ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/8
        1 ᠳ᠋ᠦ᠋ᠭᠡᠷ ᠰᠠᠷ᠎ᠠ ᠶᠢᠨ 14 ᠤ ᠡᠳᠦᠷ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠢ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠮᠢ ᠴᠢᠶᠣᠤ ᠯᠢᠨ᠂ ᠸᠠᠩ ᠷᠦᠩ᠂ ᠸᠠᠩ ᠪᠢᠨ᠂ ᠴᠢᠦᠢ ᠫᠢᠩ ᠬᠦᠢ ᠵᠢᠴᠢ ᠭᠡᠰᠢᠭᠦᠳ ᠨᠡᠶᠢᠳᠡ 23 ᠬᠥᠮᠦᠨ ᠬᠤᠷᠠᠯ ᠳᠤ ᠣᠷᠣᠯᠴᠠᠪᠠ᠃        ᠲᠣᠭᠤᠷᠢᠭ ᠤᠨ ᠳᠡᠳ᠋ ᠳᠠᠷᠤᠭ᠎ᠠ ᠮᠠ ᠪᠢᠨ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠠᠩ ᠬᠤᠤ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠦᠦ ᠸᠧᠢ ᠬᠤᠸᠠ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠰᠤᠮᠤ ᠪᠠᠯᠭᠠᠰᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠠᠴᠢᠨ ᠬᠤᠷᠠᠯ ᠳᠤ ᠰᠤᠯᠠ ᠣᠷᠣᠯᠴᠠᠪᠠ᠃        ᠬᠤᠷᠠᠯ ᠠᠴᠠ ᠰᠢᠭᠤᠶᠢᠳᠤ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠣᠯᠤᠨ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠪᠡ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠪᠡ᠂ ᠰᠢᠭᠤᠶᠢᠲᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ︵ᠬᠢᠨᠠᠨ ᠵᠥᠪᠯᠡᠬᠦ ᠨᠤᠤᠷᠠᠭ︶ ᠶᠢ ᠰᠣᠨᠣᠰᠴᠤ ᠬᠢᠨᠠᠨ ᠵᠦᠪᠯᠡᠪᠡ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ︵ᠲᠥᠰᠦᠯ︶᠂ ᠬᠤᠷᠠᠯ ᠤᠨ ᠡᠳᠦᠷ ᠤᠨ ᠳᠠᠷᠠᠭᠠᠯᠠᠯ ︵ᠲᠥᠰᠦᠯ︶᠂ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶ ᠵᠢᠴᠢ ᠲᠣᠳᠤᠷᠬᠠᠶᠢᠯᠠᠯᠲᠠ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠶᠢᠨ ᠨᠡᠷᠡᠰ᠂ ᠭᠦᠢᠴᠡᠳᠭᠡᠭᠴᠢ ᠲᠡᠷᠢᠭᠦᠯᠡᠭᠴᠢ ᠶᠢᠨ ᠨᠡᠷᠡᠰ ︵ᠲᠥᠰᠦᠯ︶᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂ ᠰᠤᠯᠠ ᠣᠷᠣᠯᠴᠠᠬᠤ ᠬᠥᠮᠦᠰ ᠤᠨ ᠨᠡᠷᠡᠰ ︵ᠲᠥᠰᠦᠯ︶ ᠢ ᠰᠣᠨᠣᠰᠴᠤ ᠬᠢᠨᠠᠨ ᠵᠦᠪᠯᠡᠪᠡ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠪᠠᠶᠢᠭᠤᠯᠬᠤ ᠲᠤᠬᠠᠶ ᠲᠣᠭᠲᠠᠭᠠᠯ ︵ᠲᠥᠰᠦᠯ︶᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠤᠨ ᠪᠦᠷᠢᠯᠳᠦᠬᠦᠨ ᠤ ᠨᠡᠷᠡᠰ ︵ᠲᠥᠰᠦᠯ︶ ᠢ ᠰᠣᠨᠣᠰᠴᠤ ᠬᠢᠨᠠᠨ ᠵᠥᠪᠯᠡᠪᠡ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠭᠤᠶᠢᠲᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠵᠥᠪᠯᠡᠯ ᠤᠨ ᠨᠡᠷ᠎ᠡ ᠶᠢ ᠬᠠᠯᠠᠬᠤ ᠲᠤᠬᠠᠶ ᠲᠣᠭᠲᠠᠭᠠᠯ ︵ᠲᠥᠰᠦᠯ︶᠂ ᠬᠤᠯᠪᠣᠭᠳᠠᠯ ᠪᠦᠬᠦᠢ ᠲᠤᠰᠬᠠᠶ ᠵᠥᠪᠯᠡᠯ ᠤᠨ ᠭᠡᠰᠢᠭᠦᠨ ᠢ ᠨᠡᠷ᠎ᠡ ᠳᠤᠷᠠᠳᠬᠤ ᠪᠠ ᠪᠠᠲᠤᠯᠠᠬᠤ ᠠᠷᠭ᠎ᠠ ︵ᠲᠥᠰᠦᠯ︶᠂ ᠬᠤᠯᠪᠣᠭᠳᠠᠯ ᠪᠦᠬᠦᠢ ᠲᠤᠰᠬᠠᠶ ᠵᠥᠪᠯᠡᠯ ᠤᠨ ᠵᠢᠱᠢᠭᠳᠡᠭᠴᠢ ᠶᠢᠨ ᠨᠡᠷᠡᠰ ︵ᠲᠥᠰᠦᠯ︶ ᠢ ᠰᠣᠨᠣᠰᠴᠤ ᠬᠢᠨᠠᠨ ᠵᠦᠪᠯᠡᠪᠡ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠤᠨ ᠪᠦᠯᠬᠦᠮ ᠤᠨ ᠪᠠᠶᠢᠳᠠᠯ ᠵᠢᠴᠢ ᠪᠦᠯᠬᠦᠮ ᠤᠨ ᠳᠠᠷᠤᠭ᠎ᠠ᠂ ᠳᠡᠳ᠋ ᠳᠠᠷᠤᠭ᠎ᠠ ᠶᠢᠨ ᠰᠠᠨᠠᠭᠤᠯᠭ᠎ᠠ ᠶᠢᠨ ᠨᠡᠷᠡᠰ ︵ᠲᠥᠰᠦᠯ︶᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠵᠤ ᠰᠢᠢᠳᠪᠦᠷᠢᠯᠡᠬᠦ ᠲᠦᠷ ᠬᠡᠷᠡᠭᠵᠢᠭᠦᠯᠬᠦ ᠠᠷᠭ᠎ᠠ ︵ᠲᠥᠰᠦᠯ︶᠂ ᠰᠣᠩᠭᠤᠭᠤᠯᠢ ᠶᠢᠨ ᠠᠷᠭ᠎ᠠ ︵ᠲᠥᠰᠦᠯ ︶ ᠵᠢᠴᠢ ᠲᠣᠳᠣᠷᠬᠠᠶᠢᠯᠠᠯᠲᠠ᠂ ᠰᠢᠭᠤᠶᠢᠲᠤ ᠲᠣᠭᠤᠷᠢᠭ ᠤᠨ 2025 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠠᠷᠭ᠎ᠠ ︵ᠲᠥᠰᠦᠯ︶ ᠶᠢ ᠰᠣᠨᠣᠰᠴᠤ ᠬᠢᠨᠠᠨ ᠵᠥᠪᠯᠡᠪᠡ᠂ ᠰᠢᠭᠤᠶᠢᠳᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ ︵ᠲᠥᠰᠦᠯ︶ ᠢ ᠰᠣᠨᠣᠰᠴᠤ ᠬᠢᠨᠠᠨ ᠵᠥᠪᠯᠡᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号