ᠨᠢᠭᠡ᠂ ᠭᠤᠣᠯ ᠠᠷᠭ᠎ᠠ ᠪᠠᠷᠢᠯ ᠪᠣᠯᠣᠨ ᠦᠷ᠎ᠡ ᠪᠦᠲᠦᠮᠵᠢ | ︵ᠨᠢᠭᠡ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ | ᠳᠦᠷᠢᠮ ᠤᠨ ᠲᠣᠭᠲᠠᠴᠠ ᠶᠢᠨ ᠪᠠᠶᠢᠭᠤᠯᠤᠯᠲᠠ ᠶᠢᠨ ᠪᠠᠶᠢᠳᠠᠯ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠪᠡ᠃ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠪᠦᠬᠦ ᠲᠠᠯ᠎ᠠ ᠪᠠᠷ ᠬᠠᠤᠯᠢ ᠶᠣᠰᠣᠭᠠᠷ ᠵᠠᠰᠠᠭ ᠶᠠᠪᠤᠭᠤᠯᠬᠤ ᠵᠢᠴᠢ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠲᠣᠳᠣᠷᠬᠠᠶᠢᠯᠠᠵᠤ᠂ ᠨᠠᠮ ᠤᠨ | ᠠᠵᠢᠯ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠬᠤ | ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠡᠯ᠎ᠡ ᠠᠯᠪᠠᠨ ᠭᠡᠷ ᠤᠨ | ᠬᠠᠷᠢᠭᠤᠴᠠᠯᠭᠠᠲᠠᠨ ᠢᠶᠠᠷ ᠭᠡᠰᠢᠭᠦᠨ ᠪᠣᠯᠭᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠳᠤ ᠲᠤᠬᠢᠷᠠᠭᠤᠯᠤᠯᠳᠠ ᠬᠢᠪᠡ᠃ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠬᠤᠯᠪᠣᠭᠠᠴᠢᠨ ᠢ ᠲᠣᠬᠢᠷᠠᠭᠤᠯᠵᠤ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠮᠡᠳᠡᠭᠡ ᠵᠠᠩᠭᠢ ᠶᠢ ᠨᠡᠪᠲᠡᠷᠡᠯᠴᠡᠬᠦ᠂ ᠮᠡᠳᠡᠭᠦᠯᠦᠨ ᠬᠦᠷᠭᠡᠬᠦ ᠶᠢ | ᠬᠠᠷᠢᠭᠤᠴᠠᠵᠤ᠂ ᠵᠡᠭᠡᠯᠢ ᠭᠤᠳᠤᠮᠵᠢ ᠶᠢᠨ ᠳᠡᠭᠡᠷ᠎ᠡ ᠳᠣᠣᠷ᠎ᠠ ᠶᠢᠨ ᠬᠢᠨ ᠬᠠᠤᠯᠢ ᠶᠢ ᠲᠦᠭᠡᠮᠡᠯᠵᠢᠭᠦᠯᠬᠦ ᠠᠵᠢᠯ ᠤᠨ | ᠡᠮᠬᠢ ᠵᠢᠷᠤᠮ ᠲᠠᠢ ᠪᠦᠲᠦᠮᠵᠢᠲᠡᠢ ᠵᠣᠯᠭᠠᠯᠳᠤᠬᠤ ᠶᠢ ᠪᠠᠲᠤᠯᠠᠵᠤ᠂ ᠭᠤᠣᠯ ᠤᠳᠤᠷᠢᠳᠤᠯᠭ᠎ᠠ ᠲᠦᠷᠦᠭᠦᠯᠡᠨ ᠠᠳᠬᠤᠬᠤ | ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢ ᠣᠷᠣᠭᠤᠯᠤᠭᠰᠠᠨ | ᠲᠠᠰᠤᠭ ᠤᠨ ᠬᠠᠷᠢᠭᠤᠴᠠᠯᠭᠠᠲᠠᠨ ᠪᠣᠳᠠᠲᠠᠢ ᠠᠳᠬᠤᠬᠤ ᠤᠳᠤᠷᠢᠳᠬᠤ ᠲᠣᠭᠲᠠᠴᠠ ᠶᠢ ᠪᠦᠷᠢᠯᠳᠦᠭᠦᠯᠪᠡ᠃ | ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠪᠠ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠵᠡᠭᠡᠯᠢ ᠭᠤᠳᠤᠮᠵᠢ ᠶᠢᠨ ᠠᠵᠢᠯ ᠤᠨ | ᠪᠣᠳᠠᠲᠠᠶ ᠲᠠᠢ ᠪᠠᠨ ᠤᠶᠠᠯᠳᠤᠭᠤᠯᠤᠨ᠂ ︽ᠰᠢᠭᠤᠶᠢᠲᠤ ᠵᠡᠭᠡᠯᠢ ᠭᠤᠳᠤᠮᠵᠢ ᠶᠢᠨ 2024 ᠣᠨ ᠤ ᠪᠥᠬᠦ ᠲᠠᠯ᠎ᠠ ᠪᠠᠷ | ᠬᠠᠤᠯᠢ ᠪᠠᠷ ᠲᠣᠭᠤᠷᠢᠭ ᠢᠶᠠᠨ ᠵᠠᠰᠠᠬᠤ ᠠᠵᠢᠯ ᠤᠨ ᠭᠤᠤᠯᠳᠠᠯᠭ᠎ᠠ︾ ᠶᠢ ᠲᠣᠭᠲᠠᠭᠠᠨ ᠨᠡᠶᠢᠲᠡᠯᠡᠵᠦ᠂ ᠬᠠᠤᠯᠢ ᠪᠠᠷ | ᠵᠠᠰᠠᠬᠤ ᠪᠠᠶᠢᠭᠤᠯᠤᠯᠲᠠ ᠶᠢᠨ ᠬᠠᠷᠠᠯᠲᠠ ᠡᠭᠦᠷᠭᠡ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠨᠠᠷᠢᠯᠢᠬᠵᠢᠭᠤᠯᠤᠨ ᠲᠣᠳᠣᠷᠬᠠᠶᠢᠯᠠᠵᠤ᠂ ᠨᠠᠮ ᠵᠠᠰᠠᠭ ᠤᠨ ᠭᠤᠤᠯ ᠤᠳᠤᠷᠢᠳᠤᠯᠭ᠎ᠠ ᠪᠠᠷ ᠳᠠᠮᠵᠢᠭᠤᠯᠤᠨ ᠬᠠᠤᠯᠢ ᠪᠠᠷ | ᠵᠠᠰᠠᠬᠤ ᠪᠠᠶᠢᠭᠤᠯᠤᠯᠲᠠ ᠶᠢᠨ ᠠᠵᠢᠯ ᠢ ᠪᠡᠶ᠎ᠡ ᠪᠠᠷ ᠢᠶᠠᠨ ᠰᠢᠮᠳᠠᠭᠤᠯᠤᠨ ᠵᠣᠬᠢᠴᠠᠭᠤᠯᠵᠤ᠂ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠠᠵᠢᠯ ᠢ ᠲᠤᠰᠬᠠᠶ ᠬᠥᠮᠦᠨ ᠢᠶᠠᠷ ᠳᠣᠭᠢᠷᠠᠭᠤᠯᠬᠤ᠂ ᠡᠭᠦᠷᠭᠡ ᠶᠢ ᠨᠠᠶᠢᠳᠠᠪᠤᠷᠢᠵᠢᠭᠤᠯᠬᠤ᠂ | ᠰᠢᠯᠭᠠᠨ ᠬᠢᠨᠠᠬᠤ ᠳᠤ ᠲᠤᠰᠬᠠᠶ ᠵᠦᠢᠯ ᠢᠶᠠᠷ ᠪᠠᠷᠢᠮᠵᠢᠶᠠᠯᠠᠨ ᠬᠡᠮᠵᠢᠶᠡᠵᠢᠭᠦᠯᠦᠭᠰᠡᠨ ᠠᠵᠢᠯ ᠤᠨ ᠲᠣᠭᠲᠠᠯᠴᠠᠭ᠎ᠠ ᠶᠢ | ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠪᠡ᠃ ᠡᠨᠡ ᠵᠢᠯ ᠠᠴᠠ ᠨᠠᠭᠠᠰᠢ᠂ ᠨᠢᠭᠡ ᠤᠳᠠᠭᠠᠨ ᠤ | ᠠᠵᠢᠯ ᠤᠨ ᠬᠤᠷᠠᠯ ᠬᠤᠷᠠᠯᠳᠤᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠲᠤᠰᠬᠠᠶ ᠰᠡᠳᠦᠪ ᠢᠶᠠᠷ | ᠲᠣᠬᠢᠷᠠᠭᠤᠯᠤᠨ ᠪᠠᠶᠢᠷᠢᠯᠠᠭᠤᠯᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠵᠡᠭᠡᠯᠢ ᠭᠤᠳᠤᠮᠵᠢ ᠳᠤ ᠬᠤᠯᠪᠣᠭᠳᠠᠭᠰᠠᠨ 9 ᠵᠦᠢᠯ ᠤᠨ ᠭᠤᠤᠯᠳᠠᠯᠭ᠎ᠠ ᠪᠣᠯᠬᠤ ᠲᠥᠷᠥᠯ | ᠵᠦᠢᠯ ᠳᠤ ᠭᠡᠷ᠎ᠡ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠪᠠ᠃ | ᠭᠤᠷᠪᠠ ᠳᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠵᠢᠷᠤᠮᠵᠢᠭᠤᠯᠪᠠ᠃ 2024 ᠣᠨ ᠳᠤ ᠤᠷᠢᠳ ᠬᠤᠵᠢᠳ ᠨᠠᠮ ᠤᠨ ᠠᠵᠢᠯᠯᠠᠬᠤ ᠬᠤᠷᠢᠶ᠎ᠠ ᠶᠢᠨ | ᠬᠤᠷᠠᠯ ᠢ 17 ᠤᠳᠠᠭ᠎ᠠ ᠬᠤᠷᠠᠯᠳᠤᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠡᠯᠡ ᠮᠥᠩᠭᠦ ᠶᠢᠨ | ᠬᠡᠷᠡᠭᠯᠡᠯᠲᠡ᠂ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ ᠵᠡᠷᠭᠡ 30 ᠭᠠᠷᠤᠢ ᠴᠢᠬᠤᠯᠠ ᠶᠡᠭᠡ ᠵᠦᠢᠯᠡᠰ ᠢ | ᠲᠥᠪᠯᠡᠷᠡᠭᠦᠯᠦᠨ ᠶᠠᠷᠢᠯᠴᠠᠵᠤ᠂ ᠲᠥᠪᠯᠡᠷᠡᠭᠦᠯᠦᠨ ᠶᠠᠷᠢᠯᠴᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠭᠤᠣᠯ | ᠤᠳᠤᠷᠢᠳᠤᠯᠭ᠎ᠠ ᠨᠠᠷ ᠤᠨ ᠡᠴᠦᠰ ᠤᠨ ᠶᠠᠷᠢᠶᠠᠨ ᠤ ᠵᠠᠷᠴᠢᠮ ᠢ ᠪᠠᠷᠢᠮᠲᠠᠯᠠᠵᠤ᠂ ︽ᠭᠤᠷᠪᠠᠨ ᠴᠢᠬᠤᠯᠠ ᠨᠢᠭᠡ ᠶᠡᠭᠡ︾ | ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠪᠠ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ | ᠬᠡᠷᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠪᠠ︔ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ | ᠲᠠᠯ᠎ᠠ ᠪᠠᠷ ᠠᠬᠢᠭᠤᠯᠵᠤ᠂ ᠭᠤᠷᠪᠠᠨ ᠶᠠᠪᠤᠳᠠᠯ ᠢ ᠢᠯᠡ ᠪᠣᠯᠭᠠᠬᠤ ᠲᠠᠪᠴᠠᠩ ᠵᠢᠴᠢ ᠵᠡᠭᠡᠯᠢ ᠭᠤᠳᠤᠮᠵᠢ ᠶᠢᠨ | ᠸᠢᠴᠠᠲ ᠤᠨ ᠨᠡᠶᠢᠲᠡ ᠶᠢᠨ ᠳ᠋ᠤᠭᠠᠷ ᠢ ᠭᠦᠢᠴᠡᠳ ᠠᠰᠢᠭᠯᠠᠨ᠂ ᠴᠢᠬᠤᠯᠠ ᠶᠡᠭᠡ ᠵᠦᠢᠯᠡᠰ ᠢ ᠢᠯᠡ ᠪᠣᠯᠭᠠᠬᠤ ᠠᠵᠢᠯ ᠢ | ᠨᠠᠶᠢᠳᠠᠪᠤᠷᠢᠵᠢᠭᠤᠯᠵᠤ᠂ 2024 ᠣᠨ ᠳᠤ 320 ᠵᠤᠷᠪᠤᠰ ᠢᠯᠡ ᠪᠣᠯᠭᠠᠪᠠ᠃ | ︵ᠬᠤᠶᠠᠷ︶ ᠵᠡᠭᠡᠯᠢ ᠭᠤᠲᠤᠮᠵᠢ ᠶᠢᠨ ᠬᠠᠤᠯᠢ ᠰᠤᠷᠴᠦ ᠬᠠᠤᠯᠢ ᠬᠡᠷᠡᠭᠯᠡᠭᠰᠡᠨ ᠪᠠᠶᠢᠳᠠᠯ | ᠨᠢᠭᠡ ᠳᠤ᠂ ᠰᠦᠯᠵᠢᠶᠡᠨ ᠭᠠᠳᠠᠨ᠎ᠠ ᠤᠳᠤᠷᠢᠳᠬᠤ ᠺᠠᠳ᠋ᠷᠴᠤᠳ ᠤᠨ ᠬᠠᠤᠯᠢ ᠰᠤᠷᠴᠤ ᠬᠠᠤᠯᠢ ᠬᠡᠷᠡᠭᠯᠡᠬᠦ | ᠲᠦᠷᠢᠮ ᠢ ᠴᠢᠩᠭ᠎ᠠ ᠨᠠᠶᠢᠲᠠᠪᠤᠷᠢᠵᠢᠭᠤᠯᠪᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ 2024 | ᠣᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠳᠤ ᠣᠷᠣᠭᠤᠯᠵᠤ᠂ | ᠤᠳᠤᠷᠢᠳᠬᠤ ᠺᠠᠳ᠋ᠷ ᠭᠡᠬᠦ ᠡᠨᠡ ᠬᠦ ᠵᠠᠩᠭᠢᠯᠠᠭ᠎ᠠ ᠶᠢᠨ ᠴᠥᠭᠡᠨ ᠲᠣᠭᠠᠲᠠᠨ ᠢ ᠰᠠᠶᠢᠲᠤᠷ ᠠᠳᠬᠤᠵᠤ᠂ ᠤᠳᠤᠷᠢᠳᠬᠤ | ᠺᠠᠳ᠋ᠷ ᠲᠦᠷᠦᠭᠦᠯᠡᠨ ᠰᠤᠷᠤᠯᠴᠠᠬᠤ ᠶᠢ ᠠᠬᠢᠭᠤᠯᠵᠤ᠂ ᠣᠨᠤᠪᠴᠢᠲᠠᠢ ᠡᠵᠡᠮᠳᠡᠪᠡ᠃ | ᠬᠤᠶᠠᠷ ᠲᠤ᠂ ᠰᠦᠯᠵᠢᠶᠡᠨ ᠳᠡᠭᠡᠷ᠎ᠡ ᠪᠠᠶᠢᠩᠭᠤ ᠶᠢᠨ ᠰᠤᠷᠤᠯᠴᠠᠯᠭ᠎ᠠ ᠬᠢᠪᠡ᠃ ᠨᠢᠭᠡᠴᠢ ᠶᠢᠨ ᠺᠠᠳ᠋ᠷ | ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ︽ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠠᠤᠯᠢ︾ | ᠂ ︽ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ — ︿ᠨᠠᠢᠮᠠᠳᠤᠭᠠᠷ ᠲᠠᠪᠤᠨ | ᠵᠢᠯ﹀ ᠤᠨ ᠬᠠᠤᠯᠢ ᠲᠦᠭᠡᠮᠡᠯᠵᠢᠭᠦᠯᠬᠦ ᠣᠯᠠᠨ ᠤ ᠶᠠᠷᠢᠯᠴᠠᠭ᠎ᠠ︾ ᠶᠢᠨ ᠰᠢᠭᠤᠳ ᠨᠡᠪᠲᠡᠷᠡᠭᠦᠯᠭᠡ ᠶᠢᠨ ᠰᠦᠯᠵᠢᠶᠡᠨ ᠤ | ᠬᠢᠴᠢᠶᠡᠯ ᠢ ᠰᠣᠨᠢᠷᠬᠠᠭᠤᠯᠬᠤ ᠶᠢᠨ ᠬᠠᠮᠲᠤ᠂ ᠵᠡᠭᠡᠯᠢ ᠭᠤᠳᠤᠮᠵᠢ ᠶᠢᠨ ᠺᠠᠳ᠋ᠷ ᠠᠵᠢᠯᠲᠠᠨ ᠠᠵᠢᠯᠴᠢᠳ | ᠤᠬᠠᠮᠰᠠᠷ ᠠᠴᠠ ᠪᠠᠨ ᠥᠪᠡᠰᠦᠪᠡᠨ ᠰᠤᠷᠤᠯᠴᠠᠬᠤ ᠶᠢ ᠥᠷᠨᠢᠭᠦᠯᠵᠦ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ | ᠂ ︽ᠪᠤᠭᠤᠲᠤ ᠶᠢᠨ ᠬᠠᠤᠯᠢ ᠲᠦᠭᠡᠮᠡᠯᠵᠢᠭᠦᠯᠬᠦ︾᠂ ︽ᠪᠤᠭᠤᠲᠤ ᠶᠢᠨ ᠪᠢᠴᠢᠯ ᠰᠤᠷᠤᠯᠴᠠᠯᠭ᠎ᠠ︾ ᠵᠡᠷᠭᠡ | ᠰᠤᠷᠤᠯᠴᠠᠯᠭ᠎ᠠ ᠶᠢᠨ ᠲᠠᠪᠴᠠᠩ ᠢ ᠠᠰᠢᠭᠯᠠᠨ ᠪᠠᠶᠢᠩᠭᠤ ᠶᠢᠨ ᠰᠤᠷᠤᠯᠴᠠᠯᠭ᠎ᠠ ᠬᠢᠵᠦ᠂ ᠦᠵᠡᠯ ᠰᠠᠨᠠᠭᠠᠨ ᠤ ᠲᠠᠯ᠎ᠠ ᠪᠠᠷ | ᠬᠠᠤᠯᠢ ᠪᠠᠷ ᠵᠠᠰᠠᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠵᠡᠭᠡᠯᠢ ᠭᠤᠳᠤᠮᠵᠢ ᠪᠠᠷ ᠢᠶᠠᠨ | ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠣᠶᠢᠯᠠᠭᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ︵ᠭᠤᠷᠪᠠ︶ ᠨᠡᠶᠢᠭᠡᠮ ᠳᠡᠭᠡᠷᠡᠬᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠥᠷᠨᠢᠭᠦᠯᠦᠭᠰᠡᠨ ᠪᠠᠶᠢᠳᠠᠯ | ᠨᠢᠭᠡ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠢᠳᠡᠪᠬᠢᠲᠡᠶ | ᠥᠷᠨᠢᠭᠦᠯᠪᠡ᠃ ᠵᠡᠭᠡᠯᠢ ᠭᠤᠳᠤᠮᠵᠢ ᠶᠢᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠡᠶᠢᠲᠡᠯᠢᠭ ᠴᠢᠨᠠᠷ᠂ | ᠥᠪᠡᠷᠮᠢᠴᠡ ᠴᠢᠨᠠᠷ ᠤᠨ ᠨᠠᠷᠢᠨ ᠳᠠᠩᠰᠠ ᠶᠢ 12 ᠵᠤᠷᠪᠤᠰ ᠲᠣᠭᠲᠠᠭᠠᠵᠤ᠂ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ᠂ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠵᠡᠷᠭᠡ ᠬᠠᠤᠯᠢ | ᠳᠦᠷᠢᠮ ᠤᠨ ᠡᠳᠦᠷ ᠢᠶᠠᠷ ᠠᠵᠠ ᠲᠣᠬᠢᠶᠠᠯ ᠪᠣᠯᠭᠠᠵᠤ᠂ LED ᠳᠡᠯᠭᠡᠴᠡ᠂ ᠨᠢᠭᠤᠷᠳᠠᠨ ᠲᠠᠶᠢᠯᠪᠤᠷᠢᠯᠠᠬᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠷᠢᠳ | ᠬᠤᠵᠢᠳ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠠᠶᠤᠯ ᠦᠭᠡᠢ ᠦᠢᠯᠡᠳᠪᠦᠷᠢᠯᠡᠯ ᠵᠡᠷᠭᠡ | ᠤᠬᠠᠭᠤᠯᠭ᠎ᠠ ᠶᠢ 7 ᠤᠳᠠᠭ᠎ᠠ ᠥᠷᠨᠢᠭᠦᠯᠬᠦ ᠶᠢᠨ ᠬᠠᠮᠲᠤ ᠲᠣᠣᠷᠵᠢᠯ ᠤᠨ ᠣᠷᠣᠨ ᠪᠦᠰᠡ ᠶᠢᠨ ᠬᠤᠪᠢᠶᠠᠷᠢᠯᠠᠯ | ᠶᠣᠰᠣᠭᠠᠷ᠂ ᠪᠠᠶᠢᠩᠭᠤ ᠶᠢᠨ ᠤᠬᠠᠭᠤᠯᠭ᠎ᠠ ᠬᠢᠭᠡᠳ ᠤᠯᠠᠨ ᠲᠦᠮᠡᠨ ᠲᠠᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠨᠢᠭᠲᠠᠷᠠᠭᠤᠯᠵᠤ᠂ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠴᠣᠮᠣ᠂ ᠤᠬᠠᠭᠤᠯᠭ᠎ᠠ ᠶᠢᠨ | ᠬᠠᠭᠤᠳᠠᠰᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠢ ᠬᠤᠪᠢ ᠲᠠᠷᠬᠠᠭᠠᠵᠤ᠂ 800 ᠭᠠᠷᠤᠢ | ᠬᠥᠮᠦᠨ ᠳᠤ ᠠᠰᠢᠭ ᠬᠦᠷᠲᠡᠭᠡᠪᠡ᠃ | ᠬᠤᠶᠠᠷ ᠲᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠬᠦᠴᠦᠯᠡᠨ ᠦᠷᠨᠢᠭᠦᠯᠪᠡ᠃ | ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠢ | ᠬᠤᠷᠠᠯᠳᠤᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠤᠤᠯ ᠳᠤᠭᠤᠶᠢᠯᠠᠩ ᠤᠨ ᠰᠤᠷᠤᠯᠴᠠᠯᠭ᠎ᠠ ᠳᠤ | ᠣᠷᠣᠭᠤᠯᠵᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠬᠦᠷᠢᠶ᠎ᠡ ᠴᠠᠷᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠲᠥᠰᠦᠯ︾ ᠢ ᠲᠣᠭᠲᠠᠭᠠᠵᠤ᠂ ᠵᠠᠰᠠᠭ ᠤᠨ | ᠣᠷᠳᠣᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ | ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠭᠡᠷ᠎ᠡ ᠶᠢ ᠭᠦᠢᠴᠡᠳᠭᠡᠭᠰᠡᠨ ᠵᠢᠴᠢ ᠵᠣᠭᠤᠰ ᠥᠷᠢᠲᠦᠵᠦ | ᠪᠠᠶᠢᠭ᠎ᠠ ᠪᠠᠶᠢᠳᠠᠯ᠂ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠪᠡᠶᠡᠯᠡᠭᠦᠯᠦᠭᠰᠡᠨ ᠥᠬᠡᠶ ᠪᠠᠶᠢᠳᠠᠯ ᠢ ᠤᠶᠢᠯᠠᠭᠠᠨ | ᠵᠢᠭᠰᠠᠭᠠᠵᠤ᠂ ᠵᠣᠭᠤᠰ ᠥᠷᠢᠲᠦᠵᠦ ᠪᠠᠶᠢᠭ᠎ᠠ ᠪᠠ ᠠᠮᠠᠯᠠᠯᠲᠠ ᠪᠠᠨ ᠪᠡᠶᠡᠯᠡᠭᠦᠯᠦᠭᠡᠳᠦᠶ ᠪᠠᠶᠢᠳᠠᠯ ᠣᠷᠣᠰᠢᠬᠤ ᠥᠬᠡᠶ | ᠪᠠᠶᠢᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠵᠡᠭᠡᠯᠢ ᠭᠤᠳᠤᠮᠵᠢ ᠶᠢᠨ | ᠸᠢᠴᠠᠲ ᠤᠨ ᠣᠯᠠᠨ ᠨᠡᠶᠢᠲᠡ ᠶᠢᠨ ᠲᠠᠪᠴᠠᠩ ᠢ ᠭᠦᠢᠴᠡᠳ ᠠᠰᠢᠭᠯᠠᠨ ᠦᠨᠡᠨᠴᠢ ᠢᠲᠡᠭᠡᠮᠵᠢ ᠶᠢᠨ ᠰᠣᠶᠣᠯ ᠤᠨ | ᠮᠡᠳᠡᠭᠡ ᠵᠠᠩᠭᠢ ᠶᠢ 10 ᠭᠠᠷᠤᠶ ᠵᠤᠷᠪᠤᠰ ᠨᠡᠶᠢᠲᠡᠯᠡᠵᠦ᠂ ᠦᠨᠡᠨᠴᠢ ᠢᠲᠡᠭᠡᠮᠵᠢ ᠶᠢᠨ ᠰᠣᠶᠣᠯ ᠤᠨ ᠮᠡᠳᠡᠭᠡ ᠵᠠᠩᠭᠢ ᠶᠢ | ᠰᠢᠯᠵᠢᠭᠦᠯᠦᠨ ᠪᠠᠭᠤᠯᠭᠠᠪᠠ᠃ | ᠭᠤᠷᠪᠠ ᠳᠤ ᠵᠥᠷᠢᠴᠡᠯ ᠵᠢᠭᠤᠷᠠᠯᠳᠤᠭᠠᠨ ᠢ ᠨᠠᠮᠳᠠᠭᠤᠯᠪᠠ᠃ ᠠᠷᠠᠳ ᠤᠨ ᠡᠶᠡᠳᠡᠭᠦᠯᠦᠭᠴᠢ ᠶᠢᠨ ᠡᠩᠨᠡᠭᠡ ᠶᠢ | ᠲᠡᠭᠦᠯᠳᠡᠷᠵᠢᠭᠦᠯᠵᠦ᠂ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠨᠡᠶᠢᠲᠡ 2᠂ ᠠᠷᠠᠳ ᠤᠨ | ᠡᠶᠡᠳᠡᠭᠦᠯᠦᠭᠴᠢ ᠶᠢ 14 ᠬᠥᠮᠦᠨ ᠪᠠᠶᠢᠭᠤᠯᠪᠠ︔ ᠬᠠᠤᠯᠢ ᠴᠠᠭᠠᠵᠠ ᠶᠢᠨ ᠲᠣᠳᠣᠷᠬᠠᠶ ᠬᠥᠮᠦᠨ ᠢ 5 ᠬᠥᠮᠦᠵᠢᠭᠦᠯᠵᠦ | ᠂ ᠡᠭᠦᠨ ᠳᠤ 1 ᠬᠥᠮᠦᠨ ᠰᠢᠨ᠎ᠡ ᠪᠠᠷ ᠨᠡᠮᠡᠭᠳᠡᠪᠡ᠃ ᠣᠳᠣᠬᠠᠨ ᠪᠣᠯᠲᠠᠯ᠎ᠠ᠂ ᠠᠷᠠᠳ ᠤᠨ ᠡᠶᠡᠳᠡᠭᠦᠯᠦᠭᠴᠢ ᠵᠢᠴᠢ ︽ | ᠬᠠᠤᠯᠢ ᠴᠠᠭᠠᠵᠠ ᠶᠢᠨ ᠲᠣᠳᠣᠷᠬᠠᠶ ᠬᠥᠮᠦᠨ︾ ᠤ ᠪᠣᠯᠪᠠᠰᠤᠷᠠᠯ ᠳᠤ 1 ᠤᠳᠠᠭ᠎ᠠ ᠣᠷᠣᠯᠴᠠᠪᠠ︔ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠭᠴᠢ ᠶᠢᠨ ᠪᠣᠯᠪᠠᠰᠤᠷᠠᠯ ᠳᠤ 1 ᠤᠳᠠᠭ᠎ᠠ ᠵᠣᠬᠢᠶᠠᠨ ᠪᠠᠶᠢᠭᠤᠯᠤᠨ | ᠣᠷᠣᠯᠴᠠᠭᠤᠯᠵᠤ᠂ ᠠᠷᠠᠳ ᠤᠨ ᠬᠠᠪᠰᠤᠷᠤᠨ ᠰᠢᠭᠦᠭᠴᠢ ᠶᠢ 2 ᠬᠥᠮᠦᠨ ᠢ ᠰᠣᠩᠭᠤᠨ ᠲᠣᠮᠢᠯᠠᠪᠠ᠃ ᠵᠠᠬᠢᠳᠠᠯ | ᠰᠤᠷᠪᠤᠯᠵᠢᠯᠠᠭ᠎ᠠ᠂ 12345 ᠬᠠᠯᠠᠮᠰᠢᠯ ᠤᠲᠠᠰᠤ ᠵᠡᠷᠭᠡ ᠡᠯ᠎ᠡ ᠲᠥᠷᠥᠯ ᠤᠨ ᠠᠷᠭ᠎ᠠ ᠵᠠᠮ ᠢᠶᠠᠷ ᠳᠠᠮᠵᠢᠨ | ᠲᠤᠰᠬᠠᠭᠰᠠᠨ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠬᠠᠤᠯᠢ ᠪᠠᠷ ᠵᠠᠰᠠᠬᠤ ᠳᠤ ᠬᠤᠯᠪᠣᠭᠳᠠᠬᠤ ᠵᠦᠢᠯᠡᠰ ᠲᠤ | ᠴᠢᠭᠯᠡᠭᠦᠯᠦᠨ ᠬᠦᠯᠢᠴᠡᠩᠭᠦᠶ ᠪᠠᠷ ᠬᠠᠤᠯᠢ ᠲᠦᠭᠡᠮᠡᠯᠵᠢᠭᠦᠯᠵᠦ᠂ ᠬᠠᠤᠯᠢ ᠴᠠᠭᠠᠵᠠ ᠶᠢᠨ ᠲᠦᠷᠢᠮ ᠢ ᠤᠬᠠᠭᠤᠯᠤᠨ | ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠬᠤᠪᠢ ᠶᠢᠨ ᠰᠤᠷᠪᠤᠯᠵᠢᠯᠠᠭ᠎ᠠ ᠶᠢ ᠨᠡᠶᠢᠲᠡ 40 ᠭᠠᠷᠤᠶ ᠤᠳᠠᠭ᠎ᠠ | ᠭᠥᠯᠢᠶᠡᠨ ᠠᠪᠴᠤ᠂ ᠪᠡᠭᠡᠵᠢᠩ ᠳᠤ ᠣᠷᠣᠵᠤ ᠬᠥᠬᠡᠬᠤᠲᠠ ᠳᠤ ᠣᠴᠢᠬᠤ ᠵᠢᠴᠢ ᠥᠷᠲᠡᠭᠡᠨ ᠳᠤ ᠰᠠᠭᠤᠵᠤ | ᠲᠣᠭᠲᠠᠭᠤᠨ ᠡᠵᠡᠮᠳᠡᠬᠦ ᠶᠢ ᠨᠡᠶᠢᠲᠡ 10 ᠭᠠᠷᠤᠶ ᠤᠳᠠᠭ᠎ᠠ 160 ᠭᠠᠷᠤᠶ ᠡᠳᠦᠷ ᠬᠢᠪᠡ᠃ ᠡᠯ᠎ᠡ ᠲᠥᠷᠥᠯ ᠤᠨ | ᠵᠥᠷᠢᠴᠡᠯ ᠵᠢᠭᠤᠷᠠᠯᠳᠤᠭᠠᠨ ᠢ 47 ᠬᠤᠪᠢ ᠵᠢᠭᠰᠠᠭᠠᠨ ᠪᠠᠶᠢᠴᠠᠭᠠᠵᠤ ᠰᠢᠢᠳᠪᠦᠷᠢᠯᠡᠪᠡ᠂ ᠡᠭᠦᠨ ᠳᠤ ᠵᠠᠬᠢᠳᠠᠯ | ᠰᠤᠷᠪᠤᠯᠵᠢᠯᠠᠭ᠎ᠠ ᠶᠢᠨ 2 ᠬᠤᠪᠢ ᠶᠢ ᠭᠥᠯᠢᠶᠡᠨ ᠠᠪᠴᠤ ᠰᠢᠢᠳᠪᠦᠷᠢᠯᠡᠵᠦ᠂ ᠴᠥᠮ ᠬᠠᠷᠢᠭᠤᠯᠲᠠ ᠥᠭᠬᠦ ᠰᠠᠨᠠᠯ ᠤᠨ | ᠪᠢᠴᠢᠭ ᠭᠠᠷᠭᠠᠪᠠ︔ ᠵᠠᠰᠠᠭ ᠤᠨ ᠣᠷᠳᠣᠨ ᠤ 12345 ᠬᠠᠯᠠᠮᠰᠢᠯ ᠤᠲᠠᠰᠤ ᠶᠢᠨ 11 ᠵᠦᠢᠯ ᠳᠤ ᠬᠠᠷᠢᠭᠤᠯᠲᠠ | ᠥᠭᠪᠡ︔ ᠡᠳᠦᠷ ᠲᠤᠲᠤᠮ ᠤᠨ ᠵᠥᠷᠢᠴᠡᠯ ᠵᠢᠭᠤᠷᠠᠯᠳᠤᠭᠠᠨ ᠢ 34 ᠬᠤᠪᠢ ᠵᠢᠭᠰᠠᠭᠠᠨ ᠪᠠᠶᠢᠴᠠᠭᠠᠵᠤ ᠨᠠᠮᠳᠠᠭᠤᠯᠪᠠ᠃ | | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ | ᠨᠢᠭᠡ ᠳᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠯᠡᠬᠦ ᠲᠠᠯ᠎ᠠ ᠪᠠᠷ ᠭᠦᠢᠴᠡᠳ ᠪᠤᠰᠤ ᠃ ᠵᠡᠭᠡᠯᠢ | ᠭᠤᠳᠤᠮᠵᠢ ᠶᠢᠨ ᠠᠵᠢᠯᠲᠠᠳ ᠡᠳᠦᠷ ᠲᠤᠲᠤᠮ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠬᠤ ᠲᠠᠯ᠎ᠠ ᠪᠠᠷ | ᠪᠠᠰᠠ ᠭᠦᠨᠵᠡᠭᠡᠶ ᠪᠢᠰᠢ᠂ ᠣᠶᠢᠯᠠᠭᠠᠬᠤ ᠭᠦᠨᠴᠡ ᠪᠠ ᠥᠷᠭᠡᠴᠡ ᠪᠠᠰᠠ ᠵᠥᠷᠢᠶ᠎ᠡ ᠲᠠᠢ᠂ ᠠᠮᠢᠳᠤᠯᠢᠭ ᠬᠡᠮᠵᠢᠶ᠎ᠡ | ᠥᠨᠳᠥᠷ ᠪᠢᠰᠢ᠂ ᠬᠠᠷ᠎ᠠ ᠠᠯᠪᠠ ᠪᠠᠷ ᠨᠡᠭᠦᠯᠭᠡᠨ ᠬᠡᠷᠡᠭᠯᠡᠭᠰᠡᠨ ᠨᠢ ᠤᠯᠠᠨ᠂ ᠨᠡᠪᠲᠡᠷᠬᠡᠶ ᠬᠡᠷᠡᠭᠯᠡᠭᠰᠡᠨ ᠨᠢ ᠴᠥᠭᠡᠨ᠂ | ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠭᠠ ᠦᠭᠡᠢ᠂ ᠣᠳᠣᠬᠠᠨ ᠤ | ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠰᠢᠵᠤ ᠪᠠᠶᠢᠭ᠎ᠠ | ᠠᠰᠠᠭᠤᠳᠠᠯ ᠢ ᠭᠦᠨᠵᠡᠭᠡᠶ ᠪᠣᠳᠤᠯᠬᠢᠯᠠᠬᠤ ᠳᠤ ᠠᠰᠠᠭᠤᠳᠠᠯ ᠣᠷᠣᠰᠢᠵᠤ᠂ ᠡᠳᠦᠷ ᠲᠤᠲᠤᠮ ᠤᠨ ᠠᠵᠢᠯ ᠢ | ᠴᠢᠬᠤᠯᠠᠴᠢᠯᠠᠨ ᠬᠠᠤᠯᠢ ᠲᠦᠭᠡᠮᠡᠯᠵᠢᠭᠦᠯᠬᠦ ᠦᠵᠡᠯ ᠰᠠᠨᠠᠭ᠎ᠠ ᠶᠢ ᠴᠢᠬᠤᠯᠠᠴᠢᠯᠠᠬᠤ ᠦᠭᠡᠢ ᠠᠰᠠᠭᠤᠳᠠᠯ ᠪᠠᠰᠠ ᠵᠣᠬᠢᠬᠤ | ᠬᠡᠮᠵᠢᠶ᠎ᠡ ᠪᠠᠷ ᠣᠷᠣᠰᠢᠵᠤ ᠪᠠᠶᠢᠨ᠎ᠠ᠃ | ᠬᠤᠶᠠᠷ ᠲᠤ ᠬᠠᠤᠯᠢ ᠪᠠᠷ ᠵᠠᠰᠠᠬᠤ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠠᠳᠬᠤᠭᠰᠠᠨ ᠢᠶᠠᠷ | ᠬᠦᠷᠦᠯᠴᠡᠬᠦ ᠦᠭᠡᠢ ᠪᠠᠶᠢᠨ᠎ᠠ᠃ ᠬᠠᠤᠯᠢ ᠪᠠᠷ ᠵᠠᠰᠠᠬᠤ ᠰᠡᠳᠬᠢᠬᠦᠶ ᠶᠢ ᠦᠢᠯᠡᠳᠦᠯᠭᠡᠵᠢᠭᠦᠯᠬᠦ ᠳᠤ ᠢᠳᠡᠪᠬᠢᠲᠡᠢ ᠪᠣᠰᠤ | ᠪᠥᠭᠡᠳ ᠢᠮᠠᠭᠲᠠ ᠲᠣᠭᠤᠰᠢᠯᠠᠭᠤᠯᠤᠭᠰᠠᠨ ᠢᠶᠠᠷ ᠬᠦᠷᠦᠯᠴᠡᠬᠦ ᠦᠭᠡᠢ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠠᠬᠢᠭᠤᠯᠤᠭᠰᠠᠨ ᠢᠶᠠᠷ ᠬᠦᠷᠦᠯᠴᠡᠬᠦ ᠦᠭᠡᠢ᠂ ᠲᠤᠰᠬᠠᠶ ᠰᠡᠳᠦᠪᠲᠦ ᠪᠡᠯᠡᠳᠭᠡᠯ ᠬᠢᠵᠦ ᠬᠤᠷᠠᠯᠳᠤᠭᠤᠯᠤᠭᠰᠠᠨ ᠬᠤᠷᠠᠯ | ᠣᠯᠠᠨ ᠪᠢᠰᠢ᠂ ᠵᠠᠷᠢᠮ ᠳᠠᠭᠠᠨ ᠠᠵᠢᠯ ᠤᠨ ᠦᠷ᠎ᠡ ᠪᠦᠲᠦᠮᠵᠢ ᠶᠢ ᠲᠦᠷᠭᠡᠨ ᠠᠬᠢᠭᠤᠯᠬᠤ ᠶᠢᠨ ᠲᠥᠯᠥᠭᠡ ᠬᠠᠤᠯᠢ | ᠴᠠᠭᠠᠵᠠ ᠶᠢᠨ ᠵᠥᠪᠯᠡᠭᠴᠢ ᠶᠢ ᠢᠳᠡᠪᠬᠢᠲᠡᠶ ᠪᠠᠷ ᠤᠷᠢᠵᠤ ᠡᠯ᠎ᠡ ᠲᠥᠷᠥᠯ ᠤᠨ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠪᠠ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠳᠤ ᠢᠳᠡᠪᠬᠢᠲᠡᠶ ᠣᠷᠣᠯᠴᠠᠭᠰᠠᠨ | ᠦᠭᠡᠢ᠂ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠪᠠᠳᠠᠷᠠᠭᠤᠯᠤᠭᠰᠠᠨ ᠢᠶᠠᠷ ᠪᠠᠰᠠ ᠭᠦᠢᠴᠡᠳ ᠪᠤᠰᠤ | ᠪᠠᠶᠢᠨ᠎ᠠ᠃ | ᠭᠤᠷᠪᠠ ᠳᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠪᠠᠷ | ᠬᠦᠷᠦᠯᠴᠡᠬᠦ ᠥᠬᠡᠶ ᠪᠠᠶᠢᠨ᠎ᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠷᠭ᠎ᠠ ᠮᠠᠶ᠋ᠢᠭ ᠨᠢ ᠤᠬᠠᠭᠤᠯᠭ᠎ᠠ ᠶᠢᠨ ᠳᠡᠪᠲᠡᠷ᠂ LED ᠨᠡᠪᠲᠡᠷᠡᠭᠦᠯᠭᠡ᠂ ᠸᠢᠴᠠᠲ ᠤᠨ ᠣᠯᠠᠨ ᠨᠡᠶᠢᠲᠡ ᠶᠢᠨ | ᠳ᠋ᠤᠭᠠᠷ ᠵᠡᠷᠭᠡ ᠤᠯᠠᠮᠵᠢᠯᠠᠯᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠡᠯᠪᠡᠷᠢ ᠪᠠᠷ | ᠤᠬᠠᠭᠤᠯᠵᠤ᠂ ᠴᠤᠤᠷᠢᠶ᠎ᠠ᠂ ᠲᠦᠷᠭᠡᠨ ᠭᠠᠷ ᠵᠡᠷᠭᠡ ᠰᠢᠨ᠎ᠡ ᠬᠡᠯᠪᠡᠷᠢ᠂ ᠰᠢᠨ᠎ᠡ ᠠᠷᠭ᠎ᠠ ᠶᠢ ᠠᠰᠢᠭᠯᠠ ᠤᠬᠠᠭᠤᠯᠬᠤ | ᠡᠷᠴᠢᠮ ᠢᠶᠠᠷ ᠬᠦᠷᠦᠯᠴᠡᠬᠦ ᠥᠬᠡᠶ᠂ ᠤᠬᠠᠭᠤᠯᠬᠤ ᠠᠷᠭ᠎ᠠ ᠮᠠᠶ᠋ᠢᠭ ᠨᠢ ᠨᠡᠯᠢᠶᠡᠳ ᠴᠥᠬᠡᠨ᠂ ᠭᠤᠤᠯᠳᠠᠯᠭ᠎ᠠ ᠨᠢ | ᠬᠦᠷᠦᠯᠴᠡᠬᠦ ᠥᠬᠡᠶ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠬᠢᠭᠡᠳ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠱᠠᠭᠠᠷᠳᠠᠯᠭ᠎ᠠ ᠠᠴᠠ ᠪᠠᠰᠠ ᠵᠥᠷᠢᠶ᠎ᠡ ᠲᠠᠢ ᠪᠠᠶᠢᠨ᠎ᠠ᠃ | ᠭᠤᠷᠪᠠ᠂ 2025 ᠣᠨ ᠤ ᠠᠵᠢᠯ ᠤᠨ ᠲᠥᠯᠥᠪᠯᠡᠭᠡ | ᠨᠢᠭᠡ ᠳᠤ ︽ᠵᠠᠩᠭᠢᠯᠠᠭ᠎ᠠ ᠶᠢᠨ ᠴᠥᠭᠡᠨ ᠲᠣᠭᠠᠲᠠᠨ︾ ᠬᠠᠤᠯᠢ ᠰᠤᠷᠴᠤ ᠬᠠᠤᠯᠢ ᠬᠡᠷᠡᠭᠯᠡᠨ᠎ᠡ᠃ ᠰᠢ ᠶᠢᠨ | ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠵᠠᠪᠠᠯ ᠰᠤᠷᠬᠤ ᠬᠢᠴᠢᠶᠡᠯ ᠪᠣᠯᠭᠠᠵᠤ᠂ ᠤᠨᠤᠯ ᠤᠨ | ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠲᠤᠰᠬᠠᠢ ᠰᠡᠳᠦᠪᠲᠦ ᠰᠤᠷᠤᠯᠴᠠᠯᠭ᠎ᠠ ᠵᠡᠷᠭᠡ ᠳᠤ | ᠲᠦᠰᠢᠭᠯᠡᠨ ᠲᠤᠰᠬᠠᠢ ᠰᠡᠳᠦᠪᠲᠦ ᠬᠠᠤᠯᠢ ᠰᠤᠷᠤᠯᠴᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠪᠠᠷ | ᠵᠠᠰᠠᠬᠤ ᠪᠠᠶᠢᠭᠤᠯᠤᠯᠲᠠ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ | ᠨᠠᠮ ᠢᠶᠠᠨ ᠲᠠᠭᠠᠨ ᠣᠷᠣᠭᠰᠢᠯᠠᠬᠤ ᠤᠯᠠᠨ ᠲᠦᠮᠡᠨ ᠤ ᠬᠥᠮᠦᠵᠢᠯ ᠲᠠᠢ ᠤᠶᠠᠯᠳᠤᠭᠤᠯᠵᠤ᠂ ᠲᠡᠦᠬᠡ ᠶᠢᠨ ᠦᠯᠡᠳᠡᠭᠳᠡᠯ | ᠳᠠᠷᠤᠭᠳᠠᠮᠠᠯ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠵᠡᠷᠭᠡ | ᠲᠠᠯ᠎ᠠ ᠪᠠᠷ ᠰᠡᠳᠬᠢᠴᠡ ᠪᠠᠨ ᠥᠷᠭᠡᠳᠬᠡᠵᠦ᠂ ᠠᠷᠭ᠎ᠠ ᠰᠦᠪᠡᠭᠴᠢᠯᠡᠵᠦ᠂ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠪᠠᠨ ᠳᠡᠭᠡᠭᠰᠢᠯᠡᠭᠦᠯᠦᠨ᠎ᠡ᠃ | ᠬᠤᠶᠠᠷ ᠲᠤ᠂ ︽ᠵᠠᠩᠭᠢᠯᠠᠭ᠎ᠠ ᠶᠢᠨ ᠠᠵᠢᠯ ᠤᠨ ᠪᠠᠶᠢᠷᠢ︾ ᠬᠠᠤᠯᠢ ᠶᠢ ᠬᠦᠨᠳᠦᠳᠬᠡᠵᠦ ᠬᠠᠤᠯᠢ ᠶᠢ | ᠲᠦᠭᠡᠮᠡᠯᠵᠢᠭᠦᠯᠦᠨ᠎ᠡ ᠃ ᠬᠠᠤᠯᠢ ᠴᠠᠭᠠᠵᠠ ᠶᠢᠨ ᠲᠣᠳᠤᠷᠬᠠᠢ ᠬᠥᠮᠦᠨ᠂ ᠡᠶᠡᠳᠡᠭᠦᠯᠦᠭᠴᠢ ᠶᠢᠨ ᠪᠣᠯᠪᠠᠰᠤᠷᠠᠯ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠤᠯᠢ ᠲᠦᠭᠡᠮᠡᠯᠵᠢᠭᠦᠯᠬᠦ ᠠᠵᠢᠯᠲᠠᠨ ᠤ ᠬᠠᠤᠯᠢ ᠲᠦᠭᠡᠮᠡᠯᠵᠢᠭᠦᠯᠬᠦ ᠴᠢᠳᠠᠪᠤᠷᠢ | ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︔ ᠵᠡᠭᠡᠯᠢ ᠭᠤᠳᠤᠮᠵᠢ ᠶᠢᠨ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠤᠳᠤᠯᠵᠤ᠂ ︽ᠡᠳᠦᠷ ᠲᠤ ᠵᠢᠭᠰᠠᠭᠠᠨ | ᠪᠠᠶᠢᠴᠠᠭᠠᠬᠤ᠂ ᠭᠠᠷᠠᠭ ᠲᠤ ᠬᠤᠷᠢᠶᠠᠩᠭᠤᠶᠢᠯᠠᠬᠤ᠂ ᠰᠠᠷ᠎ᠠ ᠳᠤ ᠳᠡᠭᠡᠭᠰᠢ ᠮᠡᠳᠡᠭᠦᠯᠬᠦ︾ ᠵᠥᠷᠢᠴᠡᠯ ᠢ ᠵᠢᠭᠰᠠᠭᠠᠨ | ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ︔ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠦᠯᠬᠢᠨ | ᠠᠬᠢᠭᠤᠯᠬᠤ ᠬᠠᠤᠯᠢ ᠪᠠᠷ ᠵᠠᠰᠠᠬᠤ ᠭᠤᠤᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠠᠵᠢᠯ ᠤᠨ | ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ | ᠮᠠᠶ᠋ᠢᠭ ᠢᠶᠠᠷ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ | ᠠᠬᠢᠭᠤᠯᠤᠨ᠎ᠠ᠃ | ᠭᠤᠷᠪᠠ ᠳᠤ᠂ ︽ᠵᠠᠩᠭᠢᠯᠠᠭ᠎ᠠ ᠶᠢᠨ ᠬᠠᠮᠲᠤᠯᠢᠭ︾ ᠬᠠᠤᠯᠢ ᠶᠢ ᠣᠶᠢᠯᠠᠭᠠᠵᠤ ᠬᠠᠤᠯᠢ ᠶᠢ ᠰᠠᠬᠢᠨ᠎ᠠ᠃ | ᠬᠠᠷᠢᠶ᠎ᠠ ᠣᠷᠣᠨ ᠤ ᠣᠯᠠᠨ ᠲᠦᠮᠡᠨ ᠤ ᠨᠢᠭᠲᠠ ᠬᠤᠯᠪᠣᠭᠳᠠᠬᠤ ᠶᠠᠪᠤᠳᠠᠯ ᠲᠠᠢ ᠨᠢᠭᠲᠠ ᠤᠶᠠᠯᠳᠤᠭᠤᠯᠤᠨ᠂ ︽ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠨ ᠲᠣᠷᠭᠠᠬᠤ | ᠬᠠᠤᠯᠢ︾᠂ ︽ᠠᠷᠠᠳ ᠤᠨ ᠡᠶᠡᠳᠡᠭᠦᠯᠭᠡ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ | ᠰᠤᠷᠤᠯᠴᠠᠯᠭ᠎ᠠ ᠤᠬᠠᠭᠤᠯᠭ᠎ᠠ ᠶᠢ ᠦᠨᠡᠨ ᠬᠦ ᠴᠢᠩᠭᠠᠳᠬᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ | ᠬᠥᠮᠦᠵᠢᠭᠦᠯᠬᠦ ᠪᠠ ᠬᠥᠲᠥᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠬᠠᠤᠯᠢ | ᠶᠣᠰᠣᠭᠠᠷ ᠠᠵᠢᠯ ᠶᠠᠪᠤᠳᠠᠯ ᠭᠦᠢᠴᠡᠳᠭᠡᠬᠦ ᠰᠠᠶᠢᠨ ᠰᠠᠶᠢᠬᠠᠨ ᠳᠠᠳᠬᠠᠯ ᠢ ᠪᠣᠶ ᠪᠣᠯᠭᠠᠨ᠎ᠠ᠃ | |