ᠡᠷᠡᠮᠡᠭᠡᠶᠢᠯᠡᠨ ᠲᠠᠪᠰᠢᠬᠤ ᠬᠠᠪᠤᠷ ᠤᠨ ᠤᠯᠠᠷᠢᠯ — ᠠᠵᠢᠯ ᠡᠬᠢᠯᠡᠭᠦᠯᠦᠨ ᠦᠢᠯᠡᠳᠪᠦᠷᠢᠯᠡᠯ ᠢᠶᠠᠨ ᠰᠡᠷᠭᠦᠭᠡᠬᠦ ᠬᠠᠨᠳᠤᠰᠢ ᠰᠠᠶᠢᠨ  ᠰᠢᠨᠬᠤᠸᠠ ᠬᠤᠷᠢᠶᠠᠨ ᠤ ᠦᠪᠦᠷ ᠮᠤᠩᠭᠤᠯ ᠤᠨ ᠬᠤᠪᠢᠶᠠᠷᠢ ᠬᠤᠷᠢᠶ᠎ᠠ ᠶᠢᠨ ᠰᠤᠷᠪᠤᠯᠵᠢᠯᠠᠬᠤ ᠪᠦᠯᠬᠦᠮ ᠰᠢᠭᠤᠶᠢᠲᠤ ᠲᠣᠭᠤᠷᠢᠭ ᠲᠤ ᠢᠷᠡᠪᠡ
ᠨᠡᠶᠢᠲᠡᠯᠡᠭᠰᠡᠨ ᠴᠠᠭ᠄
2025/3/13
        2 ᠳ᠋ᠤᠭᠠᠷ ᠰᠠᠷ᠎ᠠ ᠶᠢᠨ 21 ᠤ ᠡᠳᠦᠷ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠳᠡᠳ᠋ ᠳᠠᠷᠤᠭ᠎ᠠ ᠶᠢᠨ ᠶᠣᠣ ᠨᠠᠷ ᠪᠤᠭᠤᠲᠤ ᠬᠤᠳᠠ ᠶᠢᠨ ᠲᠡᠦᠬᠡ ᠰᠣᠶᠣᠯ ᠪᠣᠯᠤᠨ ᠠᠵᠤ ᠠᠬᠤᠢ ᠶᠢᠨ ᠬᠥᠭᠵᠢᠯᠲᠡ ᠵᠡᠷᠭᠡ ᠭᠤᠣᠯ ᠰᠡᠳᠦᠪ ᠤᠨ ᠲᠣᠭᠤᠷᠢᠨ ᠳᠤ ᠰᠢᠭᠤᠶᠢᠲᠤ ᠲᠣᠭᠤᠷᠢᠭ ᠲᠤ ᠬᠦᠷᠴᠦ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠪᠡ᠃
1.jpg
        ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶᠠᠨ ᠤ ᠳᠡᠳ᠋ ᠶᠡᠷᠦᠩᠬᠡᠶ ᠨᠠᠶᠢᠷᠠᠭᠤᠯᠤᠭᠴᠢ ᠢᠦᠶ ᠵᠢᠶᠠ᠂ ᠲᠠᠭᠤ ᠳᠦᠷᠰᠦ ᠰᠢᠩᠭᠡᠭᠡᠯᠲᠡ ᠶᠢᠨ ᠰᠤᠷᠪᠤᠯᠵᠢᠯᠠᠬᠤ ᠬᠡᠯᠲᠡᠰ ᠤᠨ ᠡᠷᠬᠢᠯᠡᠭᠴᠢ ᠫᠧᠩ ᠶᠤᠸᠠᠨ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠰᠣᠨᠢᠨ ᠮᠡᠳᠡᠭᠡᠨ ᠤ ᠰᠠᠯᠠᠭᠠᠨ ᠤ ᠳᠠᠷᠤᠭ᠎ᠠ ᠰᠦᠨ ᠪᠢᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠥᠩ ᠵᠣᠣ ᠬᠤᠸᠠ ᠣᠷᠣᠯᠴᠠᠵᠠᠶ᠃
2.jpg
        ᠶᠢᠨ ᠶᠣᠣ ᠨᠠᠷ ᠤᠷᠢᠳ ᠬᠤᠵᠢᠳ ᠮᠢᠩ ᠶᠠᠩ ᠰᠢᠨ᠎ᠡ ᠡᠨᠧᠷᠭᠢ ᠶᠢᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠹᠧᠩ ᠳ᠋ᠦ᠋ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠰᠢᠶᠧ ᡁᠢ ᠰᠢᠨ᠎ᠡ ᠶᠢ ᠡᠭᠦᠳᠬᠦ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠢᠴᠢ ︽ᠳ᠋ᠠ ᠹᠠ 1913︾ ᠤᠨᠴᠠᠯᠢᠬᠳᠤ ᠲᠡᠦᠬᠡ ᠰᠣᠶᠣᠯ ᠤᠨ ᠵᠡᠭᠡᠯᠢ ᠲᠣᠭᠤᠷᠢᠭ ᠲᠤ ᠬᠦᠷᠴᠦ ᠲᠣᠭᠤᠷᠢᠨ ᠦᠵᠡᠵᠦ ᠰᠤᠷᠪᠤᠯᠵᠢᠯᠠᠵᠤ᠂ ᠡᠯ᠎ᠡ ᠠᠵᠤ ᠠᠬᠤᠶᠢᠯᠠᠯ ᠤᠨ ᠴᠠᠭᠠᠨ ᠰᠠᠷ᠎ᠠ ᠥᠩᠭᠡᠷᠡᠭᠰᠡᠨ ᠤ ᠳᠠᠷᠠᠭᠠᠬᠢ ᠠᠵᠢᠯ ᠢᠶᠠᠨ ᠡᠬᠢᠯᠡᠭᠦᠯᠦᠨ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ᠂ ᠵᠠᠬᠢᠶᠠᠯᠠᠭ᠎ᠠ ᠶᠢᠨ ᠬᠡᠮᠵᠢᠶ᠎ᠡ᠂ ᠦᠢᠯᠡᠳᠪᠦᠷᠢᠯᠡᠯ ᠤᠨ ᠮᠡᠷᠭᠡᠵᠢᠯ ᠪᠣᠯᠤᠨ ᠶᠠᠪᠤᠴᠠ ᠶᠢᠨ ᠰᠢᠨ᠎ᠡ ᠶᠢ ᠡᠭᠦᠳᠦᠭᠰᠡᠨ ᠵᠢᠴᠢ ᠬᠤᠶᠢᠰᠢᠳᠠ ᠶᠢᠨ ᠨᠢᠭᠡ ᠵᠢᠯ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠭᠦᠨᠵᠡᠭᠡᠢ ᠣᠶᠢᠯᠠᠭᠠᠪᠠ᠃        ᠦᠢᠯᠡᠳᠪᠦᠷᠢ ᠶᠢᠨ ᠲᠠᠰᠤᠭ ᠲᠤ᠂ ᠦᠢᠯᠡᠳᠪᠦᠷᠢᠯᠡᠬᠦ ᠮᠠᠰᠢᠨ ᠤ ᠬᠦᠩᠭᠢᠨᠡᠮ᠎ᠡ ᠲᠠᠭᠤᠨ ᠨᠢᠵᠢᠭᠢᠨᠡᠵᠦ᠂ ᠰᠤᠷᠪᠤᠯᠵᠢᠯᠠᠬᠤ ᠪᠦᠯᠬᠦᠮ ᠤᠨ ᠬᠢᠨ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠬᠠᠢ ᠮᠡᠷᠭᠡᠵᠢᠯ ᠤᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠲᠦᠷᠦᠯ ᠵᠦᠢᠯ ᠤᠨ ᠠᠬᠢᠴᠠ ᠵᠡᠷᠭᠡ ᠰᠣᠨᠢᠨ ᠮᠡᠳᠡᠭᠡᠨ ᠤ ᠰᠦᠪᠡᠭᠴᠢ ᠶᠢ ᠭᠦᠨᠵᠡᠭᠡᠢ ᠠᠭᠤᠳᠠᠯᠬᠤ ᠶᠢᠨ ᠬᠠᠮᠲᠤ᠂ ᠭᠡᠷᠡᠯ ᠵᠢᠷᠤᠭ᠂ ᠦᠰᠦᠭ ᠪᠢᠴᠢᠭ ᠵᠡᠷᠭᠡ ᠬᠡᠯᠪᠡᠷᠢ ᠪᠠᠷ ᠨᠠᠷᠢᠨ ᠬᠢᠨᠠᠮᠠᠭᠠᠢ ᠲᠡᠮᠳᠡᠭᠯᠡᠵᠦ᠂ ᠲᠤᠬᠠᠢ ᠶᠢᠨ ᠭᠠᠵᠠᠷ ᠤᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠵᠢᠴᠢ ᠬᠥᠭᠵᠢᠯᠲᠡ ᠶᠢᠨ ᠬᠠᠨᠳᠤᠰᠢ ᠶᠢ ᠶᠡᠭᠡ ᠪᠠᠷ ᠮᠡᠳᠡᠷᠡᠪᠡ᠃
3.jpg
        ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ᠂ ᠰᠢᠭᠤᠶᠢᠲᠤ ᠲᠣᠭᠤᠷᠢᠭ ᠠᠵᠢᠯ ᠡᠬᠢᠯᠡᠭᠦᠯᠦᠨ ᠦᠢᠯᠡᠳᠪᠦᠷᠢᠯᠡᠯ ᠢᠶᠠᠨ ᠰᠡᠷᠭᠦᠭᠡᠬᠦ ᠥᠷᠨᠢᠯᠲᠡ ᠭᠠᠷᠪᠠ᠃ ᠡᠯ᠎ᠡ ᠠᠵᠤ ᠠᠬᠤᠶᠢᠯᠠᠯ ᠨᠢᠭᠡ ᠳᠠᠷᠤᠪᠴᠢ ᠪᠠᠷ ︽ᠠᠮᠠᠷᠠᠯᠲᠠ ᠶᠢᠨ ᠬᠤᠭᠤᠴᠠᠭᠠᠨ ᠤ ᠵᠠᠭᠪᠤᠷ︾ ᠢᠶᠠᠨ ᠰᠣᠯᠢᠵᠤ᠂ ︽ᠠᠵᠢᠯ ᠤᠨ ᠪᠠᠶᠢᠳᠠᠯ︾ ᠳᠤ ᠪᠠᠨ ᠦᠳᠲᠡᠷ ᠲᠦᠷᠭᠡᠨ ᠣᠷᠣᠵᠤ᠂ ᠵᠣᠷᠢᠭᠲᠠᠶ ᠪᠠᠷ ᠭᠠᠪᠰᠢᠭᠠᠶᠢᠯᠠᠨ ᠤᠷᠤᠭᠰᠢᠯᠠᠬᠤ ᠡᠷᠴᠢ ᠵᠣᠷᠢᠭ ᠢᠶᠠᠷ ᠦᠢᠯᠡᠳᠪᠦᠷᠢᠯᠡᠯ ᠢ ᠬᠦᠴᠦᠯᠡᠨ ᠠᠳᠬᠤᠵᠤ᠂ ᠡᠷᠴᠢ ᠵᠣᠷᠢᠭ ᠢᠶᠠᠨ ᠬᠥᠪᠴᠢᠯᠡᠨ ᠰᠢᠨ᠎ᠡ ᠶᠢ ᠡᠭᠦᠳᠬᠦ ᠪᠠᠶᠢᠳᠠᠯ ᠢ ᠪᠣᠶ ᠪᠣᠯᠭᠠᠵᠤ᠂ ᠠᠵᠤ ᠠᠬᠤᠶ ᠶᠢᠨ ᠥᠷᠨᠢᠩᠭᠦᠶ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠵᠤ᠂ ᠭᠠᠵᠠᠷ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠠᠭ ᠨᠠᠩ ᠥᠷᠭᠡᠨ ᠠᠭᠤᠳᠠᠮ ᠰᠢᠨ᠎ᠡ ᠣᠷᠣᠨ ᠵᠠᠶ ᠲᠡᠶᠢᠰᠢ ᠤᠷᠤᠭᠰᠢᠯᠠᠵᠤ ᠪᠠᠶᠢᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号