ᠰᠤᠷᠭᠠᠨ ᠬᠥᠮᠦᠵᠢᠯ ᠤᠨ ᠰᠢᠨ᠎ᠡ ᠠᠶᠠᠯᠠᠯ · ᠰᠣᠯᠢᠯᠴᠠᠭ᠎ᠠ ᠪᠠᠷ ᠦᠰᠦᠨ ᠪᠤᠶᠢᠵᠢᠯᠲᠠ ᠶᠢ ᠠᠬᠢᠭᠤᠯᠤᠶ᠎ᠠ — ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ 2024 ᠣᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠭᠰᠡᠨ ᠮᠡᠳᠡᠭᠦᠯᠦᠯᠲᠡ ᠶᠢᠨ ᠲᠠᠶᠢᠯᠤᠮᠵᠢ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/8
        2024 ᠣᠨ ᠤ 5 ᠳ᠋ᠤᠭᠠᠷ ᠰᠠᠷ᠎ᠠ ᠳᠤ᠂ ᠰᠢᠭᠤᠶᠢᠲᠤ ᠲᠣᠭᠤᠷᠢᠭ ᠨᠢ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠶᠠᠰᠤ ᠴᠢᠨᠠᠷ ᠢ ᠬᠢᠨᠠᠨ ᠬᠡᠮᠵᠢᠪᠡ᠃ ᠰᠢᠭᠤᠶᠢᠲᠤ ᠲᠣᠭᠤᠷᠢᠭ ᠤᠨ 2024 ᠣᠨ ᠳᠠᠬᠢ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠭᠰᠡᠨ ᠪᠠᠶᠢᠳᠠᠯ ᠢ ᠴᠠᠭ ᠲᠤᠬᠠᠶ ᠳᠤ ᠨᠢ ᠣᠨᠣᠪᠴᠢᠲᠠᠶ ᠡᠵᠡᠮᠰᠢᠵᠦ᠂ ᠮᠠᠨ ᠤ ᠣᠷᠣᠨ ᠤ ᠰᠤᠷᠤᠭᠴᠢᠳ ᠤᠨ ᠰᠤᠷᠤᠯᠭ᠎ᠠ ᠶᠢᠨ ᠬᠢᠷᠢ ᠲᠦᠪᠰᠢᠨ ᠂ ᠪᠡᠶ᠎ᠡ ᠰᠡᠳᠬᠢᠯ ᠤᠨ ᠡᠷᠡᠭᠦᠯ ᠮᠡᠨᠳᠦ ᠵᠡᠷᠭᠡ ᠲᠠᠯ᠎ᠠ ᠶᠢᠨ ᠪᠣᠳᠠᠲᠠᠶ ᠪᠠᠶᠢᠳᠠᠯ ᠢ ᠣᠶᠢᠯᠠᠭᠠᠬᠤ ᠶᠢᠨ ᠲᠤᠰᠠᠳᠠ ᠂ ᠮᠥᠨ ᠴᠦ ᠬᠤᠶᠢᠰᠢᠳᠠ ᠶᠢᠨ ᠵᠢᠭᠠᠨ ᠰᠤᠷᠭᠠᠯᠲᠠ ᠳᠤ ᠨᠠᠷᠢᠯᠢᠭ ᠣᠨᠣᠴᠠᠲᠠᠶ ᠰᠠᠭᠤᠷᠢ ᠮᠡᠳᠡᠭᠡ ᠵᠠᠩᠭᠢ ᠬᠠᠩᠭᠠᠵᠤ᠂ ᠦᠷ᠎ᠡ ᠳ᠋ᠦᠩ ᠤᠨ ᠬᠡᠷᠡᠭᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ ᠂ 2025 ᠣᠨ ᠤ 1 ᠳ᠋ᠦ᠋ᠭᠡᠷ ᠰᠠᠷ᠎ᠠ ᠶᠢᠨ 13 ᠤ ᠡᠳᠦᠷ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ 2024 ᠣᠨ ᠳᠠᠬᠢ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠭᠰᠡᠨ ᠮᠡᠳᠡᠭᠦᠯᠦᠯᠲᠡ ᠶᠢᠨ ᠲᠠᠶᠢᠯᠤᠮᠵᠢ ᠶᠢᠨ ᠬᠤᠷᠠᠯ ᠬᠤᠷᠠᠯᠳᠤᠭᠤᠯᠪᠠ᠃         ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠳᠠᠷᠤᠭ᠎ᠠ ᠵᠢᠶᠠ ᠯᠢ ᠮᠢᠨ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠲᠥᠪ ᠤᠨ ᠲᠤᠰᠬᠠᠶ ᠮᠡᠷᠭᠡᠵᠢᠯᠲᠡᠨ ᠱᠢ ᠶᠠᠨ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠲᠠᠰᠤᠭ ᠂ ᠰᠤᠷᠭᠠᠭᠤᠯᠢ ᠶᠢᠨ ᠵᠠᠬᠢᠷᠤᠯ ᠵᠢᠴᠢ ᠠᠵᠢᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠶᠡᠷᠦᠩᠬᠡᠶ ᠵᠠᠬᠢᠷᠤᠭᠴᠢ ᠾᠧᠦ ᠳ᠋ᠧ ᠴᠢᠩ ᠬᠤᠷᠠᠯ ᠡᠷᠭᠢᠯᠡᠪᠡ᠃
图片1(1).png
        ᠬᠤᠷᠠᠯ ᠳᠡᠭᠡᠷ᠎ᠡ᠂ ᠭᠦᠸᠧ ᠵᠢᠶᠧ᠂ ᠱᠧ ᠮᠧᠶ ᠯᠢᠶᠠᠨ᠂ ᠵᠢᠶᠠᠩ ᠶᠠᠨ ᠨᠠᠨ᠂ ᠵᠣᠣ ᠪᠦᠦ ᠶᠢᠩ ᠵᠡᠷᠭᠡ ᠬᠡᠳᠦᠨ ᠪᠠᠭᠰᠢ ᠲᠣᠰ ᠲᠣᠰ 2024 ᠣᠨ ᠳᠠᠬᠢ ᠰᠢᠭᠤᠶᠢᠲᠤ ᠲᠣᠭᠤᠷᠢᠭ ᠤᠨ ᠠᠯᠪᠠᠨ ᠵᠢᠷᠤᠮ  ᠤᠨ ᠰᠤᠷᠭᠠᠨ ᠬᠥᠮᠦᠵᠢᠯ ᠤᠨ ᠱᠠᠲᠤᠨ ᠤ ᠶᠠᠰᠤ ᠴᠢᠨᠠᠷ ᠢ ᠬᠢᠨᠠᠨ ᠬᠡᠮᠵᠢᠭᠰᠡᠨ ᠶᠡᠷᠦᠩᠬᠡᠶᠢᠯᠡᠭᠰᠡᠨ ᠬᠢᠨᠠᠨ ᠬᠡᠮᠵᠢᠭᠰᠡᠨ ᠮᠡᠳᠡᠭᠦᠯᠦᠯᠲᠡ᠂ ᠲᠣᠭᠠᠨ ᠤ ᠤᠬᠠᠭᠠᠨ ᠤ ᠶᠠᠰᠤ ᠴᠢᠨᠠᠷ ᠢ ᠬᠢᠨᠠᠨ ᠬᠡᠮᠵᠢᠭᠰᠡᠨ ᠮᠡᠳᠡᠭᠦᠯᠦᠯᠲᠡ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢ ᠬᠢᠨᠠᠨ ᠬᠡᠮᠵᠢᠭᠰᠡᠨ ᠮᠡᠳᠡᠭᠦᠯᠦᠯᠲᠡ ᠪᠠ ᠰᠡᠳᠬᠢᠴᠡ  ᠶᠢᠨ ᠡᠷᠡᠭᠦᠯ ᠮᠡᠨᠳᠦ  ᠶᠢ ᠬᠢᠨᠠᠨ ᠬᠡᠮᠵᠢᠭᠰᠡᠨ ᠮᠡᠳᠡᠭᠦᠯᠦᠯᠲᠡ ᠳᠤ ᠭᠦᠨᠵᠡᠭᠡᠶ ᠵᠠᠳᠠᠯᠤᠯᠲᠠ ᠬᠢᠪᠠ᠃ ᠮᠡᠳᠡᠭᠦᠯᠦᠯᠲᠡ  ᠳᠤ ᠲᠠᠶᠢᠯᠤᠮᠵᠢ ᠬᠢᠭᠴᠢ ᠠᠴᠠ ᠬᠠᠷᠢᠴᠠᠭᠤᠯᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠷ ᠳᠠᠮᠵᠢᠭᠤᠯᠤᠨ᠂ ᠰᠢᠭᠤᠶᠢᠲᠤ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠲᠣᠭᠠᠨ ᠤ ᠤᠬᠠᠭᠠᠨ᠂ ᠰᠡᠳᠬᠢᠴᠡ ᠂ ᠪᠡᠶ᠎ᠡ ᠶᠢᠨ ᠲᠠᠮᠢᠷ ᠤᠨ ᠬᠢᠨᠠᠨ ᠬᠡᠮᠵᠢᠭᠰᠡᠨ ᠦᠷ᠎ᠡ ᠳ᠋ᠦᠩ ᠤᠨ ᠲᠤᠭ᠎ᠠ ᠪᠠᠷᠢᠮᠲᠠ ᠳᠤ ᠢᠯᠡᠷᠡᠭᠰᠡᠨ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠭᠤᠤᠯ ᠠᠰᠠᠭᠤᠳᠠᠯ ᠢ ᠣᠯᠠᠨ ᠲᠠᠯ᠎ᠠ ᠠᠴᠠ ᠵᠠᠳᠠᠯᠬᠤ ᠶᠢᠨ ᠬᠠᠮᠲᠤ ᠲᠣᠬᠢᠷᠠᠮᠵᠢᠲᠠᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠣᠷᠣᠨ ᠲᠣᠭᠤᠷᠢᠭ ᠂ ᠰᠤᠷᠭᠠᠭᠤᠯᠢ ᠶᠢᠨ ᠦᠷ᠎ᠡ ᠳ᠋ᠦᠩ ᠤᠨ ᠬᠡᠷᠡᠭᠯᠡᠯᠲᠡ ᠶᠢ ᠨᠠᠩ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠢᠯᠣᠭᠤᠳᠬᠤ ᠰᠠᠨᠠᠯ ᠬᠠᠩᠭᠠᠭᠰᠠᠨ ᠪᠠᠶᠢᠨ᠎ᠠ᠃
图片1(2).png
        ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠲᠥᠪ  ᠤᠨ ᠲᠤᠰᠬᠠᠶ ᠮᠡᠷᠭᠡᠵᠢᠯᠲᠡᠨ ᠱᠢ ᠶᠠᠨ ᠬᠢᠨᠠᠨ ᠬᠡᠮᠵᠢᠯᠲᠡ ᠶᠢᠨ ᠮᠡᠳᠡᠭᠦᠯᠦᠯᠲᠡ ᠶᠢᠨ ᠲᠠᠶᠢᠯᠤᠮᠵᠢ ᠪᠠ ᠦᠷ᠎ᠡ ᠳ᠋ᠦᠩ ᠤᠨ ᠬᠡᠷᠡᠭᠯᠡᠯᠲᠡ ᠶᠢᠨ ᠲᠠᠯ᠎ᠠ ᠪᠠᠷ ᠵᠢᠯᠣᠭᠤᠳᠬᠤ ᠴᠢᠨᠠᠷᠲᠠᠶ ᠰᠠᠨᠠᠭᠤᠯᠭ᠎ᠠ ᠳᠤᠷᠠᠳᠪᠠ ᠃ ᠲᠡᠷᠡ᠂ ︽ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠳᠤ ᠵᠥᠪ ᠣᠨᠣᠪᠴᠢᠲᠠᠶ ᠣᠶᠢᠯᠠᠭᠠᠯᠲᠠ ᠪᠠ ᠲᠠᠨᠢᠯᠲᠠ ᠲᠠᠢ ᠪᠠᠶᠢᠵᠤ᠂ ᠬᠢᠨᠠᠨ ᠬᠡᠮᠵᠢᠯᠲᠡ ᠶᠢᠨ ᠦᠷ᠎ᠡ ᠳ᠋ᠦᠩ  ᠤᠨ ᠬᠡᠷᠡᠭᠯᠡᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠶᠢᠲᠤᠷ ᠠᠳᠬᠤᠵᠤ᠂ ᠬᠢᠯᠠᠰ ᠴᠡᠭ ᠢ ᠪᠣᠶ ᠪᠣᠯᠭᠠᠵᠤ᠂ ᠳᠤᠲᠠᠭᠤᠳᠠᠯ ᠢᠶᠠᠨ ᠠᠯᠢ ᠲᠦᠷᠭᠡᠨ  ᠢᠶᠠᠷ ᠨᠥᠬᠦᠪᠥᠷᠢᠯᠡᠬᠦ ᠬᠡᠷᠡᠭᠲᠡᠶ︔ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠰᠠᠶᠢᠲᠤᠷ ᠠᠳᠬᠤᠬᠤ ᠬᠡᠷᠡᠭᠲᠡᠶ︔ ᠦᠷ᠎ᠡ ᠳ᠋ᠦᠩ ᠤᠨ ᠬᠡᠷᠡᠭᠯᠡᠯᠲᠡ  ᠶᠢᠨ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠴᠢᠬᠤᠯᠠᠴᠢᠯᠠᠬᠤ ᠶᠢᠨ ᠬᠠᠮᠲᠤ ᠲᠣᠬᠢᠷᠠᠮᠵᠢᠲᠠᠢ ᠬᠡᠷᠡᠭ  ᠤᠨ ᠵᠢᠱᠢᠶ᠎ᠡ ᠶᠢᠨ ᠰᠤᠳᠤᠯᠭᠠᠨ ᠤ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠶ ︾ ᠭᠡᠵᠦ ᠴᠢᠬᠤᠯᠠᠴᠢᠯᠠᠪᠠ᠃        ᠬᠤᠷᠠᠯ ᠠᠴᠠ᠂ ︽ᠬᠢᠨᠠᠨ ᠬᠡᠮᠵᠢᠭᠰᠡᠨ ᠮᠡᠳᠡᠭᠦᠯᠦᠯᠲᠡ ᠶᠢᠨ ᠲᠤᠭ᠎ᠠ ᠪᠠᠷᠢᠮᠲᠠ  ᠨᠢ ᠣᠶᠤᠨᠲᠤ ᠡᠭᠦᠳᠡ ᠶᠢ ᠨᠡᠭᠡᠭᠡᠭᠰᠡᠨ ᠲᠦᠯᠬᠢᠭᠦᠷ ᠯᠦᠭᠡ ᠠᠳᠠᠯᠢ᠂ ᠲᠤᠭ᠎ᠠ ᠪᠠᠷᠢᠮᠲᠠ ᠶᠢᠨ ᠰᠡᠳᠬᠢᠬᠦᠶ ᠶᠢ ᠡᠵᠡᠮᠰᠢᠵᠦ᠂ ᠲᠤᠭ᠎ᠠ ᠪᠠᠷᠢᠮᠲᠠ ᠶᠢ ᠬᠡᠷᠡᠭᠯᠡᠨ ᠣᠨᠣᠰᠢᠯᠠᠬᠤ ᠪᠠ ᠰᠢᠢᠳᠪᠦᠷᠢ ᠲᠣᠭᠲᠠᠭᠠᠮᠠᠨᠵᠢᠨ ᠰᠠᠶ᠋ᠢ ᠵᠢᠩᠬᠢᠨᠢ ᠰᠠᠶᠢᠵᠢᠷᠠᠭᠤᠯᠤᠯᠲᠠ ᠶᠢ ᠪᠡᠶᠡᠯᠡᠭᠦᠯᠵᠦ ᠴᠢᠳᠠᠨ᠎ᠠ᠃ ᠡᠯ᠎ᠡ ᠰᠤᠷᠭᠠᠭᠤᠯᠢ ᠨᠤᠭᠤᠳ ᠬᠢᠨᠠᠨ ᠬᠡᠮᠵᠢᠭᠰᠡᠨ ᠦᠷ᠎ᠡ ᠳ᠋ᠦᠩ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠯᠠᠪᠯᠠᠯᠲᠠ ᠪᠣᠯᠭᠠᠬᠤ ᠬᠡᠷᠡᠭᠲᠡᠶ᠃ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠴᠢᠨᠠᠷ ᠰᠠᠶᠢᠲᠠᠶ ᠡᠬᠢ ᠪᠠᠶᠠᠯᠢᠭ ᠢ ᠰᠤᠷᠭᠠᠭᠤᠯᠢ ᠨᠢᠭᠡ ᠪᠦᠷᠢ ᠳᠤ ᠬᠦᠷᠲᠡᠭᠡᠵᠦ᠂ ᠬᠤᠲᠠ ᠬᠥᠳᠡᠭᠡ᠂ ᠣᠷᠣᠨ ᠲᠣᠭᠤᠷᠢᠭ ᠂ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠪᠠᠭᠠᠰᠬᠠᠨ᠂ 2025 ᠣᠨ ᠳᠠᠬᠢ ᠰᠢᠭᠤᠶᠢᠲᠤ ᠲᠣᠭᠤᠷᠢᠭ ᠤᠨ ᠴᠢᠨᠠᠷ ᠰᠠᠶᠢᠲᠠᠶ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠤᠨ ᠰᠢᠯᠭᠠᠨ ᠠᠪᠤᠯᠲᠠ ᠶᠢ ᠤᠷᠤᠭᠰᠢᠲᠠᠶ ᠥᠩᠭᠡᠷᠡᠭᠡᠬᠦ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃        ᠬᠤᠷᠠᠯ  ᠠᠴᠠ ᠂ ᠡᠯ᠎ᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ  ᠨᠤᠭᠤᠳ ᠲᠣᠰ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠢᠨᠠᠨ ᠬᠡᠮᠵᠢᠭᠰᠡᠨ ᠦᠷ᠎ᠡ ᠳ᠋ᠦᠩ  ᠤᠨ ᠬᠡᠷᠡᠭᠯᠡᠯᠲᠡ ᠶᠢ ᠰᠤᠷᠭᠠᠨ ᠬᠥᠮᠦᠵᠢᠯ ᠂ ᠵᠢᠭᠠᠨ ᠰᠤᠷᠭᠠᠯᠲᠠ ᠶᠢ ᠳᠡᠭᠡᠭᠰᠢᠯᠡᠭᠦᠯᠬᠦ ᠶᠢᠨ ᠴᠢᠬᠤᠯᠠ ᠡᠭᠦᠷᠭᠡ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠰᠤᠷᠭᠠᠭᠤᠯᠢ ᠶᠢᠨ ᠳᠡᠰ ᠤᠨ ᠮᠡᠳᠡᠭᠦᠯᠦᠯᠲᠡ ᠶᠢᠨ ᠲᠠᠶᠢᠯᠤᠮᠵᠢ ᠶᠢᠨ ᠬᠤᠷᠠᠯ ᠬᠤᠷᠠᠯᠳᠤᠭᠤᠯᠵᠤ᠂ ᠬᠠᠮᠢᠶ᠎ᠠ ᠪᠥᠬᠦᠶ ᠠᠵᠢᠯ ᠢ ᠣᠨ ᠤ ᠶᠡᠷᠦᠩᠬᠡᠶᠢᠯᠡᠭᠰᠡᠨ ᠬᠢᠨᠠᠨ ᠵᠢᠯᠣᠭᠤᠳᠴᠤ ᠦᠨᠡᠯᠡᠨ ᠵᠢᠱᠢᠬᠦ ᠲᠣᠭᠲᠠᠯᠴᠠᠭ᠎ᠠ ᠪᠠ ᠰᠤᠷᠭᠠᠭᠤᠯᠢ ᠶᠢᠨ ᠣᠨ ᠤ ᠵᠢᠭᠠᠨ ᠰᠤᠷᠭᠠᠯᠲᠠ ᠶᠢᠨ ᠲᠥᠯᠥᠪᠯᠡᠭᠡ ᠳᠤ ᠣᠷᠣᠭᠤᠯᠵᠤ᠂ ᠬᠠᠮᠢᠶ᠎ᠠ ᠪᠥᠬᠦᠶ ᠠᠵᠢᠯ ᠢ ᠪᠦᠲᠦᠮᠵᠢᠲᠡᠶ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠵᠤ᠂ ᠪᠠᠭᠰᠢ ᠶᠢᠨ ᠡᠩᠨᠡᠭᠡᠨ ᠤ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠤᠯᠠᠮ ᠨᠢᠭᠡ ᠱᠠᠭᠠᠷᠳᠠᠪᠠ ᠃        ᠰᠢᠭᠤᠶᠢᠲᠤ ᠲᠣᠭᠤᠷᠢᠭ ᠨᠢ ᠬᠢᠨᠠᠨ ᠬᠡᠮᠵᠢᠭᠰᠡᠨ ᠦᠷ᠎ᠡ ᠳ᠋ᠦᠩ  ᠤᠨ ᠬᠡᠷᠡᠭᠯᠡᠯᠲᠡ ᠪᠠᠷ ᠪᠥᠬᠦ ᠲᠤᠭᠤᠷᠢᠭ  ᠤᠨ ᠵᠢᠭᠠᠨ ᠰᠤᠷᠭᠠᠯᠲᠠ  ᠶᠢᠨ ᠠᠵᠢᠯ  ᠤᠨ ᠬᠢᠷᠢ ᠲᠦᠪᠰᠢᠨ  ᠢ ᠰᠠᠶᠢᠵᠢᠷᠠᠭᠤᠯᠤᠨ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠢᠳᠡᠪᠬᠢᠲᠡᠶ ᠨᠠᠶᠢᠳᠠᠪᠤᠷᠢᠵᠢᠭᠤᠯᠤᠨ᠂ ᠬᠡᠤᠬᠡᠳ ᠤᠨ ᠡᠷᠡᠭᠦᠯ  ᠢᠶᠠᠷ ᠦᠰᠦᠨ ᠪᠤᠶᠢᠵᠢᠬᠤ ᠪᠠ ᠪᠥᠬᠦ ᠲᠠᠯ᠎ᠠ ᠪᠠᠷ ᠬᠥᠭᠵᠢᠬᠦ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠵᠦ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠪᠣᠢ ︕ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号