﹇ᠮᠡᠳᠡᠭᠳᠡᠬᠦ ᠵᠠᠷᠯᠠᠯ﹈ ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2025/2/8
        ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠠᠯᠪᠠᠨ ᠵᠠᠷᠯᠠᠯ                            2025 ᠣᠨ ᠤ 1 ᠳ᠋ᠤᠭᠡᠷ ᠲᠣᠭᠠᠲᠤ        ᠮᠠᠨ ᠤ ᠤᠯᠤᠰ ᠤᠨ ᠠᠵᠢᠯ ᠣᠯᠭᠤᠯᠲᠠ ᠶᠢᠨ ᠪᠠᠶᠢᠳᠠᠯ ᠢ ᠦᠨᠡᠨ ᠪᠣᠳᠠᠲᠠᠶ ᠣᠨᠣᠪᠴᠢᠲᠠᠶ ᠬᠢᠨᠠᠨ ᠬᠡᠮᠵᠢᠵᠦ ᠲᠤᠰᠬᠠᠬᠤ ᠶᠢᠨ ᠲᠤᠰᠠᠳᠠ᠂ ᠨᠠᠮ ᠪᠣᠯᠤᠨ ᠵᠠᠰᠠᠭ ᠤᠨ ᠣᠷᠳᠣᠨ ᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠠᠵᠢᠯ ᠣᠯᠭᠤᠬᠤ ᠦᠢᠯᠡᠴᠢᠯᠡᠭᠡᠨ ᠢ ᠲᠡᠭᠦᠯᠳᠡᠷᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠰᠠᠭᠤᠷᠢ ᠦᠨᠳᠦᠰᠦᠯᠡᠯ ᠬᠠᠩᠭᠠᠵᠤ᠂ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠤᠨ ᠲᠣᠬᠢᠷᠠᠭᠤᠯᠤᠯᠲᠠ ᠶᠢ ᠦᠨᠳᠦᠰᠦᠯᠡᠨ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠡᠨᠡ ᠵᠢᠯ ᠬᠥᠳᠡᠯᠮᠦᠷᠢ ᠬᠦᠴᠦᠨ ᠳᠤ ᠪᠠᠶᠢᠴᠠᠭᠠᠯᠲᠠ ᠬᠢᠬᠦ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄        ᠨᠢᠭᠡ᠂ ᠪᠠᠶᠢᠴᠠᠭᠠᠬᠤ ᠬᠦᠷᠢᠶ᠎ᠡ ᠬᠡᠪᠴᠢᠶ᠎ᠡ᠄ ᠮᠠᠨ ᠤ ᠤᠯᠤᠰ ᠤᠨ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠬᠤᠲᠠ ᠪᠠᠯᠭᠠᠰᠤ ᠪᠠ ᠰᠢᠶᠠᠩ ᠲᠣᠰᠬᠤᠨ ᠤ ᠭᠠᠵᠠᠷ ᠣᠷᠣᠨ᠃        ᠬᠤᠶᠠᠷ᠂ ᠪᠠᠶᠢᠴᠠᠭᠠᠨ ᠳᠠᠩᠰᠠᠯᠠᠬᠤ ᠡᠲᠡᠭᠡᠳ᠄ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠥᠯᠢᠭᠡᠷ ᠠᠪᠬᠤ ᠠᠷᠭ᠎ᠠ ᠪᠠᠷ ᠰᠣᠩᠭᠤᠨ ᠠᠪᠤᠭᠰᠠᠨ ᠲᠣᠰ ᠨᠡᠶᠢᠭᠡᠮ ᠲᠣᠭᠤᠷᠢᠭ ︵ᠲᠣᠰᠬᠤᠨ︶ ᠤᠨ ᠬᠡᠷ ᠪᠦᠯᠢ ᠪᠠ ᠬᠠᠮᠲᠤ ᠶᠢᠨ ᠡᠷᠦᠬᠡ᠃ ᠰᠣᠩᠭᠤᠭᠰᠠᠨ ᠡᠷᠦᠬᠡ ᠳᠤ ᠪᠦᠷᠢᠳᠭᠡᠭᠦᠯᠬᠦ ᠶᠣᠰᠣᠲᠠᠢ ᠬᠥᠮᠦᠨ ᠪᠣᠯ᠄        1. ᠲᠤᠰ ᠡᠷᠦᠭᠡ ᠳᠤ ᠰᠠᠭᠤᠭ᠎ᠠ ᠬᠥᠮᠥᠨ᠃        2. ᠲᠤᠰ ᠡᠷᠦᠬᠡ ᠠᠮᠠ ᠶᠢᠨ ᠬᠠᠷᠢᠶᠠᠯᠠᠯ ᠤᠨ ᠬᠦᠮᠦᠨ ᠠᠮᠠ ᠶᠢᠨ ᠳᠣᠲᠣᠷ᠎ᠠ ᠭᠠᠳᠠᠭᠰᠢ ᠭᠠᠷᠤᠭᠠᠳ ᠬᠠᠭᠠᠰ ᠵᠢᠯ ᠪᠣᠯᠤᠭ᠎ᠠ ᠦᠭᠡᠢ ᠬᠦᠮᠦᠨ᠃        ᠭᠤᠷᠪᠠ᠂ ᠪᠠᠶᠢᠴᠠᠭᠠᠬᠤ ᠴᠠᠭ᠄ ᠡᠩ ᠤᠨ ᠪᠠᠶᠢᠳᠠᠯ ᠳᠤ ᠰᠠᠷ᠎ᠠ ᠪᠦᠷᠢ ᠶᠢᠨ 10 — 16 ᠤ ᠡᠳᠦᠷ᠂ ᠬᠡᠷᠪᠡ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠨᠥᠯᠥᠭᠡ ᠶᠢ ᠭᠥᠷᠳᠡᠪᠡᠯ᠂ ᠪᠠᠶᠢᠴᠠᠭᠠᠬᠤ ᠴᠠᠭ ᠲᠤ ᠵᠣᠬᠢᠰᠲᠠᠶ ᠲᠣᠬᠢᠷᠠᠭᠤᠯᠤᠯᠲᠠ ᠬᠢᠨ᠎ᠡ᠃        ᠳᠥᠷᠪᠡ᠂ ᠪᠠᠶᠢᠴᠠᠭᠠᠬᠤ ᠠᠷᠭ᠎ᠠ ᠮᠠᠶ᠋ᠢᠭ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠪᠠᠶᠢᠴᠠᠭᠠᠭᠴᠢ ᠲᠣᠮᠢᠯᠠᠨ ᠲᠤᠰ ᠨᠡᠶᠢᠭᠡᠮ ᠲᠣᠭᠤᠷᠢᠭ ︵ᠲᠣᠰᠬᠤᠨ︶ ᠤᠨ ᠰᠣᠩᠭᠤᠭᠳᠠᠭᠰᠠᠨ ᠡᠷᠦᠬᠡ ᠳᠤ ᠣᠴᠢᠭᠤᠯᠤᠨ ᠳᠠᠩᠰᠠᠯᠠᠨ᠎ᠠ᠃ ᠪᠠᠶᠢᠴᠠᠭᠠᠭᠴᠢ ᠡᠷᠦᠬᠡ ᠳᠤ ᠣᠷᠣᠵᠤ ᠳᠠᠩᠰᠠᠯᠠᠭᠤᠯᠬᠤ ᠦᠶ᠎ᠡ ᠳᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠣᠯᠭᠤᠭᠰᠠᠨ ᠠᠵᠢᠯ ᠤᠨ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠃        ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ ᠠᠷᠠᠳ ᠢᠷᠭᠡᠳ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠳᠤ ᠬᠡᠷᠡᠭᠰᠡᠬᠦ ᠮᠠᠲ᠋ᠧᠷᠢᠶᠠᠯ ᠢ ᠦᠨᠡᠨ ᠪᠣᠳᠠᠲᠠᠶ ᠪᠠᠷ ᠬᠠᠩᠭᠠᠬᠤ ᠡᠭᠦᠷᠭᠡ ᠲᠠᠢ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠪᠠᠶᠢᠴᠠᠭᠠᠬᠤ ᠠᠵᠢᠯᠲᠠᠨ ᠡᠷᠬᠡᠪᠰᠢ ᠪᠠᠶᠢᠴᠠᠭᠠᠭᠳᠠᠬᠤ ᠡᠲᠡᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠃ ᠨᠡᠶᠢᠭᠡᠮ ᠤᠨ ᠡᠯ᠎ᠡ ᠡᠲᠡᠭᠡᠳ ᠤᠨ ᠬᠢᠨ ᠢᠯᠠᠩᠭᠤᠶ᠎ᠠ ᠪᠠᠶᠢᠴᠠᠭᠠᠬᠤ ᠡᠲᠡᠭᠡᠳ ᠤᠨ ᠰᠠᠭᠤᠭᠠᠯᠢ ᠡᠷᠦᠬᠡ᠂ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠠᠵᠢᠯ ᠢ ᠢᠳᠡᠪᠬᠢᠲᠡᠢ ᠳᠡᠮᠵᠢᠨ ᠬᠠᠮᠵᠢᠯᠴᠠᠲᠤᠭᠠᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号