2 ᠳ᠋ᠤᠭᠠᠷ ᠰᠠᠷ᠎ᠠ ᠶᠢᠨ 24 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠳ᠋ᠠ ᠳ᠋ᠧ ᠾᠧᠩ ᠵᠡᠭᠡᠯᠢ ᠭᠤᠳᠤᠮᠵᠢ ᠶᠢᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ | ᠵᠢᠭᠠᠨ ᠵᠢᠯᠣᠭᠤᠳᠬᠤ ᠳᠤ ᠣᠷᠣᠯᠴᠠᠪᠠ᠃ | ᠬᠤᠷᠠᠯ ᠠᠴᠠ ᠳ᠋ᠠ ᠳ᠋ᠧ ᠾᠧᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ | ᠲᠤᠰ ᠤᠳᠠᠭ᠎ᠠ ᠶᠢᠨ ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ | ᠮᠡᠳᠡᠭᠳᠡᠪᠡ᠃ ᠳ᠋ᠠ ᠳ᠋ᠧ ᠾᠧᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠰᠢ | ᠴᠢᠩ ᠨᠠᠮ ᠤᠨ ᠠᠵᠢᠯᠯᠠᠬᠤ ᠬᠤᠷᠢᠶ᠎ᠠ ᠶᠢᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠪᠠ᠃ | ᠳᠠᠷᠠᠭ᠎ᠠ ᠨᠢ ᠪᠠᠭ ᠤᠨ ᠭᠡᠰᠢᠭᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠭᠰᠠᠨ ᠪᠥᠭᠡᠳ ᠬᠠᠷᠢᠯᠴᠠᠨ | ᠰᠢᠭᠦᠮᠵᠢᠯᠡᠯ ᠬᠢᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠱᠠᠩ ᠶᠦᠩ ᠵᠧᠨ ᠦᠨᠡᠯᠡᠯᠲᠡ ᠬᠢᠪᠡ᠃ | ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠭᠠᠢ ᠯᠢᠶᠠᠨ ᠢᠦᠢ᠂ ᠡᠨᠡ | ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠶᠠᠰᠤ ᠴᠢᠨᠠᠷ ᠨᠡᠯᠢᠶᠡᠳ ᠥᠨᠳᠥᠷ ᠪᠠᠶᠢᠵᠤ᠂ ᠤᠯᠠᠨ ᠤ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠠᠰᠠᠭᠤᠳᠠᠯ ᠤᠨ | ᠵᠠᠳᠠᠯᠤᠯᠲᠠ ᠨᠢ ᠭᠦᠨᠵᠡᠭᠡᠶ ᠪᠠᠶᠢᠵᠤ᠂ ᠰᠢᠭᠦᠮᠵᠢᠯᠡᠯ ᠨᠢ ᠦᠨᠡᠨᠴᠢ ᠰᠢᠳᠤᠷᠭᠤ᠂ ᠠᠷᠭ᠎ᠠ ᠬᠡᠮᠵᠢᠶ᠎ᠡ ᠨᠢ ᠪᠣᠳᠠᠲᠠᠶ ᠶᠢ | ᠡᠷᠬᠢᠮᠯᠡᠭᠰᠡᠨ ᠪᠥᠭᠡᠳ ᠬᠡᠷᠡᠭᠵᠢᠭᠦᠯᠵᠦ ᠪᠣᠯᠬᠤᠶᠢᠴᠠ ᠪᠠᠶᠢᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠪᠦᠯᠬᠦᠮᠳᠡᠯ ᠢᠶᠠᠨ | ᠴᠢᠩᠭᠠᠳᠬᠠᠬᠤ᠂ ᠴᠢᠭᠯᠡᠯ ᠢᠶᠠᠨ ᠲᠣᠳᠣᠷᠬᠠᠶᠢᠯᠠᠬᠤ᠂ ᠠᠵᠢᠯ ᠢᠶᠠᠨ ᠠᠬᠢᠭᠤᠯᠬᠤ ᠵᠢᠱᠢᠭᠰᠡᠨ ᠵᠣᠷᠢᠯᠭ᠎ᠠ ᠳᠠᠭᠠᠨ ᠬᠦᠷᠴᠡᠢ | ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠠᠳᠬᠤᠵᠤ᠂ ᠡᠨᠡ | ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠳ᠋ᠦᠩᠨᠡᠵᠦ᠂ | ᠰᠠᠶᠢᠲᠤᠷ ᠬᠡᠷᠡᠭᠯᠡᠬᠦ ᠬᠡᠷᠡᠭᠲᠡᠢ ᠭᠡᠪᠡ᠃ | ᠭᠠᠢ ᠯᠢᠶᠠᠨ ᠢᠦᠢ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠥᠭᠵᠢᠯᠲᠡ ᠶᠢᠨ ᠰᠠᠭᠤᠷᠢ ᠮᠠᠰᠢ ᠰᠠᠶᠢᠨ᠂ | ᠬᠤᠳᠠ ᠬᠥᠳᠡᠭᠡ ᠶᠢ ᠬᠠᠮᠲᠤᠪᠠᠷ ᠠᠭᠤᠰᠤᠯᠴᠠᠭᠤᠯᠤᠨ ᠬᠥᠭᠵᠢᠭᠦᠯᠬᠦ ᠬᠤᠰᠢᠭᠤᠴᠢ ᠪᠤᠯᠵᠤ᠂ ᠭᠤᠷᠪᠠᠨ ᠠᠵᠤ | ᠦᠢᠯᠡᠰ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠢ | ᠠᠭᠤᠰᠤᠯᠴᠠᠭᠤᠯᠬᠤ ᠵᠡᠷᠭᠡ ᠲᠠᠯ᠎ᠠ ᠶᠢᠨ ᠲᠣᠭᠤᠷᠢᠨ ᠳᠤ ︽ᠠᠵᠤ ᠦᠢᠯᠡᠰ ᠢᠶᠠᠷ ᠬᠤᠳᠠ ᠶᠢ ᠬᠥᠭᠵᠢᠭᠦᠯᠬᠦ᠂ | ᠬᠤᠳᠠ ᠪᠠᠷ ᠬᠥᠮᠦᠨ ᠢ ᠨᠢᠭᠲᠠᠷᠠᠭᠤᠯᠬᠤ︾ ᠶᠠᠪᠤᠳᠠᠯ ᠢ ᠰᠠᠶᠢᠲᠤᠷ ᠰᠦᠪᠡᠭᠴᠢᠯᠡᠬᠦ ᠬᠡᠷᠡᠭᠲᠡᠢ᠃ ᠠᠷᠠᠳ ᠤᠨ | ᠠᠮᠢᠳᠤᠷᠠᠯ ᠤᠨ ᠪᠤᠶᠠᠨ ᠬᠡᠰᠢᠭ ᠢ ᠭᠦᠨᠵᠡᠭᠡᠢ ᠮᠡᠳᠡᠷᠡᠭᠦᠯᠵᠦ ᠬᠦᠮᠦᠰ ᠤᠨ ᠰᠡᠳᠭᠢᠯ ᠢ ᠳᠤᠯᠠᠭᠠᠴᠠᠭᠤᠯᠬᠤ ᠬᠥᠮᠦᠨ | ᠪᠣᠯᠬᠤ ᠪᠠᠷ ᠴᠢᠷᠮᠠᠶᠢᠵᠤ᠂ ᠠᠵᠤ ᠦᠢᠯᠡᠰ ᠤᠨ ᠲᠥᠪᠯᠡᠷᠡᠯ ᠤᠨ ᠭᠠᠵᠠᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ | ᠂ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ︽ᠪᠢ ᠤᠯᠠᠨ | ᠲᠦᠮᠡᠨ ᠤ ᠲᠥᠯᠥᠭᠡ ᠠᠵᠢᠯ ᠡᠷᠢᠬᠦ︾ ᠶᠢ ᠭᠦᠨᠵᠡᠭᠡᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ︔ ᠴᠢᠳᠠᠮᠠᠭᠠᠢ ᠪᠠᠷ ᠵᠠᠰᠠᠬᠤ ᠲᠦᠪᠰᠢᠨ ᠢᠶᠠᠨ ᠳᠡᠭᠡᠭᠰᠢᠯᠡᠭᠦᠯᠵᠦ᠂ ︽ | ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠭᠰᠢᠯᠠᠬᠤ︾ ᠤᠯᠠᠨ | ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠰᠠᠬᠢᠯᠭ᠎ᠠ ᠪᠠᠲᠤ ᠣᠪᠣᠷ ᠰᠤᠷᠲᠠᠯ ᠤᠨ | ᠲᠠᠯ᠎ᠠ ᠪᠠᠷ ᠪᠠᠲᠤ ᠴᠢᠩᠭ᠎ᠠ ᠦᠢᠯᠡᠳᠦᠯᠭᠡᠵᠢᠭᠦᠯᠦᠭᠴᠢ ᠪᠣᠯᠵᠤ᠂ ︽ᠪᠤᠢ ᠪᠣᠯᠭᠠᠬᠤ ᠳᠡᠭᠡᠭᠰᠢᠯᠡᠭᠦᠯᠬᠦ ᠲᠡᠮᠡᠴᠡᠬᠦ︾ | ᠦᠷ᠎ᠡ ᠪᠦᠲᠦᠮᠵᠢ ᠶᠢ ᠡᠯ᠎ᠡ ᠵᠦᠢᠯ ᠤᠨ ᠠᠵᠢᠯ ᠢ ᠬᠡᠮᠵᠢᠬᠦ ᠪᠠᠷᠢᠮᠵᠢᠶ᠎ᠠ ᠪᠣᠯᠭᠠᠵᠤ᠂ ᠲᠤᠭᠤᠷᠢᠭ ᠤᠨ ᠨᠠᠮ ᠤᠨ | ᠬᠤᠷᠢᠶ᠎ᠠ ᠶᠢᠨ ︽ᠶᠢᠰᠦᠨ ᠵᠦᠢᠯ ᠤᠨ ᠠᠵᠢᠯᠯᠠᠭ᠎ᠠ︾ ᠶᠢᠨ ᠠᠶᠠᠯᠠᠯ ᠤᠨ ᠱᠤᠭᠤᠮ ᠪᠠ ᠵᠠᠰᠠᠭ ᠤᠨ ᠣᠷᠳᠣᠨ ᠤ ︽ | ᠲᠠᠪᠤᠨ ᠲᠠᠯ᠎ᠠ ᠶᠢᠨ | ᠰᠢᠪᠲᠤᠯᠤᠯᠲᠠ︾ ᠶᠢᠨ ᠪᠠᠶᠢᠯᠳᠤᠭᠠᠨ ᠤ ᠲᠤᠬᠢᠷᠠᠭᠤᠯᠤᠯᠳᠠ ᠶᠢᠨ ᠲᠣᠭᠤᠷᠢᠨ ᠳᠤ᠂ ᠦᠵᠡᠯ ᠰᠠᠨᠠᠭ᠎ᠠ ᠪᠠᠨ ᠤᠯᠠᠮ | ᠨᠢᠭᠡ ᠠᠯᠬᠤᠮ ᠴᠢᠯᠥᠭᠡᠯᠡᠵᠦ᠂ ᠵᠣᠷᠢᠭ ᠰᠠᠨᠠᠭ᠎ᠠ ᠪᠠᠨ ᠬᠥᠪᠴᠢᠯᠡᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠪᠣᠳᠠᠲᠠᠶ ᠠᠳᠬᠤᠨ ᠪᠦᠲᠦᠭᠡᠵᠦ᠂ ᠠᠵᠢᠯ ᠬᠢᠵᠦ ᠦᠢᠯᠡᠰ ᠴᠣᠭᠴᠠᠯᠠᠬᠤ ᠳᠤᠮᠳᠠ ᠨᠢᠭᠡᠨ ᠰᠠᠯᠠᠭ᠎ᠠ ᠴᠢᠳᠠᠪᠤᠷᠢ ᠪᠥᠬᠦ | ᠲᠠᠯ᠎ᠠ ᠶᠢᠨ᠂ ᠬᠡᠪ ᠴᠢᠨᠠᠷ ᠴᠢᠩᠭ᠎ᠠ᠂ ᠣᠪᠣᠷ ᠰᠤᠷᠲᠠᠯ ᠯᠠᠪᠳᠠᠭᠤᠨ ᠪᠠᠲᠤᠲᠠᠶ ᠦᠨᠳᠦᠰᠦᠨ ᠱᠠᠲᠤᠨ ᠤ ᠺᠠᠳ᠋ᠷ ᠤᠨ | ᠡᠩᠨᠡᠭᠡ ᠶᠢ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | |