ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠦᠨ᠎ᠡ᠃ ᠤᠢᠢᠷ᠎ᠠ ᠶᠢᠨ | ᠵᠢᠯ ᠠᠴᠠ᠂ ᠰᠢᠭᠤᠶᠢᠲᠤ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ | ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠯ ᠤᠨ | ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ | ᠰᠢᠨ᠎ᠡ ᠶᠢ ᠡᠭᠦᠳᠴᠦ᠂ ᠪᠦᠬᠦ ᠣᠷᠣᠨ ᠪᠦᠬᠦ ᠤᠯᠠᠷᠢᠯ ᠤᠨ ᠵᠢᠭᠤᠯᠴᠢᠯᠠᠯ ᠤᠨ ᠲᠦᠬᠦᠮ ᠦᠵᠡᠭᠦᠯᠬᠦ ᠦᠢᠯᠡᠴᠢᠯᠡᠭᠡᠨ ᠤ | ᠬᠠᠩᠭᠠᠯᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠰᠢᠭᠤᠶᠢᠲᠤ | ᠲᠣᠭᠤᠷᠢᠭ ᠢ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ | ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠪᠠᠷ ᠬᠦᠴᠦᠯᠡᠨ ᠴᠢᠷᠮᠠᠶᠢᠵᠤ᠂ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠤᠨ ᠠᠵᠤ ᠦᠢᠯᠡᠰ ᠤᠨ ᠪᠦᠬᠦ ᠲᠠᠯ᠎ᠠ ᠪᠠᠷ ᠲᠡᠰ ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠪᠡ᠃ 2024 ᠣᠨ ᠳᠤ ᠪᠥᠬᠦ ᠲᠣᠭᠤᠷᠢᠭ ᠨᠡᠶᠢᠲᠡ 151.19 ᠲᠦᠮᠡᠨ ᠵᠤᠭᠠᠴᠠᠭᠰᠠᠳ ᠢ ᠭᠥᠯᠢᠶᠡᠨ | ᠠᠪᠴᠤ᠂ ᠠᠳᠠᠯᠢ ᠬᠤᠭᠤᠴᠠᠭᠠᠨ ᠤ ᠬᠢ ᠠᠴᠠ ᠪᠠᠨ 26% ᠪᠠᠷ ᠨᠡᠮᠡᠭᠳᠡᠨ᠂ ᠵᠢᠭᠤᠯᠴᠢᠯᠠᠯ ᠤᠨ ᠶᠡᠷᠦᠩᠬᠡᠶᠢᠯᠡᠭᠰᠡᠨ | ᠣᠷᠣᠯᠭ᠎ᠠ 5.59 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 33% ᠪᠠᠷ | ᠨᠡᠮᠡᠭᠳᠡᠪᠡ᠃ | ᠨᠢᠭᠡ᠂ ᠶᠠᠰᠤ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠵᠤ᠂ ︽ᠵᠢᠭᠤᠯᠴᠢᠯᠠᠭᠰᠠᠳ ᠢ ᠰᠢᠭᠤᠶᠢᠲᠤ ᠳᠤ | ᠲᠠᠲᠠᠬᠤ ︾ ᠠᠵᠢᠯᠯᠠᠭ᠎ᠠ ᠶᠢ ᠬᠡᠷᠡᠭᠵᠢᠭᠦᠯᠪᠡ | ᠪᠠᠳᠺᠠᠷ ᠰᠦᠮ᠎ᠡ ᠦᠵᠡᠮᠵᠢ ᠶᠢᠨ ᠣᠷᠣᠨ ᠨᠢᠭᠡᠨᠲᠡ ᠵᠤᠭᠠᠴᠠᠭᠰᠠᠳ ᠤᠨ ᠲᠥᠪ ᠤᠨ ᠠᠭᠤᠳᠠᠮ ᠲᠠᠯᠠᠪᠠᠢ᠂ | ᠶᠠᠪᠠᠭᠠᠨ ᠵᠠᠮ ᠵᠡᠷᠭᠡ ᠣᠷᠣᠨ ᠪᠦᠰᠡ ᠶᠢᠨ ᠣᠨᠴᠠᠯᠢᠭᠲᠤ ᠭᠡᠷᠡᠯᠲᠦᠭᠦᠯᠬᠦ ᠢᠨᠵᠧᠨᠧᠷᠢᠩ ᠢ ᠡᠬᠢᠯᠡᠭᠦᠯᠪᠡ︔ | ᠪᠣᠭᠤᠲᠤ ᠶᠢᠨ ᠡᠷᠲᠡᠨ ᠤ ᠬᠤᠲᠠ ᠨᠢ ᠪᠣᠭᠲᠠ ᠮᠣᠩᠭᠤᠯ ᠭᠡᠷ᠂ ᠡᠷᠲᠡ ᠣᠷᠣᠢ ᠶᠢᠨ ᠪᠠᠭ᠎ᠠ ᠬᠦᠷᠢᠶ᠎ᠡ᠂ ᠹᠧᠢ ᠢᠦᠢ | ᠮᠠᠯᠵᠢᠯ ᠤᠨ ᠲᠠᠯᠠᠪᠠᠢ ᠵᠡᠷᠭᠡ ᠳᠤ ᠳᠡᠰ ᠳᠡᠪᠰᠢᠭᠦᠯᠦᠨ ᠲᠠᠩᠺ ᠢᠶᠠᠷ ᠬᠡᠭᠡᠷᠡᠯᠡᠬᠦ᠂ ᠮᠠᠩᠬᠠᠨ ᠭᠠᠵᠠᠷ ᠬᠡᠭᠡᠷᠡᠯᠡᠬᠦ᠂ | ᠳᠡᠭᠡᠰᠦ ᠪᠠᠷ ᠠᠰᠠᠷ ᠦᠰᠦᠷᠬᠦ ᠵᠡᠷᠭᠡ ᠣᠯᠠᠨ ᠦᠵᠡᠮᠵᠢ᠂ ᠰᠦᠯᠵᠢᠶᠡᠨ ᠤ ᠬᠠᠯᠠᠮᠰᠢᠯᠲᠤ ᠺᠠᠷᠲᠯᠠᠬᠤ ᠭᠠᠵᠠᠷ | ᠰᠢᠨ᠎ᠡ ᠪᠠᠷ ᠨᠡᠮᠡᠪᠡ᠃ ᠪᠠᠳᠺᠠᠷ ᠰᠦᠮ᠎ᠡ ᠪᠠᠭᠤᠳᠠᠯ ᠭᠤᠷᠪᠠᠨ ᠣᠳᠣᠨ ᠳᠡᠰ ᠤᠨ ᠵᠢᠭᠤᠯᠴᠢᠯᠠᠯ ᠤᠨ ᠬᠤᠭᠤᠯᠠᠨ ᠭᠡᠷ ᠂ | ᠴᠢᠩ ᠱᠠᠨ ᠠᠷᠠᠳ ᠤᠨ ᠭᠡᠷ ᠪᠠᠭᠤᠳᠠᠯ ᠢ ᠠᠮᠵᠢᠯᠲᠠ ᠲᠠᠢ ᠪᠦᠲᠦᠭᠡᠨ ᠪᠠᠶᠢᠭᠤᠯᠵᠤ ᠨᠢ ᠭᠤᠷᠪᠠᠳᠤᠭᠠᠷ ᠳᠡᠰ ᠤᠨ | ᠠᠷᠠᠳ ᠤᠨ ᠭᠡᠷ ᠪᠠᠭᠤᠳᠠᠯ ᠢᠶᠠᠷ ᠦᠨᠡᠯᠡᠭᠳᠡᠪᠡ᠃ ᠪᠤᠭᠤᠲᠤ ᠶᠢᠨ ᠰᠣᠯᠢᠷ ᠴᠢᠯᠠᠭᠤᠨ ᠤ ᠮᠦᠽᠧᠢ᠂ ᠪᠤᠭᠤᠲᠤ ᠶᠢᠨ | ᠷᠦᠩ ᠸᠠᠩ ᠢᠮᠠᠭᠠᠨ ᠨᠣᠯᠤᠤᠷ ᠤᠨ ᠮᠦᠽᠧᠶ᠂ ᠪᠠᠳᠺᠠᠷ ᠰᠦᠮ᠎ᠡ ᠦᠨᠡᠲᠦ ᠡᠷᠳᠡᠨᠢᠰ ᠤᠨ ᠮᠦᠽᠧᠶ ᠵᠢᠩᠬᠢᠨᠢ ᠪᠠᠷ | ᠫᠠᠶᠢᠰᠠ ᠡᠯᠭᠦᠨ ᠪᠠᠶᠢᠭᠤᠯᠤᠭᠳᠠᠵᠤ᠂ ᠷᠦᠩ ᠸᠠᠩ ᠢᠮᠠᠭᠠᠨ ᠨᠣᠯᠤᠤᠷ ᠤᠨ ᠰᠣᠶᠣᠯ ᠤᠨ ᠠᠵᠤ ᠦᠢᠯᠡᠰ ᠤᠨ | ᠬᠦᠷᠢᠶᠡᠯᠡᠩ ᠤᠨ ᠷᠦᠩ ᠸᠠᠩ ᠨᠠᠷᠠᠲᠤ ᠲᠡᠮᠳᠡᠭᠲᠦ ᠬᠠᠮ ᠦᠵᠡᠰᠬᠦᠯᠡᠩ ᠤᠨ ᠣᠷᠳᠣᠨ᠂ ᠴᠢ ᠮᠢᠩ ᠠᠮᠢᠲᠤ | ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠪᠯᠡᠷᠡᠩᠭᠦᠶ ᠮᠠᠶ᠋ᠢᠭ ᠤᠨ ᠴᠠᠶ | ᠤᠮᠳᠠᠭᠠᠨ ᠢ ᠪᠡᠶᠡᠴᠢᠯᠡᠨ ᠣᠶᠢᠯᠠᠭᠠᠬᠤ ᠳᠡᠯᠭᠡᠭᠦᠷ᠂ ᠪᠠᠳᠺᠠᠷ ᠰᠦᠮ᠎ᠡ ᠶᠢᠨ ᠪᠡᠯᠡᠭ ᠰᠣᠶᠣᠯ ᠵᠢᠭᠤᠯᠴᠢᠯᠠᠯ ᠤᠨ | ᠪᠦᠲᠦᠭᠡᠯᠴᠢ ᠰᠡᠳᠭᠢᠮᠵᠢ ᠶᠢᠨ ᠳᠡᠯᠭᠡᠭᠦᠷ ᠨᠢ ︽ᠪᠣᠭᠤᠲᠤ ᠶᠣᠰᠤᠯᠠᠯ ᠲᠠᠢ︾ ᠪᠣᠳᠠᠲᠤ ᠴᠣᠭᠴᠠ ᠶᠢᠨ ᠳᠡᠯᠭᠡᠭᠦᠷ ᠤᠨ | ᠫᠠᠶᠢᠰᠠ ᠬᠦᠷᠲᠡᠪᠡ᠃ ᠷᠦᠩ ᠸᠠᠩ ᠢᠮᠠᠭᠠᠨ ᠨᠣᠯᠤᠤᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ | ᠷᠦᠩ ᠸᠠᠩ ᠨᠠᠷᠠᠲᠤ ᠲᠡᠮᠳᠡᠭᠲᠦ ᠬᠠᠮ ᠦᠵᠡᠰᠬᠦᠯᠡᠩ ᠤᠨ ᠣᠷᠳᠣᠨ᠂ ᠲᠥᠪᠯᠡᠷᠡᠩᠭᠦᠶ ᠮᠠᠶ᠋ᠢᠭ ᠤᠨ ᠴᠠᠶ ᠤᠮᠳᠠᠭᠠᠨ ᠢ | ᠪᠡᠶᠡᠴᠢᠯᠡᠨ ᠣᠶᠢᠯᠠᠭᠠᠬᠤ ᠳᠡᠯᠭᠡᠭᠦᠷ ᠨᠢ ︽ᠪᠢ ᠲᠠᠯ᠎ᠠ ᠨᠤᠲᠤᠭ ᠲᠠᠢ ᠨᠢᠭᠡᠨ ᠪᠣᠯᠵᠤᠭ᠎ᠠ ᠪᠤᠢ︾ ᠭᠡᠬᠦ ᠣᠷᠢᠳᠴᠢᠯᠠᠨ | ᠣᠶᠢᠯᠠᠭᠠᠬᠤ ᠡᠷᠬᠡ ᠪᠦᠬᠦᠢ ᠪᠣᠲᠠᠲᠤ ᠴᠣᠭᠴᠠ ᠶᠢᠨ ᠳᠡᠯᠭᠡᠭᠦᠷ ︵ᠲᠦᠷᠡᠢ ᠲᠦᠷᠡᠬᠦ ᠶᠢᠨ ᠳᠡᠯᠭᠡᠭᠦᠷ︶ ᠲᠤ | ᠰᠣᠩᠭᠤᠭᠳᠠᠪᠠ᠃ ᠷᠦᠩ ᠸᠠᠩ ᠢᠮᠠᠭᠠᠨ ᠨᠣᠯᠤᠤᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠨᠢ | ᠮᠦᠽᠧᠶ ᠶᠢᠨ ᠦᠵᠡᠭᠦᠯᠦᠯᠭᠡ᠂ ᠰᠤᠳᠤᠯᠤᠨ ᠰᠤᠷᠤᠯᠴᠠᠬᠤ ᠬᠢᠴᠢᠶᠡᠯ ᠢ ᠲᠠᠰ ᠳᠡᠪᠰᠢᠭᠦᠯᠵᠦ᠂ ᠥᠪᠡᠷᠲᠡᠭᠡᠨ ᠵᠠᠰᠠᠬᠤ | ᠣᠷᠣᠨ ᠤ ᠰᠣᠳᠣᠨ ᠰᠤᠳᠤᠯᠤᠨ ᠰᠤᠷᠤᠯᠴᠠᠬᠤ ᠬᠢᠴᠢᠶᠡᠯ ᠢᠶᠠᠷ ᠦᠨᠡᠯᠡᠭᠳᠡᠪᠡ᠃ ᠪᠠᠳᠺᠠᠷ ᠰᠦᠮ᠎ᠡ ᠦᠵᠡᠮᠵᠢ ᠶᠢᠨ | ᠣᠷᠣᠨ᠂ ᠴᠢᠩ ᠱᠠᠨ ᠲᠤᠰᠬᠤᠨ ᠨᠢ ︽ᠬᠥᠳᠡᠭᠡ ᠲᠤᠰᠬᠤᠨ ᠤ ᠳᠥᠷᠪᠡᠨ ᠴᠠᠭ ᠤᠨ ᠰᠠᠶᠢᠬᠠᠨ ᠦᠵᠡᠮᠵᠢ — | ᠬᠥᠳᠡᠭᠡ ᠲᠤᠰᠬᠤᠨ ᠢᠶᠠᠷ ᠵᠤᠭᠠᠴᠠᠨ ᠬᠤᠳᠠᠯᠳᠤᠨ ᠠᠪᠴᠤ ᠪᠠᠶᠠᠷ ᠬᠥᠷ ᠲᠠᠢ ᠰᠢᠨ᠎ᠡ ᠣᠨ ᠢ ᠦᠩᠭᠡᠷᠡᠬᠦ︾ ᠪᠦᠬᠦ | ᠤᠯᠤᠰ ᠤᠨ ᠬᠥᠳᠡᠭᠡ ᠲᠤᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢᠶᠠᠷ ᠰᠣᠩᠭᠤᠭᠳᠠᠪᠠ᠃ ᠲᠧᠯᠸᠢᠰ | ᠵᠦᠴᠦᠭᠡ ︽ᠮᠠᠭᠤ ᠲᠠᠭᠠᠮᠠᠭᠯᠠᠯ︾ ᠨᠢ ᠰᠢᠭᠤᠶᠢᠲᠤ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠴᠡᠷᠢᠭ ᠤᠨ | ᠶᠠᠪᠤᠳᠠᠯ᠂ ᠠᠵᠤ ᠦᠢᠯᠡᠳᠪᠦᠷᠢ ᠶᠢᠨ ᠺᠢᠨᠤ᠋ ᠲᠧᠯᠸᠢᠰ ᠤᠨ ᠰᠠᠭᠤᠷᠢᠨ ᠭᠠᠵᠠᠷ ᠲᠤ ᠰᠡᠭᠦᠳᠡᠷᠯᠡᠵᠦ᠂ ᠰᠢᠭᠤᠶᠢᠲᠤ ᠶᠢᠨ | ᠺᠢᠨᠤ᠋ ᠲᠧᠯᠸᠢᠰ ᠤᠨ ᠰᠣᠶᠣᠯ ᠤᠨ ᠠᠵᠤ ᠦᠢᠯᠡᠰ ᠤᠨ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠪᠡ᠃ | ᠬᠤᠶᠡᠷ᠂ ᠬᠤᠳᠠᠯᠳᠣᠭᠠᠴᠢᠨ ᠣᠷᠢᠵᠦ ᠪᠡᠯᠡ ᠣᠷᠣᠭᠤᠯᠬᠤ ᠶᠢ ᠢᠳᠡᠪᠬᠢᠳᠡᠢ ᠪᠠᠷ ᠦᠷᠨᠢᠬᠦᠯᠵᠦ᠂ | ᠭᠤᠤᠯᠳᠡᠯᠭ᠎ᠠ ᠪᠣᠯᠬᠤ ᠳᠦᠷᠦᠯ ᠵᠦᠢᠯ ᠤᠨ ᠨᠡᠶᠢᠳᠡᠪᠦᠷᠢᠵᠢᠭᠤᠯᠥᠯᠳᠡ ᠶᠢ ᠠᠬᠢᠭᠤᠯᠪᠠ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠠᠬᠢᠭᠤᠯᠵᠤ᠂ ᠵᠤᠤ ᠪᠸᠢ ᠤᠷᠲᠤ ᠴᠠᠭᠠᠨ ᠬᠡᠷᠡᠮ ᠤᠨ ᠰᠣᠶᠣᠯ ᠤᠨ ᠦᠵᠡᠭᠦᠯᠭᠡ ᠶᠢᠨ ᠲᠣᠭᠤᠷᠢᠭ ᠪᠣᠯᠤᠨ | ᠴᠠᠨᠠᠯᠠᠬᠤ ᠲᠠᠯᠠᠪᠠᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ︽ᠳ᠋ᠠ | ᠹᠠ 1913︾ ᠣᠨᠴᠠᠯᠢᠭᠲᠤ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ᠂ ᠵᠡᠭᠡᠯᠢ ᠲᠣᠭᠤᠷᠢᠭ ᠤᠨ ᠳᠤᠮᠳᠠᠳᠤ ᠢᠷᠭᠡᠨ ᠤᠯᠤᠰ ᠤᠨ ᠦᠶ᠎ᠡ ᠶᠢᠨ ᠬᠤᠳᠠᠯᠳᠤᠭᠠᠨ ᠤ ᠫᠦᠰᠡ᠂ | ᠶᠠᠫᠣᠨ ᠬᠠᠭᠤᠷᠮᠠᠭ ᠮᠠᠨᠵᠤ ᠶᠢᠨ ᠦᠶ᠎ᠡ ᠶᠢᠨ ᠠᠯᠪᠠᠯᠠᠬᠤ ᠨᠦᠬᠡᠨ ᠭᠡᠷ ᠪᠣᠯᠤᠨ ᠴᠠᠬᠢᠯᠭᠠᠨ ᠮᠡᠳᠡᠭᠡᠨ ᠤ ᠲᠣᠪᠴᠢᠶ᠎ᠠ᠂ | ᠭᠠᠳᠠᠭᠠᠲᠤ ᠬᠦᠭᠦᠷᠭᠡ ᠵᠢᠴᠢ ᠵᠡᠭᠡᠯᠢ ᠳᠠᠭᠠᠤ ᠬᠤᠶᠠᠷ ᠬᠠᠵᠠᠭᠤ ᠶᠢᠨ 20 ᠳ᠋ᠤᠭᠠᠷ ᠵᠠᠭᠤᠨ ᠤ 50 ᠠᠴᠠ ᠨᠠᠶᠠᠭᠠᠳ | ᠣᠨ ᠤ ᠡᠯ᠎ᠡ ᠲᠥᠷᠥᠯ ᠤᠨ ᠪᠠᠷᠢᠯᠭ᠎ᠠ ᠶᠢ ᠰᠠᠶᠢᠲᠤᠷ ᠬᠡᠷᠡᠭᠯᠡᠵᠦ᠂ ᠳ᠋ᠠ ᠹᠠ ᠬᠠᠭᠤᠴᠢᠨ ᠵᠡᠭᠡᠯᠢ ᠶᠢᠨ ᠬᠤᠪᠢᠰᠬᠠᠯ ᠤᠨ | ᠲᠡᠦᠬᠡ ᠰᠣᠶᠤᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠡᠬᠡ ᠣᠷᠣᠨᠴᠢ ᠦᠵᠡᠯ ᠤᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ᠂ ᠬᠤᠪᠢᠰᠬᠠᠯᠲᠤ ᠦᠢᠯᠡᠳᠪᠦᠷᠢ ᠠᠭᠤᠷᠬᠠᠶ ᠶᠢᠨ ᠰᠣᠶᠣᠯ ᠤᠨ ᠦᠩᠭᠡᠷᠡᠯᠲᠡ᠂ | ᠰᠡᠯᠡᠭᠦᠴᠡᠯ ᠵᠤᠭ᠎ᠠ ᠴᠡᠩᠭᠡᠯ᠂ ᠰᠤᠳᠤᠯᠤᠨ ᠰᠤᠷᠤᠯᠴᠠᠬᠤ ᠦᠢᠯᠡᠳᠦᠯᠭᠡ᠂ ᠨᠠᠮ ᠪᠠᠶᠢᠭᠤᠯᠤᠯᠲᠠ ᠶᠢᠨ ᠦᠷᠭᠡᠳᠬᠡᠯ᠂ | ᠵᠢᠪᠦᠮᠡᠯ ᠮᠠᠶ᠋ᠢᠭ ᠤᠨ ᠺᠢᠨᠣ᠋ ᠲᠧᠯᠸᠢᠰ ᠤᠨ ᠰᠡᠭᠦᠳᠡᠷᠯᠡᠬᠦ᠂ ᠶᠡᠷᠦᠩᠬᠡᠶᠢᠯᠡᠭᠰᠡᠨ ᠦᠢᠯᠡᠴᠢᠯᠡᠭᠡ ᠶᠢ ᠨᠢᠭᠡ | ᠴᠣᠭᠴᠠᠵᠢᠭᠤᠯᠤᠭᠰᠠᠨ ᠣᠨᠴᠠᠯᠢᠭᠲᠤ ᠲᠡᠦᠬᠡ ᠰᠣᠶᠣᠯ ᠤᠨ ᠵᠡᠭᠡᠯᠢ ᠲᠣᠭᠤᠷᠢᠭ ᠢ ᠪᠠᠶᠢᠭᠤᠯᠪᠠ᠃ | ᠭᠤᠷᠪᠠ᠂ ︽ᠰᠢᠭᠤᠶᠢᠲᠤ ᠳᠤ ᠵᠤᠭᠠᠴᠠᠨ ᠨᠠᠭᠠᠳᠬᠤ︾ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ | ᠭᠡᠷᠡᠯᠳᠦᠭᠦᠯᠵᠦ᠂ ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠢ ᠪᠣᠶᠢᠵᠢᠭᠤᠯᠪᠠ | ︽ᠤᠮᠠᠷᠠᠲᠤ ᠬᠢᠯᠢ ᠶᠢᠨ ᠰᠣᠶᠣᠯ︾ ᠢ ᠪᠠᠳᠠᠷᠠᠭᠤᠯᠬᠤ ᠪᠠᠷ ᠭᠠᠷᠳᠠᠴᠠ ᠪᠣᠯᠭᠠᠵᠤ᠂ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ︽ᠰᠢᠭᠤᠶᠢᠲᠤ ᠳᠤ ᠵᠤᠭᠠᠴᠠᠨ ᠨᠠᠭᠠᠳᠬᠤ︾ | ᠪᠠᠷ ᠭᠤᠣᠯ ᠰᠡᠳᠦᠪᠲᠦ IP ᠪᠣᠯᠭᠠᠵᠤ᠂ ︽ᠪᠦᠬᠦ ᠤᠯᠠᠷᠢᠯ ᠤᠨ ᠵᠢᠭᠤᠯᠴᠢᠯᠠᠯ︾ ᠢᠶᠠᠷ ᠴᠢᠭᠯᠡᠯ ᠪᠣᠯᠭᠠᠵᠤ᠂ ︽ | ᠵᠤᠭᠠᠴᠠᠭᠰᠠᠳ ᠢ ᠲᠠᠲᠠᠵᠤ᠂ ᠵᠤᠭᠠᠴᠠᠭᠰᠠᠳ ᠤᠨ ᠬᠡᠷᠡᠭᠴᠡᠭᠡ ᠶᠢ ᠬᠠᠩᠭᠠᠬᠤ︾ ᠪᠠᠷ ᠭᠤᠣᠯ ᠴᠦᠮ᠎ᠡ ᠪᠣᠯᠭᠠᠵᠤ᠂ A | ᠲᠡᠰ ᠤᠨ ᠦᠵᠡᠮᠵᠢ ᠶᠢᠨ ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠪᠣᠯᠬᠤ ᠲᠣᠰᠬᠤᠨ᠂ | ᠠᠷᠠᠳ ᠤᠨ ᠭᠡᠷ ᠪᠠᠭᠤᠳᠠᠯ᠂ ᠪᠠᠭᠤᠳᠠᠯ᠂ ᠬᠡᠭᠡᠷ᠎ᠡ ᠪᠠᠭᠤᠳᠠᠯᠯᠠᠬᠤ ᠭᠠᠵᠠᠷ ᠲᠤ ᠲᠦᠰᠢᠭᠯᠡᠨ ᠭᠤᠣᠯᠳᠠᠯᠭ᠎ᠠ ᠲᠠᠢ ᠪᠠᠷ | ᠪᠤᠭᠤᠲᠤ ᠶᠢᠨ ᠡᠷᠲᠡᠨ ᠤ ᠬᠤᠳᠠ ᠶᠢᠨ ᠱᠧᠩ ᠱᠢ ᠳᠣᠮᠣᠭᠲᠤ ᠦᠵᠡᠰᠬᠦᠯᠡᠩ᠂ ᠶᠢᠨ ᠮᠠᠢ ᠶᠦᠸᠠᠨ ᠵᠠᠳᠠᠭᠠᠢ | ᠰᠢᠷᠠᠭᠰᠠᠨ ᠢᠳᠡᠭᠡᠨ ᠤ ᠵᠢᠶᠠ ᠨᠢᠶᠠᠨ ᠬᠤᠸᠠ᠂ ᠴᠡᠴᠡᠭ ᠤᠨ ᠪᠦᠵᠢᠭᠲᠦ ᠬᠦᠮᠦᠨ ᠤ ᠶᠢᠷᠳᠢᠨᠴᠦ ᠶᠢᠨ ᠭᠠᠯ | ᠰᠠᠬᠢᠭᠤᠯᠰᠤᠨ ᠤ ᠪᠠᠶᠠᠷ᠂ 2024 ︽ᠵᠡᠭᠦᠨ ᠡᠮᠦᠨᠡᠲᠦ ᠣᠷᠣᠨ ᠤ ᠴᠡᠴᠡᠭᠲᠦ ᠬᠤᠲᠠ︾ ᠶᠢᠨ ᠭᠤᠷᠪᠠᠯᠵᠢᠨ | ᠬᠤᠶᠢᠭ ᠤᠨ ᠤᠷᠠᠯᠢᠭ ᠤᠨ ᠨᠠᠶᠢᠷ᠂ ᠲᠤᠯᠤᠭᠠᠨ ᠥᠩᠭᠡᠲᠦ ᠰᠢᠶᠠᠩ ᠶᠦᠨ ᠪᠤᠭᠤᠲᠤ ᠶᠢᠨ ᠠᠩᠬᠠᠳᠠᠭᠴᠢ | ᠦᠵᠡᠰᠬᠦᠯᠡᠩ᠂ ᠪᠤᠭᠤᠲᠤ ᠶᠢᠨ ᠡᠷᠲᠡᠨ ᠤ ᠬᠤᠳᠠ ᠶᠢᠨ ︽ᠰᠢᠭᠤᠶᠢᠲᠤ ᠶᠢᠨ ᠪᠤᠯᠵᠤᠭ᠎ᠠ · ᠵᠣᠨ ᠤ ᠵᠤᠭᠠᠴᠠᠯ ᠤᠨ | ᠤᠯᠠᠷᠢᠯ︾ ᠳ᠋ᠧᠩ ᠤᠨ ᠦᠵᠡᠰᠭᠦᠯᠡᠩ᠂ ᠪᠠᠳᠺᠠᠷ ᠰᠦᠮ᠎ᠡ ᠶᠢᠨ ᠳᠠᠭᠠᠳᠬᠠᠬᠤ ᠰᠢᠷᠢᠰ ᠠᠵᠢᠯᠯᠠᠭ᠎ᠠ᠂ ᠪᠤᠭᠤ ᠶᠢᠨ | ᠬᠤᠳᠠ ᠶᠢᠨ ᠰᠣᠶᠣᠯ ᠤᠷᠠᠯᠢᠭ ᠤᠨ ᠨᠠᠶᠢᠷ᠂ ᠪᠤᠭᠤᠲᠤ ᠶᠢᠨ ᠡᠷᠲᠡᠨ ᠤ ᠬᠤᠳᠠ ᠶᠢᠨ ᠲᠠᠯ᠎ᠠ ᠨᠤᠲᠤᠭ ᠤᠨ | ᠨᠠᠭᠠᠳᠤᠮ ᠤᠨ ᠤᠷᠠᠯᠢᠭ ᠤᠨ ᠨᠠᠶᠢᠷ ᠵᠡᠷᠭᠡ ᠲᠦᠷᠦᠯ ᠲᠡᠮᠳᠡᠭ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ | ᠭᠤᠣᠯᠳᠠᠯᠭ᠎ᠠ ᠲᠠᠢ ᠴᠣᠭᠴᠠᠯᠠᠪᠠ᠃ ᠬᠤᠲᠠ ᠶᠢᠨ ᠳᠣᠲᠣᠷ᠎ᠠ᠂ ᠬᠤᠲᠠ ᠶᠢᠨ ᠭᠠᠳᠠᠨ᠎ᠠ ᠵᠢᠴᠢ ᠡᠷᠬᠢᠨ ᠲᠣᠭᠤᠷᠢᠨ ᠤ | ᠵᠢᠭᠤᠯᠴᠢᠯᠠᠭᠴᠢᠳ ᠤᠨ ᠢᠷᠡᠯᠲᠡ ᠶᠢᠨ ᠭᠠᠵᠠᠷ ᠲᠤ ᠴᠢᠭᠯᠡᠭᠦᠯᠦᠨ᠂ ᠰᠣᠶᠣᠯ ᠵᠢᠭᠤᠯᠴᠢᠯᠠᠯ ᠤᠨ ᠤᠬᠠᠭᠤᠯᠤᠨ | ᠳᠡᠯᠭᠡᠷᠡᠭᠦᠯᠬᠦ ᠶᠢ ᠨᠠᠷᠢᠯᠢᠭ ᠣᠨᠤᠪᠴᠢᠲᠠᠢ ᠦᠷᠨᠢᠭᠦᠯᠪᠡ᠃ ᠤᠷᠢᠳ ᠬᠤᠵᠢᠳ ᠳ᠋ᠠᠲ᠋ᠦ᠋ᠩ᠂ ᠣᠷᠳᠣᠰ᠂ ᠵᠧᠩᠵᠧᠤ | ᠵᠡᠷᠭᠡ ᠣᠯᠠᠨ ᠭᠠᠵᠠᠷ ᠲᠤ ᠬᠦᠷᠴᠦ᠂ ᠰᠢᠭᠤᠶᠢᠲᠤ ᠲᠣᠭᠤᠷᠢᠭ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ | ᠲᠠᠨᠢᠯᠴᠠᠭᠤᠯᠬᠤ ᠬᠤᠷᠠᠯ ᠵᠢᠴᠢ ︽ᠪᠥᠬᠦ ᠤᠯᠠᠷᠢᠯ ᠳᠤ ᠵᠢᠭᠤᠯᠴᠢᠯᠠᠬᠤ ᠳᠤ ᠲᠣᠬᠢᠷᠠᠮᠵᠢᠲᠠᠶ᠂ ᠰᠢᠭᠤᠶᠢᠲᠤ ᠲᠠᠢ | ᠠᠭᠤᠯᠵᠠᠬᠤ︾ ᠵᠠᠭᠤᠨ ᠲᠦᠮᠡᠨ ᠬᠥᠮᠦᠨ ᠰᠢᠭᠤᠶᠢᠲᠤ ᠳᠤ ᠵᠤᠭᠠᠴᠠᠨ ᠲᠣᠭᠤᠷᠢᠬᠤ ᠲᠠᠨᠢᠯᠴᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠵᠦ᠂ 600 ᠵᠢᠭᠤᠯᠴᠢᠯᠠᠯ ᠤᠨ ᠬᠤᠷᠢᠶ᠎ᠠ ᠲᠠᠢ ᠬᠠᠮᠲᠤᠷᠠᠯᠴᠠᠭᠠᠨ ᠤ ᠰᠠᠨᠠᠮᠵᠢ ᠲᠣᠭᠲᠠᠬᠤ | ᠪᠤᠶᠤ ᠭᠡᠷ᠎ᠡ ᠲᠣᠭᠲᠠᠪᠠ᠃ ᠪᠤᠭᠤᠲᠤ ᠶᠢᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ 89.2᠂ ᠨᠡᠶᠢᠲᠡ ᠶᠢᠨ ᠮᠠᠰᠢᠨ | ᠲᠡᠷᠭᠡᠨ ᠤ ᠺᠣᠮᠫᠠᠨᠢ ᠵᠡᠷᠭᠡ ᠵᠠᠭᠤᠴᠢᠯᠠᠭᠤᠷ ᠲᠠᠢ ᠢᠳᠡᠪᠬᠢᠲᠡᠶ ᠵᠣᠯᠭᠠᠭᠤᠯᠵᠤ᠂ ᠵᠣᠨ ᠤ ᠠᠮᠠᠷᠠᠯᠲᠠ ᠶᠢᠨ | ᠤᠬᠠᠭᠤᠯᠭ᠎ᠠ ᠶᠢᠨ ᠰᠢᠨ᠎ᠡ ᠠᠷᠭ᠎ᠠ ᠵᠠᠮ ᠢ ᠥᠷᠭᠡᠳᠬᠡᠨ᠂ ᠮᠠᠨ ᠤ ᠲᠣᠭᠤᠷᠢᠭ ᠤᠨ ᠰᠣᠶᠣᠯ ᠵᠢᠭᠤᠯᠴᠢᠯᠠᠯ ᠤᠨ | ᠠᠯᠳᠠᠷᠰᠢᠯ ᠢ ᠳᠡᠭᠡᠭᠰᠢᠯᠡᠭᠦᠯᠪᠡ᠃ | ᠳᠥᠷᠪᠡ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ | ᠤᠷᠤᠯᠳᠤᠭᠠᠨ ᠤ ᠨᠡᠷᠡᠲᠦ ᠲᠡᠮᠳᠡᠭᠲᠦ IP ᠢ ᠪᠤᠢ ᠪᠣᠯᠭᠠᠪᠠ | ᠰᠢᠭᠤᠶᠢᠲᠤ ᠲᠣᠭᠤᠷᠢᠭ ᠤᠨ ᠪᠡᠶ᠎ᠡ ᠶᠢᠨ ᠲᠠᠮᠢᠷ ᠤᠨ ᠴᠡᠴᠡᠷᠯᠢᠭ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠭᠤᠳᠠᠮ ᠲᠠᠯᠠᠪᠠᠶ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠲᠠᠯᠠᠪᠤᠷ ᠣᠷᠳᠣᠨ ᠤ | ᠲᠥᠬᠦᠭᠡᠷᠦᠮᠵᠢ ᠶᠢ ᠭᠦᠢᠴᠡᠳ ᠠᠰᠢᠭᠯᠠᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ | ᠴᠤᠭᠯᠠᠭᠠᠨ᠂ ᠶᠠᠪᠠᠭᠠᠨ ᠢᠶᠠᠷ ᠠᠭᠤᠯᠠ ᠠᠪᠠᠷᠢᠬᠤ ᠪᠠ ᠪᠤᠶᠠᠨ ᠦᠢᠯᠡᠳᠬᠦ ᠠᠶᠠᠯᠠᠯ᠂ ᠠᠵᠢᠯᠲᠠᠨ ᠠᠵᠢᠯᠴᠢᠨ ᠤ | ᠶᠠᠪᠠᠭᠠᠨ ᠢᠶᠠᠷ ᠵᠣᠣ ᠣᠷᠳᠣ ᠴᠠᠭᠠᠨ ᠬᠡᠷᠡᠮ ᠢᠶᠠᠷ ᠠᠶᠠᠯᠠᠬᠤ᠂ ᠪᠥᠬᠦ ᠠᠷᠠᠳ ᠤᠨ ᠬᠥᠳᠡᠯᠭᠡᠭᠡᠨ ᠤ ᠵᠢᠭᠠᠰᠤ ᠭᠥᠬᠢᠳᠡᠬᠦ | ᠤᠷᠤᠯᠳᠤᠭᠠᠨ᠂ ᠬᠡᠤᠬᠡᠳ ᠤᠨ ᠴᠠᠭᠠᠰᠤᠨ ᠰᠢᠪᠠᠭᠤᠨ ᠤ ᠦᠵᠡᠭᠦᠯᠦᠯᠭᠡ ᠶᠢᠨ ᠲᠣᠭᠯᠠᠯᠲᠠ᠂ ᠨᠠᠰᠤᠲᠠᠶᠢᠴᠤᠳ ᠤᠨ | ᠴᠢᠴᠢᠭᠦᠷ ᠪᠥᠮᠪᠦᠭᠡ ᠶᠢᠨ ᠠᠵᠢᠯᠯᠠᠭ᠎ᠠ᠂ ᠵᠢᠪᠬᠤᠯᠠᠩᠲᠤ ᠬᠤᠨᠳᠠᠭᠠᠲᠤ ᠥᠪᠡᠰᠦᠪᠡᠨ ᠲᠡᠷᠭᠡ ᠵᠢᠯᠣᠭᠤᠳᠬᠤ | ᠤᠷᠤᠯᠳᠤᠭᠠᠨ ᠵᠡᠷᠭᠡ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠬᠢᠯᠡᠪᠡ᠃ ᠲᠥᠪ ᠤᠨ ᠵᠡᠷᠭᠡᠯᠡᠯ᠂ | ᠥᠪᠡᠷᠲᠡᠭᠡᠨ ᠵᠠᠰᠠᠬᠤ ᠣᠷᠣᠨ ᠤ ᠳᠡᠰ᠂ ᠬᠤᠲᠠ ᠶᠢᠨ ᠵᠡᠷᠭᠡᠯᠡᠯ ᠤᠨ ᠬᠡᠪᠯᠡᠯ ᠮᠡᠳᠡᠭᠡᠯᠡᠯ ᠤᠨ ᠬᠢᠨ ᠵᠠᠯᠭᠠᠭ᠎ᠠ ᠪᠠᠷ | ᠮᠡᠳᠡᠭᠡᠯᠡᠪᠡ᠃ | ᠲᠠᠪᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠵᠢᠭᠤᠯᠴᠢᠯᠠᠯ ᠤᠨ ᠴᠢᠨᠠᠷ | ᠪᠠᠳᠺᠠᠷ ᠰᠦᠮ᠎ᠡ ᠦᠵᠡᠮᠵᠢ ᠶᠢᠨ ᠤᠷᠤᠨ ᠤ ᠤᠳᠠᠰᠤᠳᠦ ᠲᠠᠶᠢᠯᠪᠤᠷᠢᠯᠠᠯᠳᠠ ᠶᠢ ᠪᠦᠷᠢᠨ ᠪᠦᠷᠬᠦᠬᠦᠯᠪᠡ︔ | ᠬᠤᠲᠠ ᠲᠣᠭᠤᠷᠢᠭ ᠤᠨ ᠵᠢᠭᠤᠯᠴᠢᠯᠠᠯ ᠤᠨ ᠲᠤᠰᠬᠠᠶ ᠱᠤᠭᠤᠮ᠂ ᠵᠢᠭᠤᠯᠴᠢᠯᠠᠯ ᠤᠨ ᠰᠢᠭᠤᠳ ᠨᠡᠪᠲᠡᠷᠡᠬᠦ ᠲᠡᠷᠭᠡ ᠶᠢ | ᠨᠡᠪᠲᠡᠷᠡᠭᠦᠯᠬᠦ ᠶᠢᠨ ᠬᠠᠮᠲᠤ ᠬᠡᠪᠰᠢᠭᠦᠯᠦᠨ ᠡᠵᠡᠩᠨᠡᠵᠦ᠂ ᠰᠢᠭᠤᠶᠢᠲᠤ ᠲᠣᠭᠤᠷᠢᠭ ᠠᠴᠠ 2A ᠲᠠᠰ ᠠᠴᠠ ᠳᠡᠭᠡᠭᠰᠢᠬᠢ | ᠦᠵᠡᠮᠵᠢ ᠶᠢᠨ ᠣᠷᠣᠨ ᠢ ᠵᠠᠯᠭᠠᠭᠤᠯᠬᠤ ᠶᠢ ᠪᠠᠶᠡᠯᠡᠭᠦᠯᠪᠡ︔ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ | ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ A ᠲᠠᠰ ᠤᠨ | ᠦᠵᠡᠮᠵᠢ ᠶᠢᠨ ᠣᠷᠣᠨ ᠵᠢᠴᠢ ᠡᠷᠬᠢᠨ ᠲᠣᠭᠤᠷᠢᠨ ᠤ ᠲᠡᠷᠭᠡᠨ ᠵᠣᠭᠰᠣᠭᠠᠯ ᠤᠨ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ | ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ | |