪᠠᠨ ᠬᠠᠮᠲᠤᠳᠬᠠᠨ ᠲᠦᠷᠦᠯ ᠵᠦᠢᠯ ᠢ ᠡᠷᠲᠡ ᠠᠵᠢᠯ ᠡᠬᠢᠯᠡᠭᠦᠯᠵᠦ᠂ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠤᠯᠠᠨ ᠢ ᠰᠢᠭᠤᠶᠢᠲᠤ ᠲᠣᠭᠤᠷᠢᠭ ᠲᠤ ᠰᠠᠨᠠᠭ᠎ᠠ ᠠᠮᠤᠷ ᠪᠡᠯᠡ ᠣᠷᠣᠭᠤᠯᠵᠤ᠂ ᠰᠡᠳᠬᠢᠯ ᠲᠠᠭᠠᠲᠠᠢ ᠠᠵᠢᠯ ᠬᠢᠵᠦ᠂ ᠰᠡᠳᠬᠢᠯ ᠠᠭᠤᠵᠢᠷᠠᠲᠠᠯ᠎ᠠ ᠬᠥᠭᠵᠢᠭᠦᠯᠵᠦ᠂ ᠨᠡᠩ ᠤᠯᠠᠨ ᠠᠷᠠᠯᠵᠢᠶᠠᠴᠢᠨ ᠨᠠᠶᠢᠵᠠ ᠨᠠᠷ ᠢ ᠰᠢᠭᠤᠶᠢᠲᠤ ᠲᠣᠭᠤᠷᠢᠭ ᠲᠤ ᠢᠷᠡᠵᠦ ᠬᠠᠮᠲᠤᠷᠠᠯᠴᠠᠵᠤ᠂ ᠠᠵᠠ ᠲᠣᠬᠢᠶᠠᠯ ᠢ ᠬᠠᠮᠲᠤᠪᠠᠷ ᠡᠳ᠋ᠯᠡᠭᠦᠯᠵᠦ᠂ ᠬᠠᠮᠲᠤ ᠪᠠᠷ ᠬᠦᠭᠵᠢᠨ᠎ᠡ ᠭᠡᠵᠦ ᠢᠯᠡᠳᠬᠡᠪᠡ᠃        ᠵᠢᠷᠤᠭ ᠲᠥᠰᠦᠪ ᠢ ᠵᠢᠷᠤᠭᠯᠠᠬᠤ ᠳᠤ ᠨᠡᠩ ᠴᠤ ᠲᠠᠰᠢᠭᠤᠷᠳᠠᠬᠤ ᠬᠡᠷᠡᠭᠲᠡᠢ᠃ ᠥᠩᠭᠡᠷᠡᠭᠰᠡᠨ ᠨᠢᠭᠡ ᠵᠢᠯ ᠳᠤ ᠂ ᠮᠠᠨ ᠤ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠨᠳᠤᠰᠢ ᠴᠢᠩᠭ᠎ᠠ ᠪᠠᠶᠢᠵᠤ᠂ ᠨᠢᠳᠦ ᠭᠢᠯᠠᠰᠤᠮ᠎ᠠ ︽ᠬᠢᠷᠢ ᠪᠦᠲᠦᠮᠵᠢ ᠶᠢᠨ ᠬᠠᠭᠤᠳᠠᠰᠤ︾ ᠶᠢ ᠲᠤᠰᠢᠶᠠᠪᠠ᠃ ᠡᠨᠡ ᠵᠢᠯ᠂ ᠰᠢᠭᠤᠶᠢᠲᠤ ᠲᠣᠭᠤᠷᠢᠭ ᠦᠷᠭᠦᠯᠵᠢᠯᠡᠨ ᠬᠦᠴᠦᠯᠡᠵᠦ᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠦᠷ᠎ᠡ ᠠᠰᠢᠭ  ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠷᠣᠨ ᠪᠠᠶᠢᠷᠢ᠂ ᠡᠬᠢ ᠪᠠᠶᠠᠯᠢᠭ᠂ ᠪᠣᠬᠢᠷᠳᠤᠯ ᠦᠭᠡᠢ ᠴᠠᠬᠢᠯᠭᠠᠨ᠂ ᠣᠷᠴᠢᠨ ᠲᠣᠭᠤᠷᠢᠨ ᠤ ︽ᠳᠠᠪᠠᠭᠤᠯᠢᠭ ᠫᠠᠶᠢᠰᠠ︾ ᠶᠢ ᠰᠠᠶᠢᠲᠤᠷ ᠠᠳᠬᠤᠵᠤ ᠂ ᠬᠤᠳᠠᠯᠳᠤᠭᠠᠴᠢᠨ ᠤᠷᠢᠵᠤ ᠬᠤᠳᠠᠯᠳᠤᠭᠠᠴᠢᠨ ᠢ ᠠᠮᠤᠷ ᠲᠦᠪᠰᠢᠨ ᠪᠠᠶᠢᠯᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠡᠩ ᠨᠡᠷᠡᠲᠦ ᠠᠵᠤ ᠠᠬᠤᠶᠢᠯᠠᠯ ᠤᠨ ᠰᠢᠭᠤᠶᠢᠲᠤ ᠲᠣᠭᠤᠷᠢᠭ ᠲᠠᠢ ︽ᠭᠠᠷ ᠬᠤᠯᠪᠣᠬᠤ︾ ᠶᠢ ᠲᠠᠲᠠᠵᠤ᠂ ᠴᠢᠨᠠᠷ ᠰᠠᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠵᠦ᠂ ᠠᠵᠤ ᠠᠬᠤᠢ ᠶᠢᠨ ᠴᠢᠨᠠᠷ ᠰᠠᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠣᠯᠭᠤᠵᠤ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ︕ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号