︽2024 ᠣᠨ ᠳᠤ᠂ ᠪᠢᠳᠡ ᠬᠠᠮᠲᠤ ᠪᠠᠷ ᠬᠠᠪᠤᠷ ᠵᠤᠨ ᠨᠠᠮᠤᠷ ᠡᠪᠦᠯ ᠢ ᠲᠤᠭᠤᠯᠵᠤ᠂ ᠰᠠᠯᠬᠢ ᠪᠣᠷᠣᠭᠠᠨ | ᠥᠩᠭᠡᠲᠦ ᠰᠣᠯᠣᠩᠭ᠎ᠠ ᠶᠢ ᠦᠩᠭᠡᠷᠡᠭᠦᠯᠵᠡᠢ᠂ ᠲᠡᠷᠡ ᠬᠦ ᠭᠱᠠᠨ ᠵᠠᠭᠤᠷ᠎ᠠ ᠡᠨᠡ ᠬᠦ ᠶᠡᠷᠦ ᠪᠤᠰᠤ ᠶᠢᠨ ᠨᠢᠭᠡ ᠵᠢᠯ ᠳᠤ | ᠲᠣᠭᠲᠠᠵᠤ ᠬᠥᠮᠦᠰ ᠤᠨ ᠰᠡᠳᠬᠢᠯ ᠢ ᠳᠣᠭᠳᠣᠯᠤᠭᠤᠯᠵᠤ᠂ ᠮᠠᠷᠲᠠᠭᠳᠠᠭᠤᠯᠤᠰᠢ ᠦᠭᠡᠢ︾᠃ | ᠵᠡᠭᠦᠳᠦ ᠬᠤᠯᠠ ᠪᠣᠯᠪᠠᠴᠤ ᠬᠥᠭᠡᠭᠡᠴᠡᠯᠳᠦᠪᠡᠯ ᠬᠦᠷᠦᠨ᠎ᠡ᠂ ᠬᠦᠰᠡᠯ ᠬᠦᠴᠢᠷ ᠪᠣᠯᠪᠠᠴᠤ ᠪᠠᠷᠢᠮᠲᠠᠯᠠᠪᠠᠯ | ᠪᠡᠶᠡᠯᠡᠭᠳᠡᠨ᠎ᠡ᠃ | ᠰᠢᠨ᠎ᠡ ᠵᠢᠯ ᠠᠴᠠ ᠡᠮᠦᠨᠡᠬᠡᠨ᠂ ᠲᠡᠷᠢᠭᠦᠯᠡᠭᠴᠢ ᠰᠢ ᠶᠢᠨ ᠫᠢᠩ 2025 ᠣᠨ ᠤ ᠰᠢᠨ᠎ᠡ ᠵᠢᠯ ᠤᠨ | ᠪᠠᠶᠠᠷ ᠤᠨ ᠦᠭᠡ ᠨᠡᠶᠢᠲᠡᠯᠡᠵᠦ᠂ ᠶᠡᠷᠦ ᠪᠤᠰᠤ ᠶᠢᠨ ᠨᠢᠭᠡ ᠵᠢᠯ ᠢ ᠬᠦᠦᠷᠨᠢᠵᠦ᠂ ᠲᠡᠮᠡᠴᠡᠭᠰᠡᠳ ᠢ ᠲᠤᠯᠠᠭᠠᠯᠠᠵᠤ᠂ | ᠬᠦᠰᠡᠯ ᠵᠡᠭᠦᠳᠦ ᠪᠠᠨ ᠬᠥᠭᠡᠭᠡᠴᠡᠯᠳᠦᠭᠰᠡᠳ ᠢ ᠵᠣᠷᠢᠭᠵᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ | ᠲᠦᠮᠡᠨ ᠤ ᠳᠤᠮᠳᠠ ᠴᠢᠩᠭ᠎ᠠ ᠲᠤᠰᠬᠠᠯ ᠭᠠᠷᠭᠠᠪᠠ᠃ | | ᠰᠢᠨ᠎ᠡ ᠵᠢᠯ ᠢ ᠪᠠᠷᠠᠯᠠᠬᠤᠶ᠎ᠠ᠂ ᠪᠢᠳᠡ ᠢᠲᠡᠭᠡᠯ ᠳᠦᠭᠦᠷᠡᠩ ᠪᠠᠶᠢᠨ᠎ᠠ | ︽ᠲᠡᠷᠢᠭᠦᠯᠡᠭᠴᠢ ᠰᠢ ᠶᠢᠨ ᠫᠢᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠰᠡᠳᠬᠢᠯ | ᠵᠢᠷᠦᠬᠡ ᠪᠠᠨ ᠬᠤᠯᠪᠣᠵᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠠᠷᠠᠳ ᠲᠦᠮᠡᠨ ᠲᠠᠢ ᠰᠡᠳᠬᠢᠯ | ᠵᠢᠷᠦᠬᠡ ᠪᠠᠨ ᠬᠤᠯᠪᠣᠪᠠ᠂ ᠪᠢ ᠮᠠᠰᠢ ᠣᠮᠣᠭᠰᠢᠵᠤ ᠪᠠᠶᠢᠨ᠎ᠠ︾ ᠭᠡᠵᠦ ᠯᠢᠶᠣᠤᠨᠢᠩ ᠮᠤᠵᠢ ᠶᠢᠨ ᠳ᠋ᠠᠨᠳᠦ᠋ᠩ ᠤᠨ | ᠬᠤᠳᠠ ᠶᠢᠨ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ᠶᠢᠨ ᠱᠦᠵᠢ ᠰᠢᠤᠢ ᠴᠤᠸᠠᠨ | ᠲᠤᠤ ᠬᠡᠯᠡᠵᠦ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ 5 ᠵᠢᠯ ᠤᠨ ᠰᠢᠯᠵᠢᠯᠲᠡ ᠶᠢᠨ ᠬᠤᠭᠤᠴᠠᠭᠠᠨ ᠤ ᠬᠠᠮᠤᠭ ᠰᠡᠭᠦᠯᠴᠢ ᠶᠢᠨ ᠨᠢᠭᠡ ᠵᠢᠯ ᠪᠣᠯᠤᠨ᠎ᠠ᠂ | ᠮᠥᠨᠴᠦ ᠵᠠᠩᠭᠢᠯᠠᠭ᠎ᠠ ᠶᠢᠨ ᠵᠢᠯ ᠪᠣᠯᠤᠨ᠎ᠠ᠂ ᠯᠢᠶᠣᠤᠨᠢᠩ ᠮᠤᠵᠢ ᠶᠢᠨ ᠴᠤᠷ ᠤᠨ ᠭᠠᠭᠴᠠ ᠬᠢᠯᠢ ᠶᠢᠨ ᠬᠤᠳᠠ ᠪᠣᠯᠤᠨ | ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠡᠮᠦᠨ᠎ᠡ ᠹᠷᠣᠨᠲ | ᠪᠣᠯᠤᠭᠰᠠᠨ ᠤ ᠬᠤᠪᠢ ᠳᠤ᠂ ᠪᠢᠳᠡ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠠᠭᠤᠷᠢ ᠶᠢ ᠪᠠᠲᠤᠳᠬᠠᠨ ᠬᠢᠯᠢ ᠶᠢ ᠪᠠᠬᠢᠵᠢᠭᠦᠯᠬᠦ᠂ | ᠠᠷᠠᠳ ᠤᠨ ᠠᠮᠢᠳᠤᠷᠠᠯ ᠤᠨ ᠠᠮᠤᠭᠤᠯᠠᠩ ᠢᠶᠠᠷ ᠬᠢᠯᠢ ᠬᠢᠵᠠᠭᠠᠷ ᠢ ᠬᠥᠭᠵᠢᠭᠦᠯᠬᠦ᠂ ᠠᠵᠤ ᠦᠢᠯᠡᠰ ᠢᠶᠠᠷ ᠬᠢᠯᠢ | ᠬᠢᠵᠠᠭᠠᠷ ᠢ ᠬᠥᠭᠵᠢᠭᠦᠯᠬᠦ᠂ ᠬᠢᠯᠢ ᠬᠢᠵᠠᠭᠠᠷ ᠢ ᠴᠢᠯᠦᠭᠡᠲᠡᠢ ᠬᠥᠭᠵᠢᠭᠦᠯᠬᠦ᠂ ᠠᠮᠢ ᠠᠬᠤᠢ ᠪᠠᠷ ᠬᠢᠯᠢ ᠬᠢᠵᠠᠭᠠᠷ ᠢ | ᠬᠠᠮᠠᠭᠠᠯᠠᠬᠤ᠂ ᠪᠦᠯᠬᠦᠮᠳᠡᠨ ᠬᠢᠯᠢ ᠬᠢᠵᠠᠭᠠᠷ ᠢ ᠲᠣᠭᠲᠠᠪᠤᠷᠢᠵᠢᠭᠤᠯᠬᠤ ︽ᠵᠢᠷᠭᠤᠭᠠᠨ ᠶᠡᠭᠡ ᠢᠨᠵᠧᠨᠧᠷᠢᠩ︾ ᠢ | ᠶᠡᠬᠡᠪᠡᠷ ᠥᠷᠨᠢᠭᠦᠯᠵᠦ᠂ ᠬᠢᠯᠢ ᠶᠢᠨ ᠠᠷᠠᠳ ᠪᠠᠶᠠᠨ ᠴᠢᠨᠡᠭᠡᠯᠢᠭ᠂ ᠬᠢᠯᠢ ᠬᠢᠵᠠᠭᠠᠷ ᠦᠵᠡᠰᠬᠦᠯᠡᠩᠲᠦ ᠰᠠᠶᠢᠬᠠᠨ᠂ ᠬᠢᠯᠢ | ᠬᠢᠵᠠᠭᠠᠷ ᠲᠣᠭᠲᠠᠭᠤᠨ᠂ ᠬᠢᠯᠢ ᠶᠢᠨ ᠬᠠᠮᠠᠭᠠᠯᠠᠯᠲᠠ ᠶᠢᠨ ᠴᠤ᠋ ᠰᠢᠨ᠎ᠡ ᠬᠠᠭᠤᠳᠠᠰᠤ ᠶᠢ ᠴᠣᠭᠴᠠᠯᠠᠨ᠎ᠠ ᠭᠡᠪᠡ᠃ | ︽ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠨᠢ ᠶᠠᠭ ᠨᠢᠭᠡᠨ ᠭᠡᠷᠡᠯᠲᠦ ᠳ᠋ᠧᠩ | ᠮᠡᠲᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠤᠷᠤᠭᠰᠢᠯᠠᠬᠤ ᠴᠢᠭᠯᠡᠯ ᠢ ᠭᠡᠷᠡᠯᠲᠦᠭᠦᠯᠪᠡ᠃ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠵᠠᠮ ᠨᠡᠭᠡᠭᠡᠨ | ᠤᠷᠤᠭᠰᠢᠯᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠪᠡᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠤᠨ᠎ᠠ ᠭᠡᠳᠡᠭ ᠢ ᠪᠢ ᠪᠠᠲᠤ ᠢᠲᠡᠭᠡᠵᠦ ᠪᠠᠶᠢᠨ᠎ᠠ︾ ᠭᠡᠵᠦ ᠬᠥᠬᠡᠨᠠᠭᠤᠷ ᠮᠤᠵᠢ ᠶᠢᠨ ᠮᠡᠩ ᠶᠠ ᠬᠤᠲᠠ ᠶᠢᠨ | ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠳᠠ ᠶᠢᠨ ᠦᠨᠳᠦᠰᠦᠲᠡᠨ ᠱᠠᠰᠢᠨ | ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ᠶᠢᠨ ᠳᠠᠷᠤᠭ᠎ᠠ ᠵᠧᠩ ᠹᠠ ᠴᠢᠩ ᠢᠯᠡᠳᠭᠡᠪᠡ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠰᠣᠶᠣᠯ ᠤᠬᠠᠭᠤᠯᠭ᠎ᠠ ᠶᠢᠨ ᠭᠠᠵᠠᠷ ᠤᠨ ᠳᠠᠷᠤᠭ᠎ᠠ ᠯᠢ ᠶᠠᠨ᠄ ︽ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ | ᠪᠠᠶᠠᠷ ᠤᠨ ᠦᠭᠡ ᠨᠢ ᠬᠠᠯᠠᠭᠤᠨ ᠳᠤᠯᠠᠭᠠᠨ ᠪᠥᠭᠡᠳ ᠬᠦᠴᠦᠨ ᠲᠠᠢ ᠶᠤᠮ᠃ ᠥᠩᠭᠡᠷᠡᠭᠰᠡᠨ ᠨᠢᠭᠡ ᠵᠢᠯ ᠳᠤ᠂ ᠪᠢᠳᠡ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ | ᠭᠤᠣᠯ ᠰᠢᠵᠢᠮ ᠪᠣᠯᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠵᠢᠳᠬᠦᠯ ᠴᠢᠷᠮᠠᠶᠢᠯᠭ᠎ᠠ | ᠭᠠᠷᠭᠠᠵᠤ ᠪᠠᠶᠢᠭᠠᠳ ᠤᠶᠤᠨ ᠰᠠᠨᠠᠭᠠᠨ ᠤ ᠰᠠᠭᠤᠷᠢ ᠶᠢ ᠵᠢᠷᠤᠭᠯᠠᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠰᠡᠳᠬᠢᠯ ᠬᠥᠳᠡᠯᠭᠡᠮ᠎ᠡ ᠬᠥᠭᠵᠢᠮ ᠢ ᠪᠢᠴᠢᠭᠯᠡᠪᠡ᠃ ᠰᠢᠨ᠎ᠡ ᠴᠠᠭ ᠦᠶ᠎ᠡ ᠶᠢᠨ ᠰᠢᠨ᠎ᠡ | ᠥᠷᠢᠰᠥᠯᠳᠦᠭᠡᠨ ᠤ ᠡᠮᠦᠨ᠎ᠡ᠂ ᠪᠢᠳᠡ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠥᠪᠥᠷ | ᠮᠣᠩᠭᠤᠯ ᠤᠨ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠳᠤ | ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ︾ ᠭᠡᠪᠡ᠃ | ︽ᠲᠡᠷᠢᠭᠦᠯᠡᠭᠴᠢ ᠰᠢ ᠶᠢᠨ ᠫᠢᠩ ᠨᠢᠭᠡ ᠵᠢᠯ ᠤᠨ ᠲᠤᠷᠰᠢᠬᠢ ᠪᠥᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠬᠦ ᠶᠢ ᠳᠡᠭᠡᠳᠦ ᠬᠡᠮᠵᠢᠶ᠎ᠡ ᠪᠠᠷ | ᠨᠤᠲᠠᠯᠠᠵᠤ ᠵᠣᠷᠢᠭᠵᠢᠭᠤᠯᠪᠠ᠂ ᠮᠠᠨ ᠤ ᠰᠤᠷᠭᠠᠭᠤᠯᠢ ᠶᠢᠨ 2024 ᠣᠨ ᠳᠤ ᠭᠥᠷᠳᠡᠭᠰᠡᠨ ︿ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ﹀ ᠭᠡᠬᠦ ᠢᠷᠠᠭᠤ ᠠᠯᠳᠠᠷ ᠢ ᠨᠠᠩ ᠶᠡᠭᠡ | ᠠᠴᠢ ᠬᠤᠯᠪᠣᠭᠳᠠᠯ ᠲᠠᠢ ᠪᠣᠯᠭᠠᠪᠠ︾ ᠭᠡᠵᠦ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ | ᠣᠷᠣᠨ ᠤ ᠨᠠᠨᠨᠢᠩ ᠬᠤᠲᠠ ᠶᠢᠨ ᠰᠢᠨ᠎ᠡ ᠪᠠᠷ ᠮᠠᠨᠳᠤᠭᠰᠠᠨ ᠦᠨᠳᠦᠰᠦᠲᠡᠨ ᠤ ᠰᠤᠷᠭᠠᠭᠤᠯᠢ ᠶᠢᠨ ᠨᠠᠮ ᠤᠨ ᠡᠭᠦᠷ ᠤᠨ | ᠱᠦᠵᠢ᠂ ᠰᠤᠷᠭᠠᠭᠤᠯᠢ ᠶᠢᠨ ᠵᠠᠬᠢᠷᠤᠯ ᠦ᠋ ᠬᠤᠩ ᠯᠢ ᠢᠯᠡᠷᠬᠡᠶᠢᠯᠡᠵᠦ᠂ ᠰᠤᠷᠭᠠᠭᠤᠯᠢ ᠨᠢ ᠦᠷᠭᠦᠯᠵᠢᠯᠡᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ | ᠪᠣᠯᠭᠠᠵᠤ᠂ ᠵᠠᠯᠠᠭᠤᠴᠤᠳ ᠪᠠᠭᠠᠴᠤᠳ ᠤᠨ ᠲᠦᠷᠦᠭᠦᠤ ᠬᠤᠭᠤᠴᠠᠭ᠎ᠠ ᠶᠢ ᠪᠠᠲᠤ ᠡᠵᠡᠮᠳᠡᠵᠦ᠂ ᠦᠨᠳᠦᠰᠦᠲᠡᠨ ᠤ | ᠪᠦᠯᠬᠦᠮᠳᠡᠯ ᠤᠨ ᠬᠥᠮᠦᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠥᠬᠦ ᠶᠠᠪᠤᠴᠠ ᠳᠤ ᠠᠭᠤᠰᠬᠠᠵᠤ᠂ | ᠬᠡᠦᠬᠡᠳ ᠤᠨ ᠰᠡᠳᠬᠢᠯ ᠳᠤ ᠦᠨᠳᠦᠰᠦᠲᠡᠨ ᠤ ᠪᠦᠯᠬᠦᠮᠳᠡᠯ ᠤᠨ ᠠᠯᠲᠠᠨ ᠦᠷ᠎ᠡ ᠶᠢ ᠳᠠᠷᠢᠵᠤ᠂ ᠬᠥᠮᠦᠨ ᠤ | ᠠᠮᠢᠳᠤᠷᠠᠯ ᠤᠨ ᠠᠩᠬᠠᠨ ᠤ ︽ᠲᠣᠪᠴᠢ︾ ᠶᠢ ᠰᠠᠶᠢᠲᠤᠷ ᠲᠣᠪᠴᠢᠯᠠᠨ᠎ᠠ ᠭᠡᠪᠡ᠃ | ᠬᠦᠴᠦᠨ ᠢᠶᠠᠨ ᠨᠢᠭᠲᠠᠷᠠᠭᠤᠯᠵᠤ᠂ ᠪᠢᠳᠡ ᠲᠣᠮᠣ ᠠᠯᠬᠤᠮ ᠢᠶᠠᠷ ᠤᠷᠤᠭᠰᠢᠯᠠᠨ᠎ᠠ | ︽ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠨᠢ ᠬᠥᠮᠦᠰ ᠤᠨ ᠰᠡᠳᠬᠢᠯ ᠢ | ᠬᠥᠭᠵᠢᠭᠡᠵᠦ᠂ ᠬᠥᠮᠦᠰ ᠤᠨ ᠬᠦᠷᠢᠶᠡᠯᠡᠯ ᠢ ᠶᠡᠬᠡᠳᠡ ᠣᠯᠪᠠ︾ ᠭᠡᠵᠦ ᠲᠥᠪᠡᠳ ᠤᠨ ᠥᠪᠡᠷᠲᠡᠭᠡᠨ ᠵᠠᠰᠠᠬᠤ | ᠣᠷᠣᠨ ᠤ ᠠᠯᠢ ᠭᠠᠵᠠᠷ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ | ᠳᠡᠳ᠋ ᠳᠠᠷᠤᠭ᠎ᠠ ᠳ᠋ᠦᠸᠧ ᠪᠦ᠋ ᠯᠠ ᠬᠡᠯᠡᠵᠦ᠂ 2025 ᠣᠨ ᠳᠤ᠂ ᠲᠡᠳᠡ ᠠᠯᠢ ᠭᠠᠵᠠᠷ ᠣᠷᠣᠨ ᠤ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠵᠢᠱᠢᠶᠡᠴᠢ ᠣᠷᠣᠨ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠲᠥᠪᠯᠡᠷᠡᠭᠦᠯᠦᠨ | ᠪᠠᠬᠢᠵᠢᠭᠦᠯᠵᠦ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠳᠠ ᠦᠭᠡᠢ ᠰᠢᠨᠡᠴᠢᠯᠡᠵᠦ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ | ᠬᠠᠮᠲᠤ ᠶᠢᠨ ᠲᠠᠨᠢᠯᠲᠠ︾ ᠶᠢᠨ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ | ᠠᠯᠢ ᠭᠠᠵᠠᠷ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠴᠢᠷᠮᠠᠶᠢᠨ ᠠᠬᠢᠭᠤᠯᠤᠨ᠎ᠠ ᠭᠡᠪᠡ᠃ | | ︽︿ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠬᠠᠷᠢᠯᠴᠠᠨ ᠠᠭᠤᠰᠤᠯᠴᠠᠭᠤᠯᠵᠤ᠂ ᠵᠡᠷᠭᠡᠪᠡᠷ ᠬᠥᠭᠵᠢᠭᠦᠯᠦᠨ᠎ᠡ᠃ ᠪᠣᠬᠢᠷᠲᠤᠯ ᠥᠬᠡᠢ ᠳᠣᠣᠷ᠎ᠠ | ᠨᠡᠭᠦᠷᠡᠰᠦᠲᠥ᠋ᠷᠦᠭᠴᠢᠲᠦ ᠬᠥᠭᠵᠢᠯᠲᠡ ᠶᠢ ᠭᠦᠨᠵᠡᠭᠡᠢ ᠠᠬᠢᠭᠤᠯᠵᠤ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ | ᠵᠢᠷᠤᠭ ᠠᠭᠠᠵᠢᠮ ᠢᠶᠠᠷ ᠳᠡᠯᠭᠡᠭᠳᠡᠨ᠎ᠡ﹀ ᠲᠡᠷᠢᠭᠦᠯᠡᠭᠴᠢ ᠰᠢ ᠶᠢᠨ ᠫᠢᠩ ᠰᠢᠨ᠎ᠡ ᠵᠢᠯ ᠤᠨ ᠪᠠᠶᠠᠷ ᠤᠨ ᠦᠭᠡᠨ ᠳᠡᠭᠡᠨ | ᠰᠢᠨ᠎ᠡ ᠨᠢᠭᠡ ᠵᠢᠯ ᠳᠤ ᠣᠷᠭᠢᠯᠤᠮ᠎ᠠ ᠬᠠᠯᠠᠭᠤᠨ ᠲᠡᠮᠡᠴᠡᠯ ᠤᠨ ᠬᠥᠳᠡᠯᠭᠡᠬᠦ ᠬᠦᠴᠦᠨ ᠨᠡᠮᠡᠷᠢᠯᠡᠪᠡ︾ ᠭᠡᠵᠦ ᠭᠦᠢᠵᠸᠤ | ᠮᠤᠵᠢ ᠶᠢᠨ ᠪᠢ ᠵᠢᠶᠧ ᠬᠤᠲᠠ ᠶᠢᠨ ᠾᠧ ᠵᠠᠩ ᠰᠢᠶᠠᠨ ᠤ ᠬᠠᠢ ᠴᠢᠤᠸᠠᠢ ᠲᠣᠰᠬᠤᠨ ᠤ ᠨᠠᠮ ᠤᠨ ᠡᠭᠦᠷ ᠤᠨ ᠱᠦᠵᠢ | ᠸᠧᠨ ᠵᠧᠩ ᠶᠢᠦ ᠬᠡᠯᠡᠵᠦ᠂ ᠰᠢᠨ᠎ᠡ ᠨᠢᠭᠡ ᠵᠢᠯ ᠳᠤ᠂ ᠲᠣᠰᠬᠤᠨ ᠤ ᠬᠤᠶᠠᠷ ᠵᠥᠪᠯᠡᠯ ᠪᠦᠬᠦ ᠲᠣᠰᠬᠤᠨ ᠤ ᠠᠷᠠᠳ ᠢ | ᠳᠠᠭᠠᠭᠤᠯᠤᠨ ᠡᠷᠡᠮᠡᠬᠡᠶᠢᠯᠡᠨ ᠤᠷᠤᠭᠰᠢᠯᠠᠵᠤ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ | ᠳᠦᠷᠰᠦ ᠪᠠᠶᠢᠳᠠᠯ ᠢᠶᠠᠷ ᠪᠣᠳᠠᠲᠠᠢ ᠠᠵᠢᠯᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ | ᠬᠠᠭᠤᠳᠠᠰᠤ ᠶᠢ ᠵᠢᠷᠤᠭᠯᠠᠬᠤ ᠪᠠᠷ ᠴᠢᠷᠮᠠᠶᠢᠨ᠎ᠠ ᠭᠡᠪᠡ᠃ | ︽ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠨᠢ ᠶᠡᠷᠦ ᠪᠤᠰᠤ ᠶᠢᠨ ᠤᠳᠬ᠎ᠠ | ᠠᠭᠤᠯᠭ᠎ᠠ ᠲᠠᠢ 2024 ᠣᠨ ᠢ ᠡᠷᠭᠢᠴᠡᠭᠦᠯᠵᠦ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠢᠷᠡᠭᠡᠳᠦᠢ ᠶᠢ | ᠬᠠᠮᠲᠤ ᠪᠠᠷ ᠴᠣᠭᠴᠠᠯᠠᠬᠤ ᠴᠢᠩ ᠰᠡᠳᠬᠢᠯ ᠤᠨ ᠬᠦᠰᠡᠯ ᠡᠷᠡᠮᠡᠯᠵᠡᠯ ᠢ ᠳᠤᠷᠠᠳᠴᠤ᠂ ᠬᠥᠮᠦᠰ ᠤᠨ ᠰᠡᠳᠬᠢᠯ ᠳᠤ | ᠰᠢᠭᠤᠳ ᠬᠦᠷᠴᠦ᠂ ᠬᠥᠮᠦᠰ ᠤᠨ ᠤᠷᠮ᠎ᠠ ᠵᠣᠷᠢᠭ ᠢ ᠬᠥᠪᠴᠢᠯᠡᠪᠡ᠃ 2025 ᠣᠨ ᠳᠤ ᠳᠠᠬᠢᠨ ᠮᠣᠷᠳᠠᠵᠤ᠂ | ᠨᠢᠭᠡᠳᠦᠮᠡᠯ ᠹᠷᠣᠨᠲ ᠤᠨ ᠠᠵᠢᠯ ᠤᠨ ᠹᠷᠣᠨᠲ ᠳᠡᠭᠡᠷᠡᠬᠢ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠪᠢᠳᠡ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠭᠤᠣᠯ ᠰᠢᠵᠢᠮ ᠢ ᠪᠠᠲᠤ ᠴᠣᠭᠴᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ | ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠭᠡᠷ | ᠣᠷᠣᠨ ᠢᠶᠠᠨ ᠪᠦᠳᠦᠭᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭᠠᠨ ᠤ ᠠᠮᠢᠨ ᠰᠤᠳᠠᠰᠤ ᠶᠢ | ᠦᠷᠭᠦᠯᠵᠢᠯᠡᠭᠦᠯᠦᠨ᠎ᠡ︾ ᠭᠡᠵᠦ ᠶᠦᠨᠨᠠᠨ ᠮᠣᠵᠢ ᠶᠢᠨ ᠫᠦ ᠡᠯ ᠬᠤᠲᠠ ᠶᠢᠨ ᠯᠠᠨ ᠼᠠᠩ ᠯᠠ ᠬᠦ ᠦᠨᠳᠦᠰᠦᠲᠡᠨ ᠤ | ᠥᠪᠡᠷᠲᠡᠭᠡᠨ ᠵᠠᠰᠠᠬᠤ ᠰᠢᠶᠠᠨ ᠤ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶᠠᠨ ᠳᠠᠷᠤᠭ᠎ᠠ | ᠬᠤᠸᠠᠩ ᠺᠠᠢ ᠵᠢᠶᠦ᠋ᠨ ᠬᠡᠯᠡᠪᠡ᠃ | |