ᠠᠵᠢᠯ ᠠᠯᠳᠠᠯᠲᠠ ᠶᠢ ᠳᠠᠩᠰᠠᠯᠠᠬᠤ ᠳᠤ ᠵᠣᠪᠠᠭ᠋ᠤ ᠬᠡᠷᠡᠭ ᠦᠭᠡᠢ  ᠸᠢᠴᠠᠲ ᠤᠨ ᠬᠠᠷᠢᠯᠴᠠᠭ᠎ᠠ ᠪᠠᠷ ᠲᠠᠨ ᠤ ᠵᠣᠪᠠᠨᠢᠯ ᠢ ᠰᠢᠢᠳᠪᠦᠷᠢᠯᠡᠶ᠎ᠡ — ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠭᠠᠳᠠᠷ ᠣᠷᠣᠨ ᠤ ᠠᠵᠢᠯ ᠠᠯᠳᠠᠭᠰᠠᠳ ᠢ ᠳᠠᠩᠰᠠᠯᠠᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/2/8
        ᠠᠵᠢᠯ ᠣᠯᠭᠤᠯᠲᠠ ᠶᠢᠨ ᠬᠠᠪᠰᠤᠷᠤᠨ ᠲᠡᠳᠭᠦᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠢᠳᠠᠪᠤᠷᠢᠵᠢᠭᠤᠯᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠬᠤ ᠰᠠᠯᠠᠭ᠎ᠠ ᠮᠥᠴᠢᠷ ᠸᠢᠴᠠᠲ ᠤᠨ ᠲᠠᠪᠴᠠᠩ ᠢ ᠭᠦᠢᠴᠡᠳ ᠠᠰᠢᠭᠯᠠᠵᠤ᠂ ᠭᠠᠳᠠᠷ ᠣᠷᠣᠨ ᠳᠤ ᠰᠠᠭᠤᠭ᠎ᠠ ᠠᠵᠢᠯ ᠠᠯᠳᠠᠭᠰᠠᠳ ᠲᠤ ᠬᠠᠯᠠᠭᠤᠨ ᠲᠣᠲᠤᠨᠤ᠂ ᠥᠨᠳᠥᠷ ᠦᠷ᠎ᠡ ᠪᠦᠲᠦᠮᠵᠢᠲᠡᠢ ᠠᠵᠢᠯ ᠠᠯᠳᠠᠭᠰᠠᠨ ᠳᠠᠩᠰᠠᠯᠠᠯᠲᠠ ᠶᠢᠨ ᠦᠢᠯᠡᠴᠢᠯᠡᠭᠡ ᠬᠠᠩᠭᠠᠵᠤ᠂ ᠲᠡᠳᠡᠨ ᠤ ᠪᠣᠳᠠᠲᠠᠢ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠠᠢ᠃        ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ᠂ ᠳᠣᠲᠣᠨᠣᠰᠤᠭ ᠢᠶᠠᠷ ᠦᠢᠯᠡᠴᠢᠯᠡᠨ᠎ᠡ᠃ ︽ᠲᠠ ᠨᠠᠷ ᠲᠤ ᠲᠠᠯᠠᠷᠬᠠᠵᠤ ᠪᠠᠶᠢᠨ᠎ᠠ᠂ ᠪᠢ ᠶᠠᠭᠤ ᠴᠤ ᠮᠡᠳᠡᠬᠦ ᠦᠭᠡᠢ᠂ ᠭᠠᠷ ᠤᠲᠠᠰᠤ ᠴᠤ ᠬᠡᠷᠡᠭᠯᠡᠵᠦ ᠴᠢᠳᠠᠬᠤ ᠦᠭᠡᠢ᠂ ᠲᠠ ᠨᠠᠷ ᠤᠨ ᠬᠠᠪᠰᠤᠷᠤᠯᠭ᠎ᠠ ᠪᠠᠶᠢᠭᠰᠠᠨ ᠠᠴᠠ᠂ ᠪᠢ ᠮᠠᠰᠢ ᠤᠷᠤᠭᠰᠢᠲᠠᠶ ᠠᠵᠢᠯ ᠠᠯᠳᠠᠭᠰᠠᠨ ᠳᠠᠩᠰᠠᠯᠠᠯᠲᠠ ᠪᠠᠨ ᠪᠡᠶᠡᠯᠡᠭᠦᠯᠪᠡ︾᠃        ᠠᠵᠢᠯᠲᠠᠳ ᠤᠲᠠᠰᠤ ᠪᠠᠷ ᠬᠠᠷᠢᠯᠴᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠨᠠᠭᠠᠴᠢᠯᠠᠭ᠎ᠠ ᠠᠴᠠ ᠪᠠᠨ ᠭᠠᠳᠠᠷ ᠣᠷᠣᠨ ᠳᠤ ᠰᠠᠭᠤᠭ᠎ᠠ ᠠᠵᠢᠯ ᠠᠯᠳᠠᠭᠰᠠᠳ ᠲᠠᠢ ᠸᠢᠴᠠᠲ ᠢᠶᠠᠷ ᠬᠠᠷᠢᠯᠴᠠᠪᠠ᠃ ᠲᠡᠳᠡᠨ ᠤ ᠭᠠᠳᠠᠷ ᠣᠷᠣᠨ ᠳᠤ ᠰᠠᠭᠤᠵᠤ᠂ ᠲᠣᠰ ᠭᠠᠵᠠᠷ ᠤᠨ ᠲᠥᠷᠥ ᠶᠢᠨ ᠪᠣᠳᠣᠯᠭ᠎ᠠ ᠪᠠ ᠭᠦᠢᠴᠡᠳᠭᠡᠬᠦ ᠴᠤᠪᠤᠷᠠᠯ ᠤᠨ ᠲᠣᠳᠣᠷᠬᠠᠶ ᠪᠤᠰᠤ ᠪᠠᠶᠢᠳᠠᠯ ᠳᠤ ᠴᠢᠭᠯᠡᠭᠦᠯᠦᠨ᠂ ᠠᠵᠢᠯᠲᠠᠳ ᠠᠵᠢᠯ ᠠᠯᠳᠠᠭᠰᠠᠨ ᠢ ᠳᠠᠩᠰᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠲᠣᠰ ᠠᠵᠢᠯ ᠤᠨ ᠴᠢᠬᠤᠯᠠ ᠴᠢᠨᠠᠷ ᠢ ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠪᠤᠷᠢᠯᠠᠵᠤ᠂ ᠠᠵᠢᠯ ᠠᠯᠳᠠᠭᠰᠠᠳ ᠤᠨ ᠡᠷᠡᠭᠡᠯᠵᠡᠭᠡ ᠶᠢ ᠠᠷᠢᠯᠭᠠᠨ᠂ ᠲᠠᠷᠠᠭᠠᠴᠢ ᠶᠢᠨ ᠨᠡᠪᠲᠡᠷᠡᠯᠴᠡᠭᠡ ᠪᠠ ᠭᠦᠢᠴᠡᠳᠭᠡᠯᠲᠡ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠴᠡᠶ᠃        ᠰᠦᠯᠵᠢᠶᠡᠨ ᠳᠡᠭᠡᠷ᠎ᠡ ᠵᠢᠯᠣᠭᠤᠳᠴᠤ᠂ ᠳᠥᠭᠦᠮ ᠳᠥᠲᠡ ᠭᠦᠢᠴᠡᠳᠭᠡᠨ᠎ᠡ᠃ ᠠᠵᠢᠯᠲᠠᠳ ᠸᠢᠴᠠᠲ ᠢᠶᠠᠷ ᠳᠠᠮᠵᠢᠭᠤᠯᠤᠨ ᠠᠵᠢᠯ ᠠᠯᠳᠠᠭᠰᠠᠨ ᠳᠠᠩᠰᠠᠯᠠᠯᠲᠠ  ᠶᠢ ᠭᠦᠢᠴᠡᠳᠭᠡᠬᠦ ᠨᠠᠷᠢᠨ ᠵᠦᠭᠯᠡᠭᠦᠷ ᠢ ᠢᠯᠡᠭᠡᠬᠦ ᠪᠠᠷ ᠳᠠᠮᠵᠢᠭᠤᠯᠤᠨ ᠂ ᠬᠡᠷᠡᠭᠰᠡᠬᠦ ᠮᠠᠲ᠋ᠧᠷᠢᠶᠠᠯ ᠤᠨ ᠲᠣᠳᠣᠷᠬᠠᠶ ᠬᠠᠭᠤᠳᠠᠰᠤ᠂ ᠲᠠᠭᠯᠠᠨ ᠪᠢᠴᠢᠬᠦ ᠵᠢᠷᠤᠮᠵᠢᠯ ᠵᠡᠷᠭᠡ ᠶᠢ ᠪᠠᠭᠲᠠᠭᠠᠵᠤ᠂ ᠡᠭᠦᠨ ᠤ ᠬᠠᠮᠲᠤ ᠠᠵᠢᠯ ᠠᠯᠳᠠᠭᠰᠠᠳ ᠤᠨ ᠠᠰᠠᠭᠤᠳᠠᠯ ᠢ ᠴᠠᠭ ᠲᠤᠬᠠᠶ ᠳᠤᠨᠢ ᠰᠦᠯᠵᠢᠶᠡᠨ ᠳᠡᠭᠡᠷ᠎ᠡ ᠬᠠᠷᠢᠭᠤᠯᠲᠠ ᠦᠭᠭᠦᠨ᠎ᠡ᠃ ᠪᠣᠯᠪᠠᠰᠤᠷᠠᠩᠭᠤᠶ ᠪᠤᠰᠤ ᠵᠠᠷᠢᠮ ᠠᠵᠢᠯ ᠠᠯᠳᠠᠭᠰᠠᠳ ᠢ ᠪᠠᠰᠠ ᠬᠠᠷᠠᠭᠠᠨ ᠳᠠᠪᠲᠠᠮᠵᠢ ᠪᠠᠷ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠯᠬᠤᠮ ᠠᠯᠬᠤᠮ ᠢᠶᠠᠷ ᠵᠢᠯᠣᠭᠤᠳᠴᠤ᠂ ᠲᠡᠳᠡᠨ ᠢ ᠬᠠᠪᠰᠤᠷᠤᠨ ᠮᠡᠳᠡᠭᠡ ᠵᠠᠩᠭᠢ ᠲᠠᠭᠯᠠᠨ ᠪᠢᠴᠢᠬᠦ ᠪᠠ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠶᠢ ᠪᠡᠶᠡᠯᠡᠭᠦᠯᠵᠦ᠂ ᠠᠵᠢᠯ ᠠᠯᠳᠠᠭᠰᠠᠳ ᠤᠨ ᠳᠠᠩᠰᠠᠯᠠᠯᠲᠠ ᠶᠢᠨ ᠭᠤᠶᠤᠴᠢᠯᠠᠯ ᠢ ᠤᠷᠤᠭᠰᠢᠲᠠᠶ ᠲᠤᠰᠢᠶᠠᠬᠤ ᠶᠢ ᠪᠠᠲᠤᠯᠠᠨ᠎ᠠ᠃        ᠴᠠᠭ ᠲᠤᠬᠠᠶ ᠳᠤᠨᠢ ᠳᠠᠩᠰᠠᠯᠠᠵᠤ᠂ ᠥᠨᠳᠥᠷ ᠪᠦᠲᠦᠮᠵᠢᠲᠡᠶ ᠪᠠᠷ ᠬᠢᠨᠠᠨ ᠬᠠᠷᠠᠭᠤᠯᠤᠨ᠎ᠠ ᠃ ᠠᠵᠢᠯᠲᠠᠨ ᠠᠵᠢᠯ ᠠᠯᠳᠠᠭᠰᠠᠨ ᠢ ᠳᠠᠩᠰᠠᠯᠠᠬᠤ ᠭᠤᠶᠤᠴᠢᠯᠠᠯ ᠢ ᠴᠠᠭ ᠲᠤᠬᠠᠢ ᠳᠤ ᠨᠢ ᠭᠦᠢᠴᠡᠳᠭᠡᠨ᠎ᠡ᠃ ᠬᠢᠨᠠᠨ ᠬᠠᠷᠭᠤᠭᠤᠯᠬᠤ ᠳᠤᠮᠳᠠ ᠢᠯᠡᠷᠡᠭᠰᠡᠨ ᠠᠰᠠᠭᠤᠳᠠᠯ ᠳᠤ᠂ ᠲᠡᠷᠡ ᠳᠠᠷᠤᠢ  ᠳᠤᠨᠢ ᠠᠵᠢᠯ ᠠᠯᠳᠠᠭᠰᠠᠳ ᠲᠠᠢ ᠬᠠᠷᠢᠯᠴᠠᠵᠤ ᠰᠢᠢᠳᠪᠦᠷᠢᠯᠡᠨ ᠂ ᠬᠢᠨᠠᠨ ᠬᠠᠷᠭᠤᠭᠤᠯᠬᠤ ᠠᠵᠢᠯ ᠤᠨ ᠥᠨᠳᠥᠷ ᠪᠦᠲᠦᠮᠵᠢᠲᠡᠶ ᠪᠡᠶᠡᠯᠡᠭᠳᠡᠬᠦ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠲᠡᠷᠡ ᠳᠠᠷᠤᠶ ᠳᠤᠨᠢ ᠸᠢᠴᠠᠲ ᠢᠶᠠᠷ ᠠᠵᠢᠯ ᠠᠯᠳᠠᠭᠰᠠᠳ ᠲᠤ ᠮᠡᠳᠡᠭᠳᠡᠵᠦ᠂ ᠲᠡᠳᠡᠨ ᠳᠤ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠭᠤᠯᠤᠨ᠎ᠠ᠃        ᠦᠷᠭᠦᠯᠵᠢᠯᠡᠨ ᠳᠠᠭᠠᠵᠤ᠂ ᠬᠠᠶᠢᠷ᠎ᠠ ᠬᠠᠯᠠᠮᠵᠢ ᠬᠦᠷᠭᠡᠨ᠎ᠡ᠃ ᠠᠵᠢᠯ ᠠᠯᠳᠠᠯᠲᠠ ᠶᠢᠨ ᠳᠠᠩᠰᠠᠯᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠠᠵᠢᠯᠲᠠᠳ ᠠᠵᠢᠯ ᠠᠯᠳᠠᠭᠰᠠᠳ ᠲᠠᠢ ᠦᠷᠭᠦᠯᠵᠢᠯᠡᠨ ᠬᠠᠷᠢᠯᠴᠠᠵᠤ᠂ ᠲᠡᠳᠡᠨ ᠳᠤ ᠠᠵᠢᠯ ᠣᠯᠭᠤᠯᠲᠠ ᠶᠢᠨ ᠮᠡᠳᠡᠭᠡ ᠵᠠᠩᠭᠢ ᠬᠦᠷᠭᠡᠬᠦ᠂ ᠠᠵᠢᠯ ᠮᠡᠷᠭᠡᠵᠢᠯ ᠤᠨ ᠪᠣᠯᠪᠠᠰᠤᠷᠠᠯ ᠬᠦᠷᠲᠡᠭᠡᠬᠦ ᠵᠡᠷᠭᠡ ᠵᠠᠯᠭᠠᠮᠵᠢ ᠦᠢᠯᠡᠴᠢᠯᠡᠭᠡ ᠬᠠᠩᠭᠠᠵᠤ᠂ ᠲᠡᠳᠡᠨ ᠢ ᠬᠠᠪᠰᠤᠷᠤᠨ ᠠᠵᠢᠯ ᠣᠯᠭᠤᠯᠲᠠ ᠶᠢ ᠲᠦᠷᠭᠡᠬᠡᠨ ᠪᠡᠶᠡᠯᠡᠭᠦᠯᠦᠨ᠎ᠡ᠃        ᠸᠢᠴᠠᠲ ᠢᠶᠠᠷ ᠬᠠᠷᠢᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠬᠤ ᠰᠠᠯᠠᠭ᠎ᠠ ᠮᠥᠴᠢᠷ ᠤᠨ ᠠᠵᠢᠯᠲᠠᠨ ᠭᠠᠳᠠᠷ ᠣᠷᠣᠨ ᠳᠤ ᠰᠠᠭᠤᠵᠤ ᠪᠠᠶᠢᠭ᠎ᠠ 10 ᠭᠠᠷᠤᠶ ᠠᠵᠢᠯ ᠠᠯᠳᠠᠭᠰᠠᠳ ᠲᠤ ᠠᠵᠢᠯ ᠠᠯᠳᠠᠭᠰᠠᠨ ᠳᠡᠩᠰᠡᠯᠡᠯᠲᠡ ᠶᠢ ᠠᠮᠵᠢᠯᠲᠠ ᠲᠠᠢ ᠭᠦᠢᠴᠡᠳᠬᠡᠵᠦ᠂ ᠲᠡᠳᠡᠨ ᠳᠤ ᠲᠥᠬᠦᠮ ᠦᠵᠡᠭᠦᠯᠵᠦ᠂ ᠲᠡᠳᠡᠨ ᠳᠤ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ ᠢᠷᠡᠭᠡᠳᠦᠢ ᠳᠤ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠦᠷᠭᠦᠯᠵᠢᠯᠡᠨ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠨᠡᠩ ᠤᠯᠠᠨ ᠠᠵᠢᠯ ᠠᠯᠳᠠᠭᠰᠠᠳ ᠲᠤ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠨ᠎ᠠ᠃ 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号